ᠦᠴᠦᠸᠠᠨ ᠰᠢᠶᠠᠨ ᠵᠢᠩᠬᠢᠨᠢ ᠪᠠᠷ ︽ᠬᠤᠶᠠᠷ ᠬᠤᠷᠠᠯ︾ ᠤᠨ ᠴᠠᠭ ᠲᠤ ᠣᠷᠣᠪᠠ  ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠡᠨᠡ ᠡᠳᠦᠷ ᠨᠡᠷ᠎ᠡ ᠮᠡᠳᠡᠭᠦᠯᠦᠨ᠎ᠡ︕
ᠨᠡᠶᠢᠲᠡᠯᠡᠭᠰᠡᠨ ᠴᠠᠭ᠄
2025/1/8
     ᠬᠦᠰᠡᠯ ᠡᠷᠡᠮᠡᠯᠵᠡᠯ ᠪᠠ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠤᠯᠤᠰ ᠲᠦᠷᠦ ᠶᠢᠨ ᠵᠥᠪᠯᠡᠯᠭᠡᠨ ᠤ ᠦᠴᠦᠸᠠᠨ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ 1 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ ᠬᠤᠷᠠᠯ ᠤᠨ ᠰᠠᠭᠤᠭ᠎ᠠ ᠭᠠᠵᠠᠷ ᠲᠤ ᠵᠠᠯᠭᠠᠭ᠎ᠠ ᠪᠠᠷ ᠬᠦᠷᠴᠦ᠂ ᠶᠡᠭᠡ ᠬᠤᠷᠠᠯ ᠳᠤ ᠨᠡᠷ᠎ᠡ ᠮᠡᠳᠡᠭᠦᠯᠦᠨ᠎ᠡ᠂ ᠡᠨᠡ  ᠨᠢ ᠪᠠᠰᠠ ᠦᠴᠦᠸᠠᠨ ᠰᠢᠶᠠᠨ ᠤ ︽ᠬᠤᠶᠠᠷ ᠬᠤᠷᠠᠯ︾ ᠤᠨ ᠴᠠᠭ ᠲᠤ ᠵᠢᠩᠬᠢᠨᠢ ᠪᠠᠷ ᠣᠷᠣᠭᠰᠠᠨ ᠢ ᠬᠠᠷᠠᠭᠤᠯᠵᠤ ᠪᠠᠶᠢᠨ᠎ᠠ᠃ ᠳᠠᠷᠠᠭᠠᠴᠢ ᠶᠢᠨ ᠬᠤᠷᠠᠯ ᠤᠨ ᠬᠤᠭᠤᠴᠠᠭᠠᠨ ᠳᠤ᠂ ᠲᠡᠳᠡ ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠬᠠᠯᠠᠭᠤᠨ ᠰᠡᠳᠬᠢᠯᠭᠡ ᠪᠣᠯᠣᠨ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠲᠠᠢ ᠰᠡᠳᠬᠢᠯ ᠵᠢᠷᠦᠬᠡ ᠪᠠᠨ ᠬᠤᠯᠪᠣᠵᠤ᠂ ᠦᠴᠦᠸᠠᠨ ᠰᠢᠶᠠᠨ ᠤ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠳᠤ ᠢᠳᠡᠪᠬᠢᠲᠡᠢ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠪᠣᠯᠣᠨ᠎ᠠ᠃
      ᠨᠡᠷ᠎ᠡ ᠮᠡᠳᠡᠭᠦᠯᠬᠦ ᠲᠤᠬᠠᠢ ᠶᠢᠨ ᠲᠠᠯᠠᠪᠠᠢ ᠲᠣᠪᠴᠢ ᠠᠪᠰᠠᠷᠬᠠᠨ ᠪᠥᠭᠡᠳ ᠡᠮᠬᠢ ᠳᠢᠭᠯᠢᠮ ᠲᠠᠢ ᠪᠠᠶᠢᠯ᠎ᠠ᠃ ᠠᠵᠢᠯᠲᠠᠳ ᠬᠠᠯᠠᠭᠤᠮᠰᠤᠭ ᠢᠶᠠᠷ ᠭᠡᠰᠢᠭᠦᠳ ᠢ ᠬᠥᠲᠥᠯᠥᠨ ᠵᠢᠯᠤᠭᠤᠳᠴᠤ ᠪᠠᠶᠢᠭᠠᠳ ᠡᠯ᠎ᠡ ᠵᠦᠢᠯ ᠤᠨ ᠭᠠᠷᠳᠠᠮ ᠢ ᠡᠮᠬᠢ ᠵᠠᠮᠪᠠᠷᠠᠭ᠎ᠠ ᠲᠠᠢ ᠪᠠᠷ ᠭᠦᠢᠴᠡᠳᠬᠡᠵᠦ᠂ ᠬᠤᠷᠠᠯ ᠤᠨ ᠮᠠᠲ᠋ᠧᠷᠢᠶᠠᠯ ᠢ ᠠᠪᠴᠤ᠂ ᠭᠤᠭᠴᠤᠭ᠎ᠠ ᠨᠢᠭᠡᠪᠦᠷᠢ ᠴᠥᠮ ᠥᠨᠳᠥᠷ ᠪᠦᠲᠦᠮᠵᠢᠲᠡᠶ ᠪᠥᠭᠡᠳ ᠤᠷᠤᠭᠰᠢᠲᠠᠢ᠃ ᠭᠡᠰᠢᠭᠦᠳ ᠴᠤᠭ ᠵᠢᠪᠬᠤᠭ᠎ᠠ ᠪᠠᠳᠠᠷᠠᠩᠭᠤᠢ ᠪᠠᠶᠢᠵᠤ᠂ ᠨᠡᠷ᠎ᠡ ᠮᠡᠳᠡᠭᠦᠯᠬᠦ ᠶᠠᠪᠤᠴᠠ ᠪᠠᠨ ᠪᠡᠶᠡᠯᠡᠭᠦᠯᠦᠭᠰᠡᠨ ᠤ ᠲᠠᠷᠠᠭ᠎ᠠ᠂ ᠴᠥᠭᠡᠨ ᠪᠤᠰᠤ ᠭᠡᠰᠢᠭᠦᠳ ᠬᠤᠷᠠᠯ ᠤᠨ ᠮᠠᠲ᠋ᠧᠷᠢᠶᠠᠯ ᠢ ᠰᠢᠨᠲᠠᠷᠠᠰᠢ ᠦᠭᠡᠢ ᠤᠷᠪᠠᠭᠤᠯᠤᠨ ᠦᠵᠡᠵᠦ᠂ ᠬᠤᠷᠠᠯ ᠤᠨ ᠵᠥᠪᠯᠡᠬᠦ ᠵᠦᠢᠯ ᠪᠠ ᠬᠤᠯᠪᠣᠭᠳᠠᠯ ᠪᠦᠬᠦᠢ ᠲᠣᠬᠢᠷᠠᠭᠤᠯᠤᠯᠲᠠ ᠶᠢ ᠣᠶᠢᠯᠠᠭᠠᠵᠤ᠂ ᠠᠩᠬᠠᠷᠤᠯ ᠢᠶᠠᠨ ᠲᠥᠪᠯᠡᠷᠡᠭᠦᠯᠵᠦ᠂ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠬᠤᠷᠠᠯ ᠳᠤ ᠬᠦᠰᠡᠯ ᠡᠷᠡᠮᠡᠯᠵᠡᠯ ᠳᠦᠭᠦᠷᠡᠩ ᠪᠠᠶᠢᠯ᠎ᠠ᠃
     ᠳᠠᠷᠠᠭᠠᠴᠢ ᠶᠢᠨ ᠬᠤᠭᠤᠴᠠᠭᠠᠨ ᠳᠤ᠂ ᠭᠡᠰᠢᠭᠦᠳ ᠶᠡᠭᠡ ᠬᠤᠷᠠᠯ ᠤᠨ ᠡᠯ᠎ᠡ ᠵᠦᠢᠯ ᠤᠨ ᠵᠥᠪᠯᠡᠬᠦ ᠵᠦᠢᠯ ᠤᠨ ᠲᠣᠭᠤᠷᠢᠨ ᠳᠤ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠡᠭᠦᠷᠭᠡ ᠴᠢᠳᠠᠪᠤᠷᠢ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠮᠡᠳᠡᠭᠦᠯᠦᠯᠲᠡ ᠶᠢ ᠰᠣᠨᠣᠰᠬᠤ᠂ ᠳᠤᠭᠤᠶᠢᠯᠠᠩ ᠬᠤᠪᠢᠶᠠᠨ ᠶᠠᠷᠢᠯᠴᠠᠬᠤ ᠵᠡᠷᠭᠡ ᠬᠡᠯᠪᠡᠷᠢ ᠪᠠᠷ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤᠪᠠᠷ ᠵᠥᠪᠯᠡᠵᠦ᠂ ᠦᠴᠦᠸᠠᠨ ᠰᠢᠶᠠᠨ ᠤ ᠨᠡᠩ ᠰᠠᠶᠢᠨ ᠰᠠᠶᠢᠬᠠᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠵᠢᠷᠤᠭᠯᠠᠬᠤ ᠪᠣᠯᠣᠨ᠎ᠠ᠃ ︵ᠦᠴᠦᠸᠠᠨ ᠤ ᠬᠠᠮ ᠵᠠᠭᠤᠴᠢᠯᠠᠭᠤᠷ ᠤᠨ ᠶᠡᠷᠦᠩᠬᠡᠶᠢᠯᠡᠭᠰᠡᠨ ᠮᠡᠳᠡᠭᠡᠯᠡᠯ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号