ᠣᠯᠠᠨ ᠭᠠᠵᠠᠷ ᠤᠨ ᠬᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠨᠥᠭᠡᠴᠡ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠥᠭᠡᠮ | ᠢᠶᠠᠷ ᠪᠠᠭᠤᠷᠠᠭᠤᠯᠪᠠ | ᠣᠶᠢᠷ᠎ᠠ ᠳᠤ ᠪᠦᠭᠦ ᠤᠯᠤᠰ ᠤᠨ ᠣᠯᠠᠨ ᠭᠠᠵᠠᠷ ᠲᠤ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠲᠣᠬᠢᠷᠠᠭᠤᠯᠤᠨ ᠰᠢᠯᠢᠳᠡᠭᠵᠢᠭᠦᠯᠵᠦ᠂ | ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠨ᠂ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ | ᠳᠡᠭᠡᠭᠰᠢᠯᠡᠭᠦᠯᠵᠦ᠂ ᠭᠠᠷᠭᠠᠨ ᠠᠪᠬᠤ ᠨᠥᠬᠦᠴᠡᠯ ᠢ ᠠᠭᠤᠵᠢᠭᠤ ᠪᠣᠯᠭᠠᠪᠠ᠃ 2025 ᠣᠨ ᠤ 1 ᠰᠠᠷ᠎ᠠ ᠶᠢᠨ 1 ᠤ | ᠡᠳᠦᠷ ᠠᠴᠠ ᠡᠬᠢᠯᠡᠨ᠂ ᠨᠥᠭᠡᠴᠡ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠨᠢᠭᠡᠨᠲᠡ ᠪᠥᠭᠡᠮ ᠢᠶᠠᠷ ᠪᠠᠭᠤᠷᠠᠭᠤᠯᠵᠤ᠂ ᠵᠢᠭᠡᠯᠡᠯᠭᠡ | ᠠᠪᠤᠭᠴᠢ ᠭᠤᠶᠤᠴᠢᠯᠠᠬᠤ ᠴᠢᠬᠤᠯᠠ ᠦᠭᠡᠢ ᠪᠣᠯᠵᠠᠢ᠃ | ᠲᠣᠰ ᠤᠳᠠᠭᠠᠨ ᠤ ᠨᠥᠭᠡᠴᠡ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠲᠣᠬᠢᠷᠠᠭᠤᠯᠬᠤ ᠪᠣᠯ | ᠥᠩᠭᠡᠷᠡᠭᠰᠡᠨ ᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠪᠣᠯᠣᠨ᠎ᠠ᠃ 2024 ᠣᠨ ᠤ 5 ᠰᠠᠷ᠎ᠠ ᠶᠢᠨ | 17 ᠤ ᠡᠳᠦᠷ᠂ ᠳᠤᠮᠳᠠᠳᠤ ᠤᠯᠤᠰ ᠤᠨ ᠠᠷᠠᠳ ᠤᠨ ᠪᠠᠩᠬᠢ ︽ᠬᠤᠪᠢ ᠬᠥᠮᠥᠨ ᠤ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ | ᠲᠤᠬᠠᠢ ᠮᠡᠳᠡᠭᠳᠡᠯ︾ ᠢ ᠨᠡᠶᠢᠲᠡᠯᠡᠵᠦ᠂ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ 0.25 ᠵᠠᠭᠤᠨ ᠤ ᠬᠤᠪᠢ | ᠪᠠᠭᠤᠷᠠᠭᠤᠯᠤᠨ᠎ᠠ ᠭᠡᠵᠦ ᠨᠡᠶᠢᠲᠡᠯᠡᠪᠡ᠃ ᠲᠣᠭᠲᠠᠭᠠᠯ ᠢ ᠦᠨᠳᠦᠰᠦᠯᠡᠪᠡᠯ᠂ ᠡᠭᠦᠨ ᠠᠴᠠ ᠡᠮᠦᠨ᠎ᠡ ᠨᠢᠭᠡᠨᠲᠡ | ᠲᠠᠷᠬᠠᠭᠠᠭᠰᠠᠨ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠨᠥᠭᠡᠴᠡ ᠵᠢᠭᠡᠯᠡᠯᠭᠡ ᠶᠢ 2025 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠰᠢᠨ᠎ᠡ ᠬᠦᠦ ᠮᠥᠩᠭᠦ ᠶᠢᠨ | ᠨᠣᠷᠮ᠎ᠠ ᠪᠠᠷ ᠬᠡᠷᠡᠭᠵᠢᠭᠦᠯᠦᠨ᠎ᠡ᠃ | ᠬᠦᠦ ᠮᠥᠩᠭᠦ ᠶᠢᠨ ᠨᠣᠷᠮ᠎ᠠ ᠳᠣᠷᠣᠭᠰᠢᠯᠠᠭᠰᠠᠨ ᠤ ᠳᠠᠷᠠᠭ᠎ᠠ᠂ ᠭᠡᠷ ᠬᠤᠳᠠᠯᠳᠤᠨ ᠠᠪᠤᠭᠴᠢ ᠰᠠᠷ᠎ᠠ ᠪᠦᠷᠢ | ᠬᠡᠳᠦᠢ ᠲᠥᠭᠦᠷᠢᠭ ᠪᠤᠴᠠᠭᠠᠬᠤ ᠪᠤᠢ︖ | ᠮᠡᠳᠡᠭᠳᠡᠯ ᠢ ᠦᠨᠳᠦᠰᠦᠯᠡᠪᠡᠯ᠂ 2024 ᠣᠨ ᠤ 5 ᠰᠠᠷ᠎ᠠ ᠶᠢᠨ 18 ᠤ ᠡᠳᠦᠷ ᠠᠴᠠ ᠡᠬᠢᠯᠡᠨ᠂ 5 ᠵᠢᠯ ᠠᠴᠠ | ᠳᠣᠷᠣᠭᠰᠢᠬᠢ ︵5 ᠵᠢᠯ ᠢ ᠪᠠᠭᠲᠠᠭᠠᠨ᠎ᠠ︶ ᠪᠠ 5 ᠵᠢᠯ ᠠᠴᠠ ᠳᠡᠭᠡᠭᠰᠢᠬᠢ ᠠᠩᠬᠠᠨ ᠤ ᠢᠵᠢ ᠬᠤᠪᠢ ᠬᠥᠮᠥᠨ ᠤ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ | ᠨᠣᠷᠮ᠎ᠠ ᠶᠢ ᠲᠣᠰ ᠲᠣᠰ 2.35% ᠪᠠ 2.85% ᠪᠣᠯᠭᠠᠨ ᠲᠣᠬᠢᠷᠠᠭᠤᠯᠵᠤ᠂ 5 ᠵᠢᠯ ᠠᠴᠠ ᠳᠣᠷᠣᠭᠰᠢ ︵5 ᠵᠢᠯ ᠢ | ᠪᠠᠭᠲᠠᠭᠠᠨ᠎ᠠ︶ ᠪᠠ 5 ᠵᠢᠯ ᠠᠴᠠ ᠳᠡᠭᠡᠭᠰᠢᠬᠢ ᠬᠤᠶᠠᠳᠤᠭᠠᠷ ᠢᠵᠢ ᠬᠤᠪᠢ ᠬᠥᠮᠥᠨ ᠤ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠲᠣᠰ ᠲᠣᠰ 2. | 775% ᠪᠠ 3.325% ᠠᠴᠠ ᠳᠣᠷᠣᠭᠰᠢ ᠦᠭᠡᠢ ᠪᠣᠯᠭᠠᠨ ᠲᠣᠬᠢᠷᠠᠭᠤᠯᠪᠠ᠃ | ᠳᠤᠮᠳᠠᠳᠤ ᠤᠯᠤᠰ ᠤᠨ ᠮᠢᠨ ᠱᠧᠩ ᠪᠠᠩᠬᠢ ᠶᠢᠨ ᠳᠡᠭᠡᠳᠦ ᠵᠡᠷᠭᠡ ᠶᠢᠨ ᠠᠵᠤ ᠠᠬᠤᠢ ᠶᠢᠨ ᠤᠬᠠᠭᠠᠨᠲᠠᠨ | ᠸᠧᠨ ᠪᠢᠨ ᠢᠯᠡᠷᠬᠡᠶᠢᠯᠡᠬᠦ ᠳᠡᠭᠡᠨ᠂ ᠵᠠᠬ᠎ᠠ ᠳᠡᠯᠭᠡᠭᠦᠷ ᠤᠨ ᠡᠮᠬᠢ ᠵᠢᠷᠤᠮ ᠦᠭᠡᠢ ᠥᠷᠢᠰᠦᠯᠳᠦᠭᠡᠨ ᠠᠴᠠ | ᠵᠠᠶᠢᠯᠠᠰᠬᠢᠬᠤ ᠶᠢᠨ ᠲᠥᠯᠥᠭᠡ᠂ ᠡᠯ᠎ᠡ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢᠭᠡ ᠲᠠᠯ᠎ᠠ ᠪᠠᠷ | ᠬᠤᠳᠠᠯᠳᠤᠭᠠᠨ ᠤ ᠵᠢᠭᠡᠯᠡᠯᠭᠡ ᠪᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ | ᠬᠤᠭᠤᠷᠣᠨᠳᠣᠭᠢ ᠵᠦᠢ ᠵᠣᠬᠢᠰᠲᠠᠢ ᠬᠦᠦ ᠮᠥᠩᠭᠦ ᠶᠢᠨ ᠵᠥᠷᠢᠶ᠎ᠡ ᠶᠢ ᠪᠠᠲᠤᠯᠠᠵᠤ᠂ ᠨᠥᠭᠦᠭᠡ ᠲᠠᠯ᠎ᠠ ᠪᠠᠷ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ | ᠰᠢᠨ᠎ᠡ ᠲᠥᠷᠥ ᠶᠢᠨ ᠪᠣᠳᠣᠯᠭ᠎ᠠ ᠨᠡᠶᠢᠲᠡᠯᠡᠵᠦ ᠭᠡᠷ ᠬᠤᠳᠠᠯᠳᠤᠨ ᠠᠪᠤᠭᠴᠢᠳ ᠢ ᠳᠡᠮᠵᠢᠬᠦ ᠡᠷᠴᠢᠮ ᠢᠶᠠᠨ | ᠴᠢᠩᠭᠠᠷᠠᠭᠤᠯᠪᠠ ᠭᠡᠯᠡ᠃ | | |