ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠳ᠋ᠦ᠋ᠭᠡᠷ ᠰᠠᠷ᠎ᠠ ᠶᠢᠨ 2 ᠤᠨ ᠴᠠᠭᠢᠯᠭᠠᠨ ᠮᠡᠳᠡᠭᠡ 1 ᠳ᠋ᠦ᠋ᠭᠡᠷ | ᠰᠠᠷ᠎ᠠ ᠶᠢᠨ 2 ᠤᠨ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠡᠺᠦ᠋ᠸᠠᠳᠣᠷ ᠤᠨ ᠶᠡᠷᠦᠩᠬᠡᠶᠢᠯᠡᠭᠴᠢ | ᠨᠦᠸᠸᠶᠠ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ | 45 ᠵᠢᠯ ᠤᠨ ᠤᠢ ᠶᠢ ᠪᠡᠯᠭᠡᠯᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠡᠺᠦ᠋ᠸᠠᠳᠣᠷ ᠪᠣᠯ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠮᠥᠨ᠃ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠲᠤᠷᠰᠢ᠂ ᠳᠤᠮᠳᠠᠳᠤ ᠡᠺᠦ᠋ᠸᠠᠳᠣᠷ ᠤᠨ ᠬᠠᠷᠢᠯᠴᠠᠭ᠎ᠠ | ᠢᠮᠠᠭᠲᠠ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠪᠠ᠃ ᠣᠶᠢᠷ᠎ᠠ ᠶᠢᠨ ᠵᠢᠯ ᠠᠴᠠ᠂ ᠬᠤᠶᠠᠷ ᠲᠠᠯ᠎ᠠ ᠶᠢᠨ | ᠤᠯᠤᠰ ᠲᠦᠷᠦ ᠶᠢᠨ ᠢᠲᠡᠭᠡᠯᠴᠡᠭᠡ ᠡᠳᠦᠷ ᠢᠷᠡᠬᠦᠶ᠎ᠡ ᠪᠠᠬᠢᠵᠢᠵᠦ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠳᠤᠮᠳᠠᠳᠤ ᠡᠺᠦ᠋ᠸᠠᠳᠣᠷ ᠤᠨ ᠨᠥᠬᠦᠷᠯᠡᠯ ᠬᠥᠮᠥᠰ ᠤᠨ | ᠰᠡᠳᠬᠢᠯ ᠳᠤ ᠨᠡᠩ ᠭᠦᠨ ᠬᠠᠳᠠᠩᠰᠢᠪᠠ᠃ ᠢᠯᠠᠩᠭᠤᠶ᠎ᠠ ᠳᠤᠮᠳᠠᠳᠤ ᠡᠺᠦ᠋ᠸᠠᠳᠣᠷ ᠤᠨ ᠴᠢᠯᠦᠭᠡᠲᠦ ᠠᠷᠠᠯᠵᠢᠶᠠᠨ ᠤ | ᠬᠡᠯᠡᠯᠴᠡᠭᠡᠷ ᠲᠤ ᠤᠷᠤᠭᠰᠢᠲᠠᠢ ᠭᠠᠷ ᠤᠨ ᠦᠰᠦᠭ ᠵᠢᠷᠤᠭᠰᠠᠨ ᠪᠥᠭᠡᠳ ᠬᠦᠴᠦᠨ ᠲᠠᠢ ᠪᠣᠯᠤᠭᠰᠠᠨ ᠨᠢ ᠠᠵᠤ ᠠᠬᠤᠢ | ᠠᠷᠠᠯᠵᠢᠶᠠᠨ ᠤ ᠬᠠᠮᠲᠤᠷᠠᠯᠴᠠᠭᠠᠨ ᠤ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠬᠦ ᠶᠢ ᠬᠦᠴᠦᠲᠡᠢ ᠠᠬᠢᠭᠤᠯᠵᠤ᠂ | ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ ᠪᠢ ᠳᠤᠮᠳᠠᠳᠤ | ᠡᠺᠦ᠋ᠸᠠᠳᠣᠷ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ | ᠠᠪᠤᠭᠠᠢ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠪᠠᠷ ᠰᠢᠨ᠎ᠡ | ᠭᠠᠷᠤᠭ᠎ᠠ ᠪᠤᠯᠭᠠᠵᠤ᠂ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠡᠯ᠎ᠡ ᠬᠦᠷᠢᠶᠡᠨ ᠤ ᠰᠣᠯᠢᠯᠴᠠᠭ᠎ᠠ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠡᠺᠦ᠋ᠸᠠᠳᠣᠷ ᠤᠨ ᠬᠠᠷᠢᠯᠴᠠᠭ᠎ᠠ ᠶᠢᠨ ᠲᠠᠭᠢᠨ ᠰᠢᠨ᠎ᠡ ᠳᠡᠭᠲᠡᠷ ᠲᠤ | ᠭᠠᠷᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠨᠦᠸᠸᠶᠠ᠂ ᠡᠺᠦ᠋ᠸᠠᠳᠣᠷ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠪᠣᠯ ᠠᠯᠤᠰ | ᠭᠡᠳᠤ ᠶᠢᠨ ᠠᠴᠢ ᠬᠤᠯᠪᠣᠭᠳᠠᠯ ᠲᠠᠢ ᠬᠥᠰᠢᠶ᠎ᠡ ᠲᠡᠮᠳᠡᠭ ᠪᠣᠯᠣᠨ᠎ᠠ᠃ 45 ᠵᠢᠯ ᠤᠨ ᠲᠤᠷᠰᠢ᠂ ᠬᠤᠶᠠᠷ ᠲᠠᠯ᠎ᠠ ᠪᠠᠷ ᠢᠶᠠᠨ | ᠬᠠᠷᠢᠯᠴᠠᠨ ᠬᠦᠨᠳᠦᠳᠬᠡᠬᠦ ᠪᠠ ᠢᠲᠡᠭᠡᠯᠴᠡᠬᠦ ᠰᠠᠭᠤᠷᠢᠨ ᠳᠡᠭᠡᠷ᠎ᠡ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ | ᠬᠠᠷᠢᠯᠴᠠᠭ᠎ᠠ ᠶᠢ ᠪᠠᠶᠢᠭᠤᠯᠵᠤ᠂ ᠡᠯ᠎ᠡ ᠬᠦᠷᠢᠶᠡᠨ ᠤ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ | ᠡᠺᠦ᠋ᠸᠠᠳᠣᠷ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠳᠤ ᠣᠷᠣᠯᠴᠠᠬᠰᠠᠨ ᠪᠠ ᠡᠺᠦ᠋ᠸᠠᠳᠣᠷ ᠳᠤᠮᠳᠠᠳᠤ ᠶᠢᠨ | ᠴᠢᠯᠦᠭᠡᠲᠦ ᠠᠷᠠᠯᠵᠢᠶᠠᠨ ᠤ ᠬᠡᠯᠡᠯᠴᠡᠭᠡᠷ ᠬᠦᠴᠦᠨ ᠲᠠᠢ ᠪᠣᠯᠵᠤ᠂ ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠢ | ᠬᠦᠴᠦᠲᠡᠢ ᠨᠡᠮᠡᠭᠳᠡᠭᠦᠯᠪᠡ᠃ ᠡᠺᠦ᠋ᠸᠠᠳᠣᠷ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠦᠷᠭᠦᠯᠵᠢᠯᠡᠨ ᠨᠢᠭᠲᠠ | ᠬᠠᠮᠵᠢᠯᠴᠠᠵᠤ᠂ ᠨᠥᠬᠦᠷᠯᠡᠯ᠂ ᠶᠠᠷᠢᠯᠴᠠᠭ᠎ᠠ ᠪᠣᠯᠣᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠮᠲᠤ ᠪᠠᠷ ᠴᠡᠴᠡᠭᠯᠡᠨ | ᠬᠥᠭᠵᠢᠭᠰᠡᠨ ᠢᠷᠡᠭᠡᠳᠦᠢ ᠶᠢ ᠪᠠᠶᠢᠭᠤᠯᠤᠨ᠎ᠠ ᠭᠡᠵᠦ ᠢᠯᠡᠳᠬᠡᠪᠡ᠃ | | |