ᠣᠶᠢᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ | ᠰᠠᠨᠠᠯ︾ ︵ᠳᠣᠷᠣᠭᠰᠢ ︽ᠵᠢᠯᠤᠭᠤᠳᠬᠤ ᠰᠠᠨᠠᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃ | ︽ᠵᠢᠯᠤᠭᠤᠳᠬᠤ ᠰᠠᠨᠠᠯ︾ ᠳᠤ 7 ᠲᠠᠯ᠎ᠠ ᠶᠢᠨ 25 ᠵᠤᠷᠪᠤᠰ ᠠᠷᠭ᠎ᠠ ᠬᠡᠮᠵᠢᠶ᠎ᠡ ᠶᠢ ᠳᠤᠷᠠᠳᠴᠤ᠂ ᠨᠠᠩ ᠰᠢᠨᠵᠢᠯᠡᠬᠦ | ᠤᠬᠠᠭᠠᠨᠴᠢ ᠥᠨᠳᠥᠷ ᠪᠦᠲᠦᠮᠵᠢᠲᠡᠶ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ | ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ | ᠮᠥᠩᠭᠦ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠵᠣᠷᠢᠭᠰᠠᠨ ᠪᠠᠶᠢᠨ᠎ᠠ᠃ | ︽ᠵᠢᠯᠤᠭᠤᠳᠬᠤ ᠰᠠᠨᠠᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠵᠠᠰᠠᠭ ᠤᠨ ᠣᠷᠳᠣᠨ ᠤ | ᠬᠥᠲᠥᠯᠥᠨ ᠵᠢᠯᠤᠭᠤᠳᠬᠤ ᠪᠠ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠠᠶᠢᠷᠢ ᠲᠣᠭᠲᠠᠭᠠᠯᠲᠠ ᠶᠢ ᠳᠣᠪᠤᠶᠢᠯᠭᠠᠵᠤ᠂ | ᠵᠠᠬ᠎ᠠ ᠳᠡᠯᠭᠡᠭᠦᠷᠴᠢᠯᠡᠬᠦ᠂ ᠬᠠᠤᠯᠢᠵᠢᠭᠤᠯᠬᠤ᠂ ᠲᠤᠰᠬᠠᠶᠢᠵᠢᠭᠤᠯᠬᠤ ᠵᠠᠷᠴᠢᠮ ᠶᠣᠰᠣᠭᠠᠷ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ ᠶᠢ ᠵᠢᠷᠤᠮᠵᠢᠭᠤᠯᠤᠨ ᠠᠵᠢᠯᠯᠠᠭᠤᠯᠵᠤ᠂ ᠬᠦᠯᠢᠴᠡᠩᠭᠦᠢ ᠬᠥᠷᠥᠩᠭᠡ ᠶᠢ | ᠬᠥᠭᠵᠢᠭᠦᠯᠵᠦ᠂ ᠪᠣᠳᠠᠲᠤ ᠦᠷ᠎ᠡ ᠪᠦᠲᠦᠮᠵᠢ ᠶᠢ ᠪᠠᠳᠠᠷᠠᠭᠤᠯᠬᠤ ᠶᠢ ᠴᠢᠬᠤᠯᠠᠴᠢᠯᠠᠬᠤ ᠬᠡᠷᠡᠭᠲᠡᠢ᠃ ᠰᠠᠭᠤᠷᠢ ᠮᠥᠩᠭᠦ ᠶᠢᠨ | ᠪᠠᠶᠢᠷᠢᠰᠢᠭᠤᠯᠤᠯᠲᠠ ᠶᠢ ᠵᠣᠬᠢᠰᠲᠠᠢ ᠨᠢᠭᠡᠳᠦᠯᠲᠡᠢ ᠲᠥᠯᠥᠪᠵᠢᠭᠦᠯᠵᠦ᠂ ᠢᠵᠢᠯᠢᠰᠢᠬᠦ ᠥᠷᠢᠰᠦᠯᠳᠦᠭᠡᠨ ᠪᠠ ᠨᠡᠶᠢᠭᠡᠮ ᠤᠨ | ᠬᠥᠷᠥᠩᠭᠡ ᠶᠢ ᠰᠢᠬᠠᠨ ᠭᠠᠷᠭᠠᠬᠤ ᠦᠢᠯᠡᠳᠦᠯ ᠦᠵᠡᠭᠦᠯᠭᠦ ᠶᠢ ᠰᠡᠷᠭᠡᠶᠢᠯᠡᠨ᠎ᠡ᠃ ᠡᠷᠬᠡ ᠬᠠᠷᠢᠭᠤᠴᠠᠯᠭ᠎ᠠ ᠨᠢᠭᠡᠳᠦᠯᠲᠡᠢ᠂ | ᠤᠷᠮᠠᠰᠢᠭᠤᠯᠵᠤ ᠬᠢᠵᠠᠭᠠᠷᠯᠠᠬᠤ ᠬᠠᠷᠢᠯᠴᠠᠨ ᠵᠣᠬᠢᠴᠠᠯᠳᠤᠬᠤ ᠬᠠᠷᠢᠭᠤᠴᠠᠯᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ | ᠬᠡᠪᠴᠢᠶ᠎ᠡ ᠨᠢ ᠲᠣᠬᠢᠷᠠᠮᠵᠢᠲᠠᠢ᠂ ᠪᠠᠶᠢᠷᠢᠰᠢᠭᠤᠯᠤᠯᠲᠠ ᠨᠢ ᠵᠦᠢ ᠵᠣᠬᠢᠰᠲᠠᠢ᠂ ᠠᠵᠢᠯᠯᠠᠭᠠᠨ ᠨᠢ ᠵᠢᠷᠤᠮᠵᠢᠯ ᠲᠠᠢ᠂ | ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ᠂ ᠲᠦᠭᠰᠢᠭᠦᠷᠢ ᠶᠢ ᠡᠵᠡᠮᠳᠡᠵᠦ ᠪᠤᠯᠬᠤ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ ᠶᠢᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ︽ᠵᠢᠯᠤᠭᠤᠳᠬᠤ ᠰᠠᠨᠠᠯ︾ ᠳᠤ᠂ ᠨᠢᠭᠡ ᠳᠤ᠂ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠤᠯᠤᠰ ᠤᠨ | ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ᠃ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ | ᠭᠤᠣᠯᠳᠠᠯᠭ᠎ᠠ ᠲᠠᠢ ᠬᠦᠷᠢᠶ᠎ᠡ ᠪᠠ ᠵᠠᠬ᠎ᠠ ᠳᠡᠯᠭᠡᠭᠦᠷ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ ᠳᠡᠶᠢᠯᠭᠦ ᠦᠭᠡᠢ | ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠤᠯᠠᠨ ᠨᠡᠶᠢᠭᠡᠮ ᠤᠨ ᠬᠥᠷᠥᠩᠭᠡ ᠶᠢ ᠲᠠᠲᠠᠵᠤ | ᠣᠷᠣᠭᠤᠯᠤᠨ ᠲᠠᠶᠢᠴᠢᠯᠠᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠲᠡᠮᠵᠢᠵᠤ᠂ | ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠪᠴᠢᠯᠡᠨ ᠪᠣᠶᠢᠵᠢᠭᠤᠯᠤᠨ ᠬᠥᠭᠵᠢᠭᠦᠯᠬᠦ ᠬᠡᠷᠡᠭᠲᠡᠢ᠃ | ᠰᠠᠭᠤᠷᠢ ᠮᠥᠩᠭᠦ ᠶᠢᠨ ᠤᠷᠲᠤ ᠬᠤᠭᠤᠴᠠᠭᠠᠨ ᠤ ᠬᠥᠷᠥᠩᠭᠡ᠂ ᠬᠦᠯᠢᠴᠡᠩᠭᠦᠢ ᠬᠥᠷᠥᠩᠭᠡ ᠶᠢᠨ ᠦᠶᠡᠯᠡᠯ ᠠᠯᠤᠰᠯᠠᠬᠤ | ᠪᠠ ᠦᠶᠡᠯᠡᠯ ᠰᠥᠷᠬᠦ ᠲᠣᠬᠢᠷᠠᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠬᠤᠶᠠᠷ ᠲᠤ᠂ ᠲᠡᠰ ᠲᠦᠷᠦᠯ | ᠬᠤᠪᠢᠶᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠰᠠᠭᠤᠷᠢ ᠮᠥᠩᠭᠦ ᠪᠠᠶᠢᠭᠤᠯᠬᠤ ᠳᠡᠰ ᠬᠤᠪᠢᠶᠠᠨ | ᠬᠠᠮᠢᠶᠠᠷᠬᠤ ᠱᠠᠭᠠᠷᠳᠠᠯᠭ᠎ᠠ ᠶᠢ ᠲᠣᠳᠣᠷᠬᠠᠶᠢᠯᠠᠵᠤ᠂ ᠠᠳᠠᠯᠢ ᠪᠤᠰᠤ ᠲᠥᠷᠥᠯ ᠭᠡᠯᠪᠡᠷᠢ ᠶᠢᠨ ᠰᠠᠭᠤᠷᠢ ᠮᠥᠩᠭᠦ ᠶᠢᠨ | ᠵᠦᠷᠢᠶᠡᠴᠢᠯᠡᠭᠰᠡᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠡᠯ᠎ᠡ | ᠲᠥᠷᠥᠯ ᠤᠨ ᠪᠡᠯᠡ ᠭᠠᠷᠭᠠᠬᠤ ᠲᠥᠰᠥᠪ ᠤᠨ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠢ᠃ ᠭᠤᠷᠪᠠ ᠳᠤ᠂ | ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠪᠠᠶᠢᠷᠢᠰᠢᠭᠤᠯᠤᠯᠲᠠ ᠶᠢ ᠨᠡᠶᠢᠳᠬᠡᠨ ᠰᠢᠯᠢᠳᠡᠭᠵᠢᠭᠦᠯᠬᠦ ᠬᠡᠷᠡᠭᠲᠡᠢ᠃ | ᠤᠯᠤᠰ ᠤᠨ ᠲᠠᠰ ᠤᠨ ᠰᠠᠭᠤᠷᠢ ᠮᠥᠩᠭᠦ ᠬᠢᠭᠡᠳ ᠣᠷᠣᠨ ᠨᠤᠲᠤᠭ ᠤᠨ ᠰᠠᠭᠤᠷᠢ ᠮᠥᠩᠭᠦ ᠨᠢ ᠬᠠᠮᠲᠤᠷᠠᠯ ᠬᠦᠴᠦᠨ ᠢ | ᠪᠦᠷᠢᠯᠳᠦᠭᠦᠯᠵᠦ᠂ ᠮᠤᠵᠢ ᠶᠢᠨ ᠱᠠᠲᠤᠨ ᠤ ᠵᠠᠰᠠᠭ ᠤᠨ ᠣᠷᠳᠣᠨ ᠨᠢ ᠲᠣᠰ ᠭᠠᠵᠠᠷ ᠣᠷᠣᠨ ᠤ ᠰᠠᠭᠤᠷᠢ ᠮᠥᠩᠭᠦ ᠶᠢ | ᠨᠢᠭᠡᠳᠦᠯᠲᠡᠢ ᠲᠥᠯᠥᠪᠵᠢᠭᠦᠯᠦᠨ ᠬᠠᠮᠢᠶᠠᠷᠬᠤ ᠶᠢ ᠴᠢᠩᠭᠠᠳᠬᠠᠬᠤ ᠬᠡᠷᠡᠭᠲᠡᠢ᠃ ᠳᠥᠷᠪᠡ ᠳᠤ᠂ ᠲᠤᠰᠬᠠᠶᠢᠵᠢᠭᠰᠠᠨ ᠵᠠᠬ᠎ᠠ | ᠳᠡᠯᠭᠡᠭᠦᠷᠴᠢᠯᠡᠭᠰᠡᠨ ᠠᠵᠢᠯᠯᠠᠭᠠᠨ ᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠰᠠᠭᠤᠷᠢ ᠮᠥᠩᠭᠦᠨ ᠤ ᠠᠵᠢᠯᠯᠠᠭᠠᠨ ᠤ | ᠬᠠᠮᠢᠶᠠᠷᠤᠯᠲᠠ ᠶᠢ ᠵᠢᠷᠤᠮᠵᠢᠭᠤᠯᠵᠤ᠂ ᠰᠠᠭᠤᠷᠢ ᠮᠥᠩᠭᠦᠨ ᠤ ᠪᠡᠯᠡ ᠣᠷᠣᠭᠤᠯᠤᠯᠲᠠ ᠶᠢᠨ ᠠᠷᠭ᠎ᠠ ᠭᠡᠯᠪᠡᠷᠢ ᠶᠢ | ᠰᠢᠯᠢᠳᠡᠭᠵᠢᠭᠦᠯᠵᠦ᠂ ᠰᠠᠭᠤᠷᠢ ᠮᠥᠩᠭᠦ ᠬᠠᠮᠢᠶᠠᠷᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ | ᠰᠠᠭᠤᠷᠢ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠷᠢᠨᠰᠢᠭᠦᠯᠵᠦ᠂ ᠠᠯᠳᠠᠭ᠎ᠠ ᠪᠤᠷᠤᠭᠤ ᠶᠢ | ᠪᠠᠭᠲᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠦᠭᠦ ᠬᠡᠯᠬᠢᠶ᠎ᠡ᠂ ᠪᠦᠭᠦ ᠠᠮᠢ ᠨᠠᠰᠤᠨ ᠤ ᠦᠶᠡᠯᠡᠯ ᠤᠨ | ᠬᠤᠭᠤᠴᠠᠭᠠᠨ ᠤ ᠰᠢᠯᠭᠠᠨ ᠬᠢᠨᠠᠵᠤ ᠦᠨᠡᠯᠡᠬᠦ ᠰᠢᠰᠲ᠋ᠧᠮ ᠢ ᠰᠢᠯᠢᠳᠡᠭᠵᠢᠭᠦᠯᠦᠨ᠂ ᠳᠥᠭᠦᠮᠬᠡᠨ ᠢᠶᠠᠷ ᠲᠠᠩ ᠭᠠᠭᠴᠠ | ᠲᠥᠷᠥᠯ ᠵᠦᠢᠯ ᠪᠤᠶᠤ ᠲᠠᠩ ᠭᠠᠭᠴᠠ ᠣᠨ ᠤ ᠣᠯᠵᠤ ᠠᠯᠳᠠᠬᠤ ᠪᠠᠷ ᠰᠢᠯᠭᠠᠨ ᠬᠢᠨᠠᠬᠤ ᠦᠨᠳᠦᠰᠦᠯᠡᠯ ᠪᠤᠯᠭᠠᠬᠤ | ᠦᠭᠡᠢ ᠪᠠᠶᠢᠵᠤ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂ ᠢᠯᠠᠭᠳᠠᠯ ᠢ ᠠᠭᠤᠴᠢᠯᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠤᠶ ᠪᠤᠯᠭᠠᠬᠤ ᠬᠡᠷᠡᠭᠲᠡᠢ᠃ ᠰᠠᠭᠤᠷᠢ ᠮᠥᠩᠭᠦᠨ ᠤ ᠬᠥᠭᠵᠢᠯᠲᠡ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠵᠦ᠂ ᠵᠥᠪ ᠴᠢᠭᠯᠡᠯ ᠢᠶᠠᠷ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ | ᠳᠣᠪᠤᠶᠢᠯᠭᠠᠵᠤ᠂ ᠵᠠᠬ᠎ᠠ ᠳᠡᠯᠭᠡᠭᠦᠷ ᠤᠨ ᠪᠡᠯᠡ ᠣᠷᠣᠭᠤᠯᠤᠯᠲᠠ ᠶᠢᠨ ᠢᠲᠡᠭᠡᠯ ᠢ ᠬᠥᠪᠴᠢᠯᠡᠬᠦ ᠬᠡᠷᠡᠭᠲᠡᠢ᠃ ᠲᠠᠪᠤ ᠳᠤ᠂ | ᠤᠬᠤᠷᠢᠨ ᠭᠠᠷᠬᠤ ᠲᠣᠭᠲᠠᠴᠠ ᠶᠢ ᠰᠢᠯᠢᠳᠡᠭᠵᠢᠭᠦᠯᠵᠦ᠂ ᠪᠡᠯᠡ ᠣᠷᠣᠭᠤᠯᠤᠯᠲᠠ ᠶᠢᠨ ᠰᠠᠶᠢᠨ ᠡᠷᠭᠢᠯᠲᠡ ᠶᠢ | ᠠᠬᠢᠭᠤᠯᠬᠤ ᠬᠡᠷᠡᠭᠲᠡᠢ᠃ ᠰᠠᠭᠤᠷᠢ ᠮᠥᠩᠭᠦ ᠶᠢ ᠪᠤᠴᠠᠭᠠᠨ ᠭᠠᠷᠭᠠᠬᠤ ᠠᠷᠭ᠎ᠠ ᠵᠠᠮ ᠢ ᠥᠷᠭᠡᠳᠬᠡᠵᠦ᠂ ᠬᠤᠪᠢ ᠪᠠᠷ ᠢᠶᠠᠨ | ᠵᠣᠭᠤᠰ ᠴᠤᠭᠯᠠᠭᠤᠯᠬᠤ ᠰᠲ᠋ᠣᠺ ᠤᠨ ᠡᠷᠬᠡ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠰᠠᠭᠤᠷᠢ ᠮᠥᠩᠭᠦ᠂ | ᠰᠠᠭᠤᠷᠢ ᠮᠥᠩᠭᠦ ᠶᠢ ᠨᠡᠶᠢᠯᠡᠭᠦᠯᠦᠨ ᠬᠤᠳᠠᠯᠳᠤᠨ ᠠᠪᠬᠤ ᠵᠡᠷᠭᠡ ᠶᠢ ᠬᠥᠭᠵᠢᠭᠦᠯᠬᠦ ᠶᠢ ᠵᠣᠷᠢᠭᠵᠢᠭᠤᠯᠵᠤ᠂ ᠣᠯᠠᠨ ᠳᠡᠰ | ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠥᠷᠥᠯ ᠵᠦᠢᠯ ᠤᠨ | ᠪᠤᠴᠠᠭᠠᠨ ᠭᠠᠷᠭᠠᠬᠤ ᠶᠠᠪᠤᠴᠠ ᠶᠢ ᠳᠥᠭᠦᠮᠴᠢᠯᠡᠬᠦ ᠶᠢ ᠰᠦᠪᠡᠭᠴᠢᠯᠡᠬᠦ ᠬᠡᠷᠡᠭᠲᠡᠢ᠃ ᠵᠢᠷᠭᠤᠭ᠎ᠠ ᠳᠤ᠂ ᠳᠣᠲᠣᠭᠠᠳᠤ | ᠡᠵᠡᠮᠳᠡᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ᠃ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠡᠳ᠋ ᠤᠨ ᠵᠠᠰᠠᠭ ᠠᠵᠤ ᠠᠬᠤᠢ ᠶᠢᠨ | ᠰᠠᠬᠢᠯᠭ᠎ᠠ ᠪᠠᠲᠤ ᠶᠢ ᠴᠢᠩᠳᠠᠯᠠᠬᠤ ᠬᠡᠷᠡᠭᠲᠡᠢ᠃ ᠳᠣᠯᠤᠭ᠎ᠠ ᠳᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ | ᠴᠢᠩᠭᠠᠳᠬᠠᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠠᠯᠠᠭ᠎ᠠ ᠮᠥᠴᠢᠷ ᠤᠨ | ᠬᠠᠮᠵᠢᠯᠴᠠᠭ᠎ᠠ ᠶᠢ ᠴᠢᠩᠭᠠᠳᠬᠠᠨ᠂ ᠬᠢᠨᠠᠨ ᠬᠠᠮᠢᠶᠠᠷᠬᠤ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ ᠭᠡᠵᠦ ᠳᠤᠷᠠᠳᠤᠨ | ᠭᠠᠷᠭᠠᠪᠠ᠃ | ︽ᠵᠢᠯᠤᠭᠤᠳᠬᠤ ᠰᠠᠨᠠᠯ︾ ᠳᠤ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠲᠠᠨᠢᠯᠲᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠱᠠᠲᠤ ᠱᠠᠲᠤ ᠪᠠᠷ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ | ᠬᠠᠮᠢᠶᠠᠷᠤᠯᠲᠠ ᠦᠢᠯᠡᠴᠢᠯᠡᠭᠡ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠦᠢᠯᠡᠳᠦᠯ ᠢ ᠨᠠᠩ | ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 7 ᠤ ᠴᠠᠭᠢᠯᠭᠠᠨ ᠮᠡᠳᠡᠭᠡ︶ | | |