ᠣᠶᠢᠷ᠎ᠠ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ | ᠮᠥᠴᠢᠷ ᠠᠵᠢᠯ ᠤᠨ ᠬᠤᠷᠠᠯ ᠬᠤᠷᠠᠯᠳᠤᠭᠤᠯᠤᠭᠠᠳ 2024 ᠣᠨ ᠤ ᠠᠵᠢᠯ ᠢᠶᠠᠨ ᠡᠮᠬᠢᠯᠡᠨ ᠳ᠋ᠦᠩᠨᠡᠵᠦ᠂ 2025 ᠣᠨ ᠤ | ᠭᠤᠣᠯᠳᠠᠯᠭ᠎ᠠ ᠪᠣᠯᠬᠤ ᠡᠭᠦᠷᠭᠡ ᠪᠠᠨ ᠰᠤᠳᠤᠯᠤᠨ ᠪᠠᠶᠢᠷᠢᠯᠠᠭᠤᠯᠪᠠ᠃ 2025 ᠣᠨ ᠳᠤ ᠲᠠᠨ ᠤ ᠠᠵᠢᠯ ᠠᠮᠢᠳᠤᠷᠠᠯ ᠳᠤ | ᠶᠠᠮᠠᠷ ᠰᠢᠤᠬᠠᠨ ᠬᠤᠪᠢᠷᠠᠯᠲᠠ ᠭᠠᠷᠬᠤ ᠪᠣᠶ︖ ᠡᠳ᠋ ᠤᠨ ᠵᠠᠰᠠᠭ ᠤᠨ ᠵᠠᠷᠤᠯᠭ᠎ᠠ᠂ ᠬᠡᠷᠡᠭᠯᠡᠭᠡ᠂ ᠣᠷᠣᠨ ᠰᠠᠭᠤᠴᠠ᠂ | ᠨᠠᠰᠤᠵᠢᠯ ᠤᠨ ᠠᠰᠠᠷᠠᠮᠵᠢ᠂ ᠦᠷᠡᠵᠢᠯ ᠤᠨ ᠲᠠᠯ᠎ᠠ ᠪᠠᠷ ᠬᠢ ᠡᠲᠡᠭᠡᠷ ᠶᠡᠭᠡ ᠪᠠᠭ᠎ᠠ ᠶᠠᠪᠤᠳᠠᠯ ᠤᠳ ᠨᠢ ᠲᠠᠨ ᠲᠠᠢ | ᠬᠤᠯᠪᠣᠭ᠎ᠠ ᠲᠠᠢ ︱ | ᠡᠳ᠋ ᠤᠨ ᠵᠠᠰᠠᠭ ᠤᠨ ᠤᠯᠠᠭᠠᠨ ᠲᠣᠭᠠᠨ ᠤ ᠨᠣᠷᠮ᠎ᠠ ᠶᠢ ᠳᠡᠭᠡᠭᠰᠢᠯᠡᠭᠦᠯᠦᠨ᠂ ᠨᠡᠩ ᠶᠡᠭᠡ ᠬᠡᠪᠴᠢᠶᠡᠨ ᠤ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭᠲᠦ ᠳᠣᠬᠢᠷᠠᠭᠤᠯᠤᠨ᠎ᠠ | ᠪᠥᠬᠦ ᠤᠯᠤᠰ ᠤᠨ ᠡᠳ᠋ ᠤᠨ ᠵᠠᠰᠠᠭ ᠤᠨ ᠠᠵᠢᠯ ᠤᠨ ᠬᠤᠷᠠᠯ ᠢ ᠦᠨᠳᠦᠰᠦᠯᠡᠨ᠂ 2025 ᠣᠨ ᠳᠤ᠂ ᠮᠠᠨ ᠤ | ᠤᠯᠤᠰ ᠨᠠᠩ ᠢᠳᠡᠪᠬᠢᠲᠡᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠦᠷᠭᠦᠯᠵᠢᠯᠡᠨ ᠬᠦᠴᠦᠯᠡᠵᠦ᠂ | ᠨᠠᠩ ᠬᠦᠴᠦᠲᠡᠢ ᠳᠡᠮᠵᠢᠨ᠂ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ ᠪᠣᠳᠣᠯᠭ᠎ᠠ︾ ᠶᠢ ᠰᠠᠶᠢᠲᠤᠷ ᠬᠡᠷᠡᠭᠵᠢᠭᠦᠯᠦᠨ᠎ᠡ᠃ | ᠨᠢᠭᠡ ᠳᠤ᠂ ᠡᠳ᠋ ᠤᠨ ᠵᠠᠰᠠᠭ ᠤᠨ ᠤᠯᠠᠭᠠᠨ ᠲᠣᠭᠠᠨ ᠤ ᠨᠤᠷᠮ᠎ᠠ ᠶᠢ ᠳᠡᠭᠡᠭᠰᠢᠯᠡᠭᠦᠯᠵᠦ᠂ ᠵᠠᠷᠤᠯᠭ᠎ᠠ ᠶᠢᠨ ᠡᠷᠴᠢᠮ ᠢ | ᠴᠢᠩᠭᠠᠷᠠᠭᠤᠯᠵᠤ᠂ ᠵᠠᠷᠤᠯᠭ᠎ᠠ ᠶᠢᠨ ᠠᠬᠢᠴᠠ ᠶᠢ ᠲᠦᠷᠭᠡᠳᠬᠡᠨ᠎ᠡ᠃ ᠬᠤᠶᠠᠷ ᠲᠤ᠂ ᠨᠡᠩ ᠶᠡᠭᠡ ᠬᠡᠪᠴᠢᠶᠡᠨ ᠤ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠲᠣᠬᠢᠷᠠᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ | ᠲᠣᠬᠢᠷᠠᠭᠤᠯᠬᠤ ᠳᠤ ᠨᠡᠩ ᠤᠯᠠᠨ ᠲᠦᠰᠢᠭ ᠲᠤᠯᠭᠠᠭᠤᠷᠢ ᠬᠠᠩᠭᠠᠨ᠎ᠠ᠃ ᠭᠤᠷᠪᠠ ᠳᠤ᠂ ᠵᠠᠷᠤᠯᠭ᠎ᠠ ᠶᠢᠨ ᠪᠦᠲᠦᠴᠡ ᠶᠢ | ᠶᠡᠭᠡ ᠪᠠᠷ ᠰᠢᠯᠢᠳᠡᠭᠵᠢᠭᠦᠯᠵᠦ᠂ ᠨᠠᠷᠢᠯᠢᠭ ᠣᠨᠣᠴᠠᠲᠠᠢ ᠪᠠᠷ ᠣᠷᠤᠭᠤᠯᠤᠯᠲᠠ ᠶᠢ ᠴᠢᠩᠭᠠᠳᠬᠠᠵᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ᠂ ᠰᠡᠯᠭᠦᠬᠦ ᠬᠦᠴᠦᠨ ᠢ ᠨᠡᠮᠡᠭᠳᠡᠭᠦᠯᠬᠦ ᠶᠢ ᠨᠡᠩ | ᠴᠢᠬᠤᠯᠠᠴᠢᠯᠠᠨ᠎ᠠ᠃ ᠳᠥᠷᠪᠡ ᠳᠤ᠂ ᠭᠤᠣᠯᠳᠠᠯᠭ᠎ᠠ ᠪᠦᠬᠦᠢ ᠬᠦᠷᠢᠶ᠎ᠡ ᠴᠠᠷᠠᠭᠠᠨ ᠳᠠᠬᠢ ᠠᠶᠤᠯ ᠲᠦᠭᠰᠢᠭᠦᠷᠢ ᠶᠢ ᠦᠷᠭᠦᠯᠵᠢᠯᠡᠨ | ᠬᠦᠴᠦᠯᠡᠨ ᠰᠡᠷᠭᠡᠶᠢᠯᠡᠬᠦ ᠪᠥᠭᠡᠳ ᠠᠷᠢᠯᠭᠠᠵᠤ᠂ ᠡᠳ᠋ ᠤᠨ ᠵᠠᠰᠠᠭ ᠤᠨ ᠲᠣᠭᠲᠠᠭᠤᠨ ᠢᠶᠠᠷ ᠠᠵᠢᠯᠯᠠᠬᠤ᠂ ᠦᠷᠭᠦᠯᠵᠢᠯᠡᠨ | ᠬᠥᠭᠵᠢᠬᠦ ᠶᠢ ᠠᠬᠢᠭᠤᠯᠤᠨ᠎ᠠ᠃ ᠲᠠᠪᠤ ᠳᠤ᠂ ᠣᠷᠣᠨ ᠨᠤᠲᠤᠭ ᠲᠤ ᠰᠢᠯᠵᠢᠭᠦᠯᠬᠦ ᠲᠥᠯᠥᠪᠦᠷᠢ ᠶᠢ ᠤᠯᠠᠮ ᠨᠢᠭᠡ ᠠᠯᠬᠤᠮ | ᠨᠡᠮᠡᠭᠳᠡᠭᠦᠯᠵᠦ᠂ ᠣᠷᠣᠨ ᠨᠤᠲᠤᠭ ᠤᠨ ᠡᠳ᠋ ᠤᠨ ᠬᠦᠴᠦᠨ ᠢ ᠴᠢᠩᠭᠠᠷᠠᠭᠤᠯᠤᠨ᠂ ᠦᠨᠳᠦᠰᠦᠨ ᠱᠠᠲᠤᠨ ᠤ ︽ᠭᠤᠷᠪᠠ ᠶᠢ | ᠪᠠᠲᠤᠯᠠᠬᠤ︾ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠨ᠎ᠠ᠃ | ︽ᠬᠤᠶᠠᠷ ᠳᠠᠪᠬᠤᠷ︾ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ︽ᠬᠤᠶᠠᠷ ᠰᠢᠨ᠎ᠡ︾ ᠶᠢᠨ | ᠠᠵᠢᠯ ᠢ ᠬᠦᠴᠦᠯᠡᠨ ᠰᠠᠶᠢᠲᠤᠷ ᠬᠢᠵᠦ᠂ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ | ᠪᠦᠬᠦ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠠᠵᠢᠯ ᠤᠨ ᠬᠤᠷᠠᠯ ᠢ ᠦᠨᠳᠦᠰᠦᠯᠡᠨ᠂ 2025 | ᠣᠨ ᠳᠤ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠥᠬᠦ ᠲᠠᠯ᠎ᠠ ᠪᠠᠷ ᠥᠷᠭᠡᠳᠬᠡᠵᠦ᠂ ︽ᠬᠤᠶᠠᠷ ᠳᠠᠪᠬᠤᠷ︾ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠷ᠎ᠡ ᠠᠰᠢᠭᠲᠠᠢ ᠪᠡᠯᠡ ᠣᠷᠣᠭᠤᠯᠤᠯᠲᠠ ᠶᠢ ᠥᠷᠭᠡᠳᠬᠡᠨ᠂ | ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ᠂ ᠤᠯᠤᠰ ᠤᠨ ᠬᠡᠳᠦ ᠤᠷᠲᠤ ᠬᠤᠭᠤᠴᠠᠭᠠᠲᠤ ᠣᠨᠴᠠᠭᠠᠶ | ᠵᠢᠭᠡᠯᠡᠯᠭᠡ ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠵᠡᠷᠭᠡ ᠡᠯ᠎ᠡ ᠲᠥᠷᠥᠯ ᠤᠨ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠨᠠᠩ ᠣᠯᠠᠨ ᠪᠣᠳᠠᠲᠤ | ᠪᠣᠳᠠᠰ ᠢᠶᠠᠷ ᠬᠡᠮᠵᠢᠶᠡᠯᠡᠬᠦ ᠠᠵᠢᠯ ᠤᠨ ᠬᠡᠮᠵᠢᠶ᠎ᠡ ᠶᠢ ᠲᠦᠷᠭᠡᠬᠡᠨ ᠪᠣᠶ ᠪᠣᠯᠭᠠᠬᠤ ᠶᠢ ᠠᠬᠢᠭᠤᠯᠤᠨ᠂ ᠴᠢᠬᠤᠯᠠ ᠶᠡᠭᠡ ᠲᠥᠷᠥᠯ | ᠵᠦᠢᠯ ᠳᠤ ᠠᠷᠠᠳ ᠤᠨ ᠳᠤᠮᠳᠠᠬᠢ ᠬᠥᠷᠥᠩᠭᠡ ᠮᠥᠩᠭᠦ ᠶᠢ ᠣᠷᠣᠭᠤᠯᠬᠤ ᠪᠠᠨ ᠦᠷᠭᠦᠯᠵᠢᠯᠡᠨ ᠠᠬᠢᠭᠤᠯᠤᠨ᠎ᠠ᠃ ︽ᠬᠤᠶᠠᠷ | ᠰᠢᠨ᠎ᠡ︾ ᠶᠢᠨ ᠠᠵᠢᠯ ᠢ ᠬᠦᠴᠦᠯᠡᠨ ᠰᠠᠶᠢᠲᠤᠷ ᠬᠢᠵᠦ᠂ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ | ᠂ ᠬᠡᠷᠡᠭᠯᠡᠭᠡ ᠶᠢᠨ ᠬᠡᠮᠵᠢᠶ᠎ᠡ ᠶᠢ ᠥᠷᠭᠡᠳᠬᠡᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠪᠠᠨ | ᠠᠬᠢᠭᠤᠯᠤᠨ᠎ᠠ᠃ | ᠬᠤᠲᠠᠨ ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ ᠶᠢ | ᠬᠦᠴᠦᠯᠡᠨ ᠬᠡᠷᠡᠭᠵᠢᠭᠦᠯᠵᠦ᠂ ᠵᠣᠭᠤᠰ ᠮᠥᠩᠭᠦ ᠶᠢᠨ ᠬᠡᠯᠪᠡᠷᠢ ᠪᠠᠷ ᠲᠥᠪᠬᠢᠨᠡᠭᠦᠯᠬᠦ ᠶᠢ ᠠᠬᠢᠭᠤᠯᠤᠨ᠎ᠠ | ᠪᠥᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ | ᠬᠤᠷᠠᠯ ᠢ ᠦᠨᠳᠦᠰᠦᠯᠡᠨ᠂ 2025 ᠣᠨ ᠳᠤ ᠬᠤᠲᠠᠨ ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ | ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠬᠦᠴᠦᠯᠡᠨ ᠬᠡᠷᠡᠭᠵᠢᠭᠦᠯᠵᠦ᠂ ᠵᠣᠭᠤᠰ ᠮᠥᠩᠭᠦ ᠶᠢᠨ ᠬᠡᠯᠪᠡᠷᠢ ᠪᠠᠷ | ᠲᠥᠪᠬᠢᠨᠡᠭᠦᠯᠬᠦ ᠶᠢ ᠠᠬᠢᠭᠤᠯᠵᠤ᠂ 100 ᠲᠦᠮᠡᠨ ᠢᠵᠢ ᠶᠢ ᠰᠢᠨ᠎ᠡ ᠪᠠᠷ ᠨᠡᠮᠡᠭᠳᠡᠭᠦᠯᠦᠭᠰᠡᠨ ᠰᠠᠭᠤᠷᠢᠨ ᠳᠡᠭᠡᠷ᠎ᠡ ᠬᠤᠲᠠᠨ | ᠳᠤᠮᠳᠠᠬᠢ ᠲᠣᠰᠬᠤᠨ ᠢ ᠥᠭᠡᠷᠡᠴᠢᠯᠡᠨ ᠵᠠᠰᠠᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠠᠮᠤᠷ ᠲᠦᠪᠰᠢᠨ ᠤ ᠳᠠᠯᠳᠠ | ᠬᠡᠮ ᠢ ᠠᠷᠢᠯᠭᠠᠨ᠂ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠤᠨ᠎ᠠ᠃ ᠤᠯᠠᠨ ᠲᠦᠮᠡᠨ ᠤ ᠥᠭᠡᠷᠡᠴᠢᠯᠡᠬᠦ ᠬᠦᠰᠡᠯ | ᠰᠠᠨᠠᠭ᠎ᠠ ᠪᠠᠷ ᠴᠢᠩᠭ᠎ᠠ᠂ ᠨᠥᠬᠦᠴᠡᠯ ᠢᠶᠠᠷ ᠨᠡᠯᠢᠶᠡᠳ ᠪᠣᠯᠪᠠᠰᠤᠷᠠᠩᠭᠤᠢ ᠵᠦᠢᠯᠡᠰ ᠢ ᠭᠤᠣᠯᠳᠠᠯᠭ᠎ᠠ ᠲᠠᠢ ᠪᠠᠷ ᠲᠡᠮᠵᠢᠨ᠎ᠠ᠃ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠢᠵᠢ ᠪᠦᠷᠢᠳᠦᠭᠦᠯᠦᠨ | ᠬᠤᠳᠠᠯᠳᠤᠬᠤ ᠬᠡᠯᠪᠡᠷᠢᠲᠦ ᠪᠠᠲᠤᠯᠠᠭ᠎ᠠ ᠶᠢᠨ ᠣᠷᠣᠨ ᠰᠠᠭᠤᠴᠠ ᠶᠢᠨ ᠡᠷᠴᠢᠮ ᠢ ᠴᠢᠩᠭᠠᠷᠠᠭᠤᠯᠤᠨ᠎ᠠ | ᠪᠥᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ | ᠬᠤᠷᠠᠯ ᠢ ᠦᠨᠳᠦᠰᠦᠯᠡᠨ᠂ 2025 ᠣᠨ ᠳᠤ᠂ ᠲᠠᠸᠠᠷ ᠤᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠳᠤ | ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠰᠢᠯᠢᠳᠡᠭᠵᠢᠭᠦᠯᠦᠨ᠂ ᠴᠢᠨᠠᠷ | ᠴᠢᠨᠰᠠᠭ᠎ᠠ ᠶᠢ ᠳᠡᠭᠡᠭᠰᠢᠯᠡᠭᠦᠯᠦᠨ᠎ᠡ᠃ ᠬᠡᠷᠡᠭᠴᠡᠭᠡ ᠶᠢ ᠦᠨᠳᠦᠰᠦᠯᠡᠨ ᠬᠤᠳᠠᠯᠳᠤᠨ ᠠᠪᠬᠤ᠂ ᠬᠡᠷᠡᠭᠴᠡᠭᠡ ᠶᠢ ᠦᠨᠳᠦᠰᠦᠯᠡᠨ | ᠪᠠᠷᠢᠯᠭ᠎ᠠ ᠪᠠᠷᠢᠬᠤ ᠶᠢ ᠲᠣᠭᠲᠠᠭᠠᠵᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠦᠨ᠂ | ᠢᠵᠢ ᠪᠦᠷᠢᠳᠦᠭᠦᠯᠦᠨ ᠬᠤᠳᠠᠯᠳᠤᠬᠤ ᠬᠡᠯᠪᠡᠷᠢᠲᠦ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠡᠷᠴᠢᠮ ᠢᠶᠠᠨ | ᠴᠢᠩᠭᠠᠷᠠᠭᠤᠯᠵᠤ᠂ ᠪᠠᠰᠠ ᠨᠢᠭᠡ ᠪᠦᠯᠦᠭ ᠬᠤᠳᠠ ᠶᠢᠨ ᠰᠢᠨ᠎ᠡ ᠠᠷᠠᠳ᠂ ᠵᠠᠯᠠᠭᠤᠴᠤᠳ᠂ ᠬᠥᠯᠥᠰᠦᠨ ᠠᠵᠢᠯᠴᠢᠳ | ᠵᠡᠷᠭᠡ ᠶᠢ ᠬᠠᠪᠰᠤᠷᠴᠤ ᠠᠮᠤᠷ ᠲᠠᠶᠢᠪᠤᠩ ᠣᠷᠣᠨ ᠰᠠᠭᠤᠴᠠ ᠲᠠᠢ ᠪᠣᠯᠭᠠᠨ᠎ᠠ᠃ | 2025 ᠣᠨ ᠳᠤ ᠬᠤᠳᠠ ᠶᠢ ᠦᠭᠡᠷᠡᠴᠢᠯᠡᠨ ᠰᠢᠨᠡᠳᠭᠡᠬᠦ ᠨᠢᠭᠡ ᠪᠦᠯᠦᠭ ᠵᠦᠢᠯᠡᠰ ᠢ ᠲᠥᠯᠥᠪᠵᠢᠭᠦᠯᠦᠨ | ᠬᠡᠷᠡᠭᠵᠢᠭᠦᠯᠦᠨ᠎ᠡ | ᠪᠥᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ | ᠬᠤᠷᠠᠯ ᠢ ᠦᠨᠳᠦᠰᠦᠯᠡᠨ᠂ 2025 ᠣᠨ ᠳᠤ ᠬᠤᠲᠠ ᠶᠢᠨ ᠰᠢᠨᠡᠴᠢᠯᠡᠯᠲᠡ ᠶᠢ ᠶᠡᠭᠡ ᠪᠠᠷ ᠬᠡᠷᠡᠭᠵᠢᠭᠦᠯᠵᠦ᠂ ᠬᠤᠲᠠ ᠶᠢᠨ | ᠦᠭᠡᠷᠡᠴᠢᠯᠡᠨ ᠰᠢᠨᠡᠳᠭᠡᠬᠦ ᠨᠢᠭᠡ ᠪᠦᠯᠦᠭ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ 2000 ᠣᠨ ᠤ | ᠡᠴᠦᠰ ᠠᠴᠠ ᠡᠮᠦᠨ᠎ᠡ ᠪᠠᠶᠢᠭᠤᠯᠤᠭᠰᠠᠨ ᠬᠤᠲᠠ ᠪᠠᠯᠭᠠᠰᠤᠨ ᠤ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠡᠭᠦᠷᠭᠡ ᠶᠢ | ᠪᠥᠬᠦ ᠲᠠᠯ᠎ᠠ ᠪᠠᠷ ᠪᠡᠶᠡᠯᠡᠭᠦᠯᠬᠦ ᠶᠢᠨ ᠬᠠᠮᠲᠤ᠂ ᠣᠷᠣᠨ ᠨᠤᠲᠤᠭ ᠤᠨ ᠬᠢᠨ ᠤ ᠰᠠᠭᠤᠭᠠᠯᠢ ᠠᠷᠠᠳ ᠤᠨ ᠪᠡᠶ᠎ᠡ ᠪᠠᠨ ᠳᠠᠭᠠᠭᠠᠵᠤ | ᠬᠠᠭᠤᠴᠢᠨ ᠣᠷᠣᠨ ᠰᠠᠭᠤᠴᠠ ᠶᠢ ᠦᠭᠡᠷᠡᠴᠢᠯᠡᠨ ᠰᠢᠨᠡᠳᠭᠡᠬᠦ ᠶᠢ ᠵᠣᠷᠢᠭᠵᠢᠭᠤᠯᠤᠨ᠎ᠠ᠃ | ᠰᠦᠯᠵᠢᠶ᠎ᠡ ᠪᠠᠷ ᠠᠷᠠᠯᠵᠢᠶᠠᠯᠠᠬᠤ ᠲᠠᠪᠴᠠᠩ ᠳᠠᠬᠢ ᠬᠤᠳᠠᠯᠳᠤᠭᠠᠨ ᠤ ᠡᠷᠦᠬᠡ ᠨᠦᠭᠦᠳ ᠤᠨ ᠥᠪᠡᠷ ᠤᠨ ᠥᠷᠲᠡᠭ ᠤᠨ | ᠳᠠᠷᠤᠭᠠᠰᠦ ᠶᠢ ᠪᠠᠭᠤᠷᠠᠭᠤᠯᠤᠨ᠎ᠠ | ᠪᠥᠬᠦ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠤᠷᠠᠯ ᠢ ᠦᠨᠳᠦᠰᠦᠯᠡᠨ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠡᠴᠠᠰᠦ᠋ᠯᠵᠢᠶᠡ ᠪᠠᠷ ᠠᠷᠠᠯᠵᠢᠶᠠᠯᠠᠬᠤ ᠲᠠᠪᠴᠠᠩ ᠤᠨ | ᠰᠦᠢᠳᠬᠡᠯ ᠬᠤᠷᠢᠶᠠᠬᠤ ᠦᠶᠯᠡ ᠠᠵᠢᠯᠯᠠᠭ᠎ᠠ ᠶᠢᠨ ᠲᠣᠭᠲᠠᠭᠠᠯ ᠳᠤ ᠨᠡᠶᠢᠴᠡᠬᠦ ᠵᠦᠭᠯᠡᠭᠦᠷ ᠢ ᠲᠦᠷᠭᠡᠪᠴᠢᠯᠡᠨ ᠨᠡᠶᠢᠲᠡᠯᠡᠵᠦ᠂ | ᠲᠠᠪᠴᠠᠩ ᠤᠨ ᠳᠣᠲᠣᠷᠠᠬᠢ ᠬᠤᠳᠠᠯᠳᠤᠭᠠᠨ ᠤ ᠡᠷᠦᠬᠡ ᠨᠦᠭᠦᠳ ᠤᠨ ᠥᠪᠡᠷ ᠤᠨ ᠥᠷᠲᠡᠭ ᠤᠨ ᠳᠠᠷᠤᠭᠠᠰᠤ ᠶᠢ | ᠪᠠᠭᠤᠷᠠᠭᠤᠯᠤᠨ᠂ ᠲᠠᠪᠴᠠᠩ ᠤᠨ ᠰᠦᠢᠳᠬᠡᠯ ᠬᠤᠷᠢᠶᠠᠬᠤ ᠬᠠᠷᠢᠴᠠᠯ ᠢ ᠵᠦᠢ ᠵᠣᠬᠢᠰᠲᠠᠢ ᠲᠣᠭᠲᠠᠭᠠᠬᠤ ᠶᠢ ᠰᠢᠮᠳᠠᠭᠤᠯᠵᠤ᠂ | ᠲᠠᠪᠴᠠᠩ ᠤᠨ ᠠᠵᠤ ᠠᠬᠤᠢ ᠶᠢᠨ ᠬᠦᠷᠢᠶᠡᠨ ᠳᠠᠬᠢ ᠡᠯ᠎ᠡ ᠲᠠᠯ᠎ᠠ ᠶᠢᠨ ᠪᠡᠶᠡᠴᠢ ᠴᠣᠭᠴᠠ ᠶᠢᠨ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠬᠦᠷᠲᠡᠬᠦ ᠶᠢ ᠠᠬᠢᠭᠤᠯᠤᠨ᠎ᠠ᠃ ︽ᠰᠦᠯᠵᠢᠶᠡᠨ ᠤ ᠣᠷᠤᠰᠴᠠ ᠶᠢ ᠳᠡᠭᠡᠳᠦᠯᠡᠬᠦ︾᠂ ︽ᠳᠤᠤᠷ᠎ᠠ | ᠦᠨ᠎ᠡ ᠪᠠᠷ ᠸᠠᠩ ᠪᠣᠯᠭᠠᠬᠤ︾ ᠵᠡᠷᠭᠡ ᠲᠠᠪᠴᠠᠩ ᠤᠨ ᠳᠣᠲᠣᠭᠠᠳᠤᠬᠢ ᠡᠵᠡᠩᠨᠡᠭᠴᠢᠳ ᠤᠨ ᠬᠠᠤᠯᠢ ᠶᠣᠰᠣᠨ ᠤ ᠡᠷᠬᠡ | ᠠᠰᠢᠭ ᠲᠤ ᠬᠠᠯᠳᠠᠭᠰᠠᠨ ᠦᠶᠯᠡ ᠠᠵᠢᠯᠯᠠᠭ᠎ᠠ ᠶᠢ ᠵᠠᠯᠠᠷᠠᠭᠤᠯᠤᠨ᠎ᠠ᠃ ᠲᠠᠪᠴᠠᠩ ᠤᠨ ᠪᠤᠳᠤᠬᠤ ᠠᠷᠭ᠎ᠠ ᠶᠢᠨ ᠥᠭᠡᠳᠡᠯᠡᠨ | ᠲᠠᠪᠰᠢᠬᠤ ᠶᠢ ᠠᠬᠢᠭᠤᠯᠵᠤ᠂ ᠲᠠᠪᠴᠠᠩ ᠤᠨ ᠰᠢᠯᠲᠠᠭᠠᠨ ᠠᠴᠠ ᠪᠣᠯᠵᠤ ᠰᠢᠨ᠎ᠡ ᠠᠵᠢᠯ ᠣᠯᠭᠤᠯᠲᠠ ᠶᠢᠨ ᠬᠡᠯᠪᠡᠷᠢ | ᠪᠠᠶᠢᠳᠠᠯ ᠤᠨ ᠬᠦᠳᠡᠯᠮᠦᠷᠢᠴᠢᠳ ᠤᠨ ᠡᠷᠬᠡ ᠠᠰᠢᠭ ᠲᠤ ᠬᠠᠯᠳᠠᠭᠰᠠᠨ᠂ ᠪᠤᠳᠤᠬᠤ ᠠᠷᠭ᠎ᠠ ᠶᠢ ᠠᠰᠢᠭᠯᠠᠨ ᠲᠣᠮᠣ ᠳ᠋ᠠᠶᠢᠲ᠋ᠠ ᠶᠢ | ︽ᠵᠥᠷᠢᠶᠡᠴᠢᠯᠡᠬᠦ︾ ᠵᠡᠷᠭᠡ ᠭᠤᠣᠯᠳᠠᠯᠭ᠎ᠠ ᠪᠦᠬᠦᠢ ᠠᠰᠠᠭᠤᠳᠠᠯ ᠢ ᠲᠤᠰᠬᠠᠢ ᠴᠡᠭᠴᠡᠯᠡᠨ ᠵᠠᠰᠠᠵᠤ᠂ ᠲᠠᠪᠴᠠᠩ ᠤᠨ | ᠳᠣᠲᠣᠭᠠᠳᠤᠬᠢ ᠡᠵᠡᠩᠨᠡᠭᠴᠢᠳ ᠪᠠ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ | ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ | ᠵᠡᠷᠭᠡ ᠶᠢ ᠵᠣᠬᠢᠰᠲᠠᠢ ᠪᠠᠷ ᠳᠡᠭᠡᠭᠰᠢᠯᠡᠭᠦᠯᠦᠨ᠎ᠡ | ᠪᠥᠬᠦ ᠤᠯᠤᠰ ᠤᠨ ᠡᠳ᠋ ᠤᠨ ᠵᠠᠰᠠᠭ ᠤᠨ ᠠᠵᠢᠯ ᠤᠨ ᠬᠤᠷᠠᠯ ᠢ ᠦᠨᠳᠦᠰᠦᠯᠡᠨ᠂ 2025 ᠣᠨ ᠳᠤ ᠠᠵᠢᠯ | ᠠᠴᠠ ᠪᠠᠨ ᠪᠠᠭᠤᠵᠤ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠣᠬᠢᠰᠲᠠᠢ ᠪᠠᠷ | ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ | ᠳᠡᠭᠡᠭᠰᠢᠯᠡᠭᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠳ᠋ ᠤᠨ ᠵᠠᠰᠠᠭ ᠤᠨ | ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠡᠷᠡᠭᠯᠡᠭᠡ ᠶᠢᠨ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ | ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠪᠠᠷ ᠥᠷᠭᠡᠳᠬᠡᠵᠦ᠂ ᠠᠵᠤ | ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ᠃ | ᠬᠥᠩᠭᠡᠵᠢᠯ ᠤᠨ ᠨᠡᠮᠡᠯᠭᠡ ᠶᠢ ᠲᠠᠰ ᠳᠠᠷᠠᠭᠠᠯᠠᠯ ᠤᠨ ᠶᠣᠰᠣᠭᠠᠷ ᠳᠠᠭᠠᠳᠬᠠᠯ ᠳᠤ ᠣᠷᠣᠯᠴᠠᠭᠰᠠᠳ ᠲᠤ ᠰᠢᠭᠤᠳ | ᠣᠯᠭᠤᠬᠤ ᠶᠢ ᠵᠣᠷᠢᠭᠵᠢᠭᠤᠯᠤᠨ᠎ᠠ | ᠪᠥᠬᠦ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠬᠤᠷᠠᠯ ᠢ ᠦᠨᠳᠦᠰᠦᠯᠡᠨ᠂ 2025 ᠣᠨ ᠳᠤ | ᠬᠥᠩᠭᠡᠵᠢᠯ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠪᠠᠬᠢᠵᠢᠭᠦᠯᠦᠨ ᠥᠷᠭᠡᠳᠬᠡᠵᠦ᠂ ᠬᠥᠩᠭᠡᠵᠢᠯ ᠤᠨ ᠨᠡᠮᠡᠯᠭᠡ ᠶᠢ ᠲᠠᠰ | ᠳᠠᠷᠠᠭᠠᠯᠠᠯ ᠤᠨ ᠶᠣᠰᠣᠭᠠᠷ ᠳᠠᠭᠠᠳᠬᠠᠯ ᠳᠤ ᠣᠷᠣᠯᠴᠠᠭᠰᠠᠳ ᠲᠤ ᠰᠢᠭᠤᠳ ᠣᠯᠭᠤᠬᠤ ᠶᠢ ᠵᠣᠷᠢᠭᠵᠢᠭᠤᠯᠤᠨ᠎ᠠ᠃ ᠪᠥᠬᠦ | ᠤᠯᠤᠰ ᠲᠠᠬᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠᠨ ᠳᠠᠬᠢ ᠪᠡᠯᠡ | ᠮᠥᠩᠭᠦ ᠶᠢ ᠮᠤᠵᠢ ᠠᠯᠤᠰᠯᠠᠨ ᠬᠠᠮᠲᠤ ᠳᠤ ᠨᠢ ᠵᠤᠬᠢᠴᠠᠯᠳᠤᠭᠤᠯᠤᠨ ᠬᠡᠷᠡᠭᠯᠡᠬᠦ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ | | |