ᠨᠢᠭᠡ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ | ᠨᠢᠭᠡᠳᠦᠭᠡᠷ ᠵᠦᠢᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠨᠠᠮ ᠤᠨ ᠬᠤᠷᠢᠶᠠᠨ ᠤ | ᠠᠯᠪᠠᠨ ᠭᠡᠷ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠥᠪᠰᠢᠶᠡᠷᠡᠭᠰᠡᠨ | ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ︵ᠬᠥᠬᠡᠬᠤᠲᠠ ᠨᠠᠮ ᠠᠯᠪᠠᠨ | ᠲᠠᠷᠬᠠᠭᠠᠭᠰᠠᠨ 〔2019〕 5 ᠳ᠋ᠤᠭᠠᠷ ᠲᠣᠭᠠᠲᠤ︶ ᠪᠣᠯᠣᠨ ︽ᠦᠴᠦᠸᠠᠨ ᠰᠢᠶᠠᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠣᠯ ᠰᠢᠶᠠᠨ ᠤ ᠠᠷᠠᠳ ᠤᠨ | ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠰᠠᠯᠠᠭᠠᠨ ᠤ ᠳᠡᠰ ᠮᠥᠨ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠠᠵᠢᠯ ᠤᠨ ᠵᠥᠪᠯᠡᠯ ᠠᠴᠠ | ᠰᠢᠶᠠᠨ ᠤ ᠨᠠᠮ ᠤᠨ ᠬᠤᠷᠢᠶᠠᠨ ᠤ ᠲᠣᠮᠢᠯᠠᠭᠰᠠᠨ ᠪᠠᠶᠢᠭᠤᠯᠤᠮᠵᠢ ᠮᠥᠨ᠂ ᠰᠢᠶᠠᠨ ᠤ ᠰᠤᠷᠭᠠᠨ ᠬᠥᠮᠦᠵᠢᠯ ᠤᠨ | ᠲᠣᠪᠴᠢᠶ᠎ᠠ ᠲᠠᠢ ᠬᠠᠮᠲᠤᠷᠠᠨ ᠠᠵᠢᠯᠯᠠᠨ᠎ᠠ᠃ | ᠭᠤᠷᠪᠠᠳᠤᠭᠠᠷ ᠵᠦᠢᠯ ᠰᠤᠷᠭᠠᠨ ᠬᠥᠮᠦᠵᠢᠯ ᠤᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠴᠢᠭᠯᠡᠯᠲᠡ ᠲᠥᠷᠥ ᠶᠢᠨ | ᠪᠣᠳᠣᠯᠭ᠎ᠠ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠶᠠᠪᠤᠴᠠ ᠳᠤ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠪᠠᠶᠢᠭᠤᠯᠤᠨ ᠴᠢᠩᠭᠠᠳᠬᠠᠨ᠎ᠠ᠃ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠭᠤᠣᠯ ᠡᠭᠦᠷᠭᠡ | ᠬᠠᠷᠢᠭᠤᠴᠠᠯᠭ᠎ᠠ ᠪᠣᠯ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠪᠦᠬᠦ ᠬᠤᠳᠠ ᠶᠢᠨ ᠰᠤᠷᠭᠠᠨ ᠬᠥᠮᠦᠵᠢᠯ ᠤᠨ | ᠬᠥᠭᠵᠢᠯᠲᠡ ᠶᠢᠨ ᠲᠤᠬᠠᠢ ᠱᠤᠭᠤᠮ᠂ ᠴᠢᠭᠯᠡᠯᠲᠡ᠂ ᠲᠦᠷᠦ ᠶᠢᠨ ᠪᠣᠳᠣᠯᠭ᠎ᠠ ᠪᠣᠯᠣᠨ ᠬᠠᠤᠯᠢ ᠴᠠᠭᠠᠵᠠ ᠬᠠᠤᠯᠢ | ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠮᠠᠨ ᠤ ᠰᠢᠶᠠᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ | ᠬᠥᠭᠵᠢᠯᠲᠡ ᠶᠢᠨ ᠲᠦᠷᠦ ᠶᠢᠨ ᠪᠣᠳᠣᠯᠭ᠎ᠠ᠂ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ | ︵ᠬᠤᠶᠠᠷ︶ ᠰᠤᠷᠭᠠᠨ ᠬᠥᠮᠦᠵᠢᠯ ᠤᠨ ᠵᠠᠷᠤᠳᠠᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠨ ᠬᠥᠮᠦᠵᠢᠯ ᠤᠨ ᠲᠤᠰᠬᠠᠢ ᠵᠠᠷᠤᠳᠠᠯ ᠪᠣᠯᠣᠨ ᠪᠤᠰᠤᠳ ᠰᠤᠷᠭᠠᠨ | ᠬᠥᠮᠦᠵᠢᠯ ᠤᠨ ᠵᠠᠷᠤᠳᠠᠯ ᠢ ᠵᠣᠬᠢᠴᠠᠭᠤᠯᠤᠨ ᠬᠠᠮᠢᠶᠠᠷᠴᠤ᠂ ᠪᠦᠬᠦ ᠰᠢᠶᠠᠨ ᠤ ᠰᠤᠷᠭᠠᠨ ᠬᠥᠮᠦᠵᠢᠯ ᠤᠨ ᠵᠠᠷᠤᠳᠠᠯ ᠤᠨ | ᠬᠡᠷᠡᠭᠯᠡᠯᠲᠡ ᠶᠢᠨ ᠪᠠᠶᠢᠳᠠᠯ᠂ ᠡᠯ᠎ᠡ ᠲᠥᠷᠥᠯ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠂ ᠰᠤᠷᠤᠯᠭ᠎ᠠ ᠶᠢᠨ | ᠲᠡᠳᠬᠦᠮᠵᠢ ᠶᠢᠨ ᠮᠥᠩᠭᠦ ᠶᠢ ᠬᠢᠨᠠᠨ ᠵᠥᠪᠰᠢᠶᠡᠷᠡᠵᠦ ᠣᠯᠭᠤᠬᠤ ᠠᠵᠢᠯ ᠢ ᠬᠠᠷᠢᠭᠤᠴᠠᠨ᠎ᠠ᠃ | ︵ᠭᠤᠷᠪᠠ︶ ᠪᠦᠬᠦ ᠰᠢᠶᠠᠨ ᠤ ᠬᠡᠦᠬᠡᠳ ᠤᠨ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ᠂ ᠰᠠᠭᠤᠷᠢ | ᠰᠤᠷᠭᠠᠨ ᠬᠥᠮᠦᠵᠢᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ | ᠬᠥᠮᠦᠵᠢᠯ᠂ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ᠂ ᠠᠷᠠᠳ ᠠᠴᠠ ᠡᠷᠬᠢᠯᠡᠭᠰᠡᠨ ᠰᠤᠷᠭᠠᠭᠤᠯᠢ | ᠪᠠᠶᠢᠭᠤᠯᠬᠤ ᠶᠢ ᠬᠢᠨᠠᠨ ᠵᠥᠪᠰᠢᠶᠡᠷᠡᠬᠦ ᠠᠵᠢᠯ ᠢ ᠶᠡᠷᠦᠩᠬᠡᠶᠢᠯᠡᠨ ᠬᠠᠮᠢᠶᠠᠷᠤᠨ᠎ᠠ᠃ ᠰᠤᠷᠭᠠᠭᠤᠯᠢ ᠳᠤ ᠣᠷᠣᠬᠤ ᠨᠠᠰᠤᠨ ᠤ | ᠬᠡᠦᠬᠡᠳ᠂ ᠪᠠᠭᠠᠴᠤᠳ ᠢ ᠶᠠᠮᠠᠷ ᠨᠢᠭᠡᠨ ᠰᠢᠯᠲᠠᠭᠠᠨ ᠠᠴᠠ ᠪᠣᠯᠵᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠤᠯᠭ᠎ᠠ ᠶᠢ ᠨᠢ ᠬᠤᠶᠢᠰᠢᠯᠠᠭᠤᠯᠵᠤ᠂ ᠬᠡᠯᠲᠦᠷᠢᠭᠦᠯᠬᠦ ᠪᠠ ᠵᠣᠭᠰᠤᠭᠠᠬᠤ ᠠᠵᠢᠯ ᠢ ᠬᠢᠨᠠᠨ ᠵᠥᠪᠰᠢᠶᠡᠷᠡᠬᠦ ᠠᠵᠢᠯ ᠢ | ᠬᠢᠨ᠎ᠡ᠃ | ︵ᠳᠥᠷᠪᠡ︶ ᠪᠦᠬᠦ ᠰᠢᠶᠠᠨ ᠤ ᠪᠠᠭᠰᠢ ᠶᠢᠨ ᠠᠵᠢᠯ ᠢ ᠭᠤᠣᠯᠯᠠᠨ ᠬᠠᠮᠢᠶᠠᠷᠤᠨ᠎ᠠ᠃ ᠪᠠᠭᠰᠢ ᠶᠢᠨ ᠪᠣᠯᠪᠠᠰᠤᠷᠠᠭᠤᠯᠤᠯ᠂ | ᠦᠷᠭᠦᠯᠵᠢᠯᠡᠭᠰᠡᠨ ᠰᠤᠷᠭᠠᠨ ᠬᠥᠮᠦᠵᠢᠯ᠂ ᠠᠵᠢᠯᠲᠠᠨ ᠡᠯᠰᠡᠨ ᠬᠡᠷᠡᠭᠯᠡᠬᠦ ᠪᠠ ᠰᠢᠯᠵᠢᠭᠦᠯᠦᠨ ᠲᠣᠬᠢᠷᠠᠭᠤᠯᠬᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ (ᠲᠣᠪᠴᠢᠶ᠎ᠠ ᠶᠢᠨ ᠳᠣᠲᠣᠷᠠᠬᠢ ᠬᠤᠶᠠᠳᠤᠭᠠᠷ ᠲᠠᠰ ᠤᠨ | ᠨᠢᠭᠡᠴᠢ ᠶᠢᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠪᠠᠭᠲᠠᠭᠠᠨ᠎ᠠ︶ ᠶᠢᠨ ᠤᠳᠤᠷᠢᠳᠤᠯᠭ᠋ᠠ ᠶᠢ ᠲᠣᠬᠢᠷᠠᠭᠤᠯᠬᠤ᠂ | ᠬᠢᠨ᠋ᠠᠨ ᠰᠢᠯᠬᠠᠵᠤ ᠲᠣᠮᠢᠯᠠᠬᠤ ᠪᠠ ᠪᠠᠭᠤᠯᠭᠠᠬᠤ ᠶᠢ ᠬᠠᠮᠢᠶᠠᠷᠤᠨ᠎ᠠ᠃ ᠰᠠᠯᠠᠭ᠎ᠠ ᠮᠥᠴᠢᠷ ᠤᠨ ᠬᠠᠷᠢᠶ᠎ᠠ ᠰᠠᠯᠠᠭᠠᠨ | ᠲᠠᠰ ᠤᠨ ᠨᠢᠭᠡᠴᠢ ᠶᠢᠨ ᠤᠳᠤᠷᠢᠳᠤᠯᠭ᠎ᠠ ᠳᠤ ᠲᠣᠮᠢᠯᠠᠵᠤ ᠪᠠᠭᠤᠯᠭᠠᠬᠤ ᠰᠠᠨᠠᠯ ᠪᠠ ᠰᠠᠨᠠᠭᠤᠯᠭ᠎ᠠ ᠳᠤᠷᠠᠳᠤᠨ᠎ᠠ᠃ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠤᠷᠭᠠᠭᠤᠯᠢ ᠶᠢᠨ ᠺᠠᠳ᠋ᠷ ᠤᠨ ᠠᠵᠢᠯ ᠢ ᠬᠠᠮᠢᠶᠠᠷᠤᠨ᠎ᠠ᠃ ᠣᠷᠣᠨ ᠲᠤᠭ᠎ᠠ᠂ | ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠰᠤᠷᠭᠠᠭᠤᠯᠢ ᠶᠢᠨ ᠠᠵᠢᠯᠲᠠᠨ ᠤ ᠣᠷᠣᠨ | ᠲᠤᠭ᠎ᠠ ᠶᠢ ᠬᠢᠨᠠᠨ ᠲᠣᠭᠲᠠᠭᠠᠬᠤ ᠪᠠ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠵᠡᠷᠭᠡ ᠠᠵᠢᠯ ᠢ | ᠰᠠᠶᠢᠲᠤᠷ ᠭᠢᠨ᠎ᠡ᠃ ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ ᠪᠣᠯᠣᠨ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠦᠨᠡᠮᠰᠢᠬᠦ ᠠᠵᠢᠯ ᠢ ᠬᠠᠮᠢᠶᠠᠷᠤᠨ᠎ᠠ᠃ | ︵ᠲᠠᠪᠤ︶ ᠪᠦᠬᠦ ᠰᠢᠶᠠᠨ ᠤ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ᠂ | ᠤᠶᠤᠨ ᠤ ᠪᠣᠯᠪᠠᠰᠤᠨ ᠤ ᠪᠠᠶᠢᠭᠤᠯᠤᠯᠲᠠ ᠪᠣᠯᠣᠨ ᠤᠯᠤᠰ ᠲᠦᠷᠦ ᠦᠵᠡᠯ ᠰᠠᠨᠠᠭᠠᠨ ᠤ ᠠᠵᠢᠯ ᠢ ᠵᠢᠯᠤᠭᠤᠳᠴᠤ᠂ | ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠠᠵᠢᠯ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ | ᠤᠷᠠᠯᠢᠭ ᠤᠨ ᠠᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ᠂ ᠳᠤᠮᠳᠠᠳᠤ ᠪᠠᠭ᠎ᠠ | ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠪᠣᠯᠣᠨ ᠠᠮᠤᠷ ᠲᠦᠪᠰᠢᠨ ᠤ ᠬᠠᠮᠢᠶᠠᠷᠤᠯᠲᠠ ᠶᠢ ᠨᠢᠭᠡᠳᠦᠯᠲᠡᠢ | ᠲᠥᠯᠥᠪᠵᠢᠭᠦᠯᠦᠨ ᠵᠢᠯᠤᠭᠤᠳᠴᠤ᠂ ᠬᠡᠪ ᠴᠢᠨᠠᠷ ᠤᠨ ᠰᠤᠷᠭᠠᠨ ᠬᠥᠮᠦᠵᠢᠯ᠂ ᠰᠤᠷᠭᠠᠭᠤᠯᠢ ᠶᠢᠨ ᠠᠮᠤᠷ ᠲᠦᠪᠰᠢᠨ ᠤ | ᠬᠥᠮᠦᠵᠢᠯ ᠤᠨ ᠠᠵᠢᠯ ᠢ ᠬᠡᠷᠡᠭᠵᠢᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠶᠢᠴᠠᠭᠠᠯᠲᠠ᠂ | ᠰᠤᠷᠭᠠᠭᠤᠯᠢ ᠶᠢᠨ ᠲᠡᠷᠭᠡ ᠶᠢᠨ ᠬᠡᠷᠡᠭᠯᠡᠯᠲᠡ ᠶᠢᠨ ᠵᠥᠪᠰᠢᠶᠡᠷᠡᠯ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠨᠠᠨ | ᠵᠢᠯᠣᠭᠤᠳᠤᠯᠭ᠎ᠠ᠂ ᠰᠤᠷᠭᠠᠭᠤᠯᠢ ᠶᠢᠨ ᠢᠳᠡᠭᠡᠨ ᠤ ᠠᠷᠢᠭᠤᠨ ᠴᠡᠪᠡᠷ ᠤᠨ ᠪᠠᠶᠢᠴᠠᠭᠠᠯᠲᠠ᠂ ᠬᠡᠦᠬᠡᠳ ᠤᠨ ᠴᠡᠴᠡᠷᠯᠢᠭ ᠤᠨ | ᠠᠰᠠᠷᠠᠨ ᠬᠥᠮᠥᠵᠢᠭᠦᠯᠬᠦ᠂ ᠰᠤᠷᠭᠠᠨ ᠬᠥᠮᠦᠵᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠵᠡᠷᠭᠡ ᠪᠠᠭᠲᠠᠨ᠎ᠠ᠃ | ︵ᠵᠢᠷᠭᠤᠭ᠎ᠠ︶ ᠪᠦᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠤᠭᠴᠢ ᠡᠯᠰᠡᠬᠦ ᠰᠢᠯᠭᠠᠯᠲᠠ ᠵᠢᠴᠢ | ᠲᠡᠭᠦᠰᠬᠦ ᠦᠨᠡᠮᠯᠡᠯ ᠢ ᠰᠢᠯᠭᠠᠨ ᠳᠠᠷᠤᠮᠠᠯᠯᠠᠬᠤ ᠠᠵᠢᠯ ᠢ ᠬᠠᠮᠢᠶᠠᠷᠴᠤ᠂ ᠡᠯ᠎ᠡ ᠱᠠᠲᠤᠨ ᠤ ᠡᠯ᠎ᠡ ᠲᠥᠷᠥᠯ ᠤᠨ | ᠰᠤᠷᠭᠠᠭᠤᠯᠢ ᠶᠢᠨ ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ | ︵ᠳᠤᠯᠤᠭ᠎ᠠ︶ ᠪᠦᠬᠦ ᠰᠢᠶᠠᠨ ᠤ ᠰᠤᠷᠭᠠᠨ ᠬᠥᠮᠦᠵᠢᠯ ᠤᠨ ᠮᠡᠳᠡᠭᠡ ᠵᠠᠩᠭᠢ ᠶᠢ ᠪᠦᠷᠢᠳᠬᠡᠨ ᠵᠠᠳᠠᠯᠬᠤ ᠪᠠ ᠮᠡᠳᠡᠭᠡ | ᠵᠠᠩᠭᠢ ᠶᠢᠨ ᠰᠢᠰᠲ᠋ᠧᠮ ᠢ ᠨᠡᠭᠡᠭᠡᠨ ᠪᠠᠶᠢᠭᠤᠯᠬᠤ ᠠᠵᠢᠯ ᠢ ᠬᠠᠷᠢᠭᠤᠴᠠᠨ᠎ᠠ᠃ ᠦᠨᠳᠦᠰᠦᠲᠡᠨ ᠤ ᠰᠤᠷᠭᠠᠨ | ᠬᠥᠮᠦᠵᠢᠯ ᠤᠨ ᠠᠵᠢᠯ ᠢ ᠨᠢᠭᠡᠳᠦᠯᠲᠡᠢ ᠲᠥᠯᠥᠪᠯᠡᠨ ᠵᠢᠯᠣᠭᠤᠳᠤᠨ᠎ᠠ᠃ ᠦᠨᠳᠦᠰᠦᠲᠡᠨ ᠤ ᠰᠤᠷᠭᠠᠨ ᠬᠥᠮᠦᠵᠢᠯ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠦᠨᠳᠦᠰᠦᠲᠡᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ᠂ ᠵᠢᠭᠠᠬᠤ | ᠮᠠᠲ᠋ᠧᠷᠢᠶᠠᠯ ᠤᠨ ᠪᠠᠶᠢᠭᠤᠯᠤᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ᠎ᠠ᠃ | ︵ᠨᠠᠢᠮᠠ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ | ᠪᠡᠶᠡᠯᠡᠭᠦᠯᠦᠨ᠎ᠡ᠃ | ︵ᠶᠢᠰᠦ︶ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ | ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ | ᠠᠶᠤᠯ ᠦᠭᠡᠢ ᠦᠢᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠢ | ᠬᠠᠮᠠᠭᠠᠯᠠᠬᠤ ᠵᠡᠷᠭᠡ ᠠᠵᠢᠯ ᠢ ᠬᠠᠷᠢᠭᠤᠴᠠᠨ᠎ᠠ᠃ | ᠳᠥᠷᠪᠡᠳᠦᠭᠡᠷ ᠵᠦᠢᠯ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠳᠣᠣᠷᠠᠬᠢ ᠮᠡᠲᠦ | ᠳᠣᠲᠣᠭᠠᠳᠤ ᠪᠠᠶᠢᠭᠤᠯᠤᠮᠵᠢ ᠪᠠᠶᠢᠭᠤᠯᠪᠠ᠄ | ︵ᠨᠢᠭᠡ︶ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ | ᠨᠠᠮ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠭᠯᠡᠯᠲᠡ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ | ᠲᠥᠯᠥᠪᠵᠢᠭᠦᠯᠦᠨ ᠲᠣᠬᠢᠷᠠᠭᠤᠯᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠣᠯᠣᠨ | ᠦᠵᠡᠯ ᠰᠠᠨᠠᠭᠠᠨ ᠤ ᠪᠠᠶᠢᠭᠤᠯᠤᠯᠲᠠ ᠶᠢ ᠰᠠᠶᠢᠲᠤᠷ ᠬᠢᠵᠦ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠪᠣᠯᠣᠨ | ᠳᠤᠭᠤᠶᠢᠯᠠᠩ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠪᠦᠯᠬᠦᠮ ᠤᠨ ᠠᠵᠢᠯ᠂ ᠤᠶᠤᠨ ᠤ | ᠪᠣᠯᠪᠠᠰᠤᠨ ᠤ ᠪᠠᠶᠢᠭᠤᠯᠤᠯᠲᠠ ᠶᠢᠨ ᠠᠵᠢᠯ ᠪᠣᠯᠣᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ | ᠪᠠᠭᠤᠵᠤ ᠠᠮᠠᠷᠠᠭᠰᠠᠨ ᠺᠠᠳ᠋ᠷ ᠤᠨ ᠠᠵᠢᠯ ᠢ ᠰᠠᠶᠢᠲᠤᠷ ᠬᠢᠬᠦ ᠶᠢ ᠬᠠᠷᠢᠭᠤᠴᠠᠵᠤ᠂ ᠲᠣᠪᠴᠢᠶ᠎ᠠ ᠶᠢᠨ ᠤᠳᠤᠷᠢᠳᠤᠯᠭ᠎ᠠ ᠶᠢ | ᠬᠠᠮᠵᠢᠨ ᠪᠠᠶᠢᠭᠤᠯᠭ᠎ᠠ ᠶᠢᠨ ᠡᠳᠦᠷ ᠲᠤᠳᠤᠮ ᠤᠨ ᠠᠵᠢᠯ ᠢ ᠰᠢᠢᠳᠪᠦᠷᠢᠯᠡᠵᠦ᠂ ᠪᠠᠶᠢᠭᠤᠯᠭ᠎ᠠ ᠶᠢᠨ ᠵᠠᠰᠠᠭ ᠤᠨ | ᠶᠠᠪᠤᠳᠠᠯ ᠤᠨ ᠠᠵᠢᠯ ᠢ ᠵᠣᠬᠢᠴᠠᠭᠤᠯᠵᠤ᠂ ᠪᠠᠶᠢᠭᠤᠯᠭ᠎ᠠ ᠶᠢᠨ ᠬᠤᠷᠠᠯ ᠤᠨ ᠵᠣᠬᠢᠶᠠᠨ ᠪᠠᠶᠢᠭᠤᠯᠤᠯᠲᠠ᠂ ᠶᠡᠷᠦᠩᠬᠡᠶᠢᠯᠡᠭᠰᠡᠨ | ᠴᠢᠨᠠᠷᠲᠠᠢ ᠮᠠᠲ᠋ᠧᠷᠢᠶᠠᠯ ᠢ ᠲᠤᠭᠤᠷᠪᠢᠬᠤ᠂ ᠶᠡᠷᠦᠩᠬᠡᠶᠢᠯᠡᠭᠰᠡᠨ ᠴᠢᠨᠠᠷᠲᠠᠢ ᠪᠠᠶᠢᠴᠠᠭᠠᠨ ᠰᠤᠳᠤᠯᠤᠯᠲᠠ ᠬᠢᠬᠦ᠂ ᠨᠢᠭᠤᠴᠠ | ᠨᠢᠭᠤᠴᠠ ᠶᠢ ᠬᠠᠮᠠᠭᠠᠯᠠᠬᠤ᠂ ᠠᠮᠤᠷ ᠲᠦᠪᠰᠢᠨ ᠢ ᠬᠠᠮᠠᠭᠠᠯᠠᠬᠤ ᠪᠠ ᠮᠡᠳᠡᠭᠡ ᠵᠠᠩᠭᠢ ᠶᠢᠨ ᠪᠠᠶᠢᠭᠤᠯᠤᠯᠲᠠ ᠵᠡᠷᠭᠡ | ᠠᠵᠢᠯ ᠢ ᠬᠠᠷᠢᠭᠤᠴᠠᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠣᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠰᠤᠳᠤᠯᠵᠤ᠂ | ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦ ᠶᠢᠨ ᠪᠣᠳᠣᠯᠭ᠎ᠠ ᠶᠢᠨ ᠰᠤᠳᠤᠯᠭᠠᠨ ᠢ | ᠥᠷᠨᠢᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦ ᠶᠢᠨ ᠪᠣᠳᠣᠯᠭ᠎ᠠ ᠶᠢᠨ | ᠰᠤᠳᠤᠯᠭᠠᠨ ᠢ ᠥᠷᠨᠢᠭᠦᠯᠦᠨ᠎ᠡ᠃ | ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠡᠯ᠎ᠡ | ᠵᠦᠢᠯ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠯ᠎ᠡ ᠵᠦᠢᠯ ᠤᠨ | ᠰᠤᠷᠭᠠᠭᠤᠯᠢ ᠶᠢᠨ ᠡᠳ᠋ ᠤᠨ ᠶᠠᠪᠤᠳᠠᠯ ᠤᠨ ᠠᠵᠢᠯ ᠢ ᠰᠠᠶᠢᠲᠤᠷ ᠬᠢᠬᠦ ᠶᠢ ᠵᠢᠯᠤᠭᠤᠳᠬᠤ ᠪᠠ ᠬᠢᠨᠠᠯᠲᠠ ᠲᠠᠯᠪᠢᠵᠤ᠂ | ᠡᠳ᠋ ᠤᠨ ᠶᠠᠪᠤᠳᠠᠯ ᠤᠨ ᠠᠵᠢᠯᠲᠠᠨ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠬᠦ ᠶᠢ ᠴᠢᠩᠭᠠᠳᠬᠠᠨ᠂ | ᠲᠣᠪᠴᠢᠶᠠᠨ ᠤ ᠲᠤᠰ ᠱᠠᠲᠤᠨ ᠤ ᠣᠨ ᠤ ᠵᠠᠷᠤᠳᠠᠯ ᠤᠨ ᠲᠥᠰᠥᠪ ᠪᠣᠯᠣᠨ ᠲᠥᠰᠥᠪ ᠤᠨ ᠭᠦᠢᠴᠡᠳᠬᠡᠯ ᠪᠣᠯᠣᠨ | ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠰᠤᠷᠭᠠᠨ ᠬᠥᠮᠦᠵᠢᠯ᠂ ᠲᠠᠰᠤᠭ ᠤᠨ | ᠮᠡᠷᠭᠡᠵᠢᠯ ᠤᠨ ᠵᠠᠷᠤᠳᠠᠯ ᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠰᠤᠷᠭᠠᠨ ᠬᠥᠮᠦᠵᠢᠯ ᠤᠨ ᠦᠢᠯᠡᠰ ᠤᠨ | ᠲᠤᠭ᠎ᠠ ᠪᠦᠷᠢᠳᠬᠡᠯ ᠤᠨ ᠮᠡᠳᠡᠭᠦᠯᠦᠯᠲᠡ᠂ ᠰᠤᠷᠭᠠᠨ ᠬᠥᠮᠦᠵᠢᠯ ᠤᠨ ᠵᠠᠷᠤᠳᠠᠯ ᠤᠨ ᠰᠠᠷ᠎ᠠ ᠶᠢᠨ ᠮᠡᠳᠡᠭᠦᠯᠦᠯᠲᠡ᠂ | ᠤᠯᠠᠷᠢᠯ ᠤᠨ ᠮᠡᠳᠡᠭᠦᠯᠦᠯᠲᠡ᠂ ᠣᠨ ᠤ ᠮᠡᠳᠡᠭᠦᠯᠦᠯᠲᠡ ᠶᠢ ᠬᠠᠷᠢᠭᠤᠴᠠᠵᠤ᠂ ᠪᠠᠶᠢᠭᠤᠯᠤᠯᠭ᠎ᠠ ᠶᠢᠨ ᠴᠠᠯᠢᠩ ᠲᠠᠯᠪᠢᠬᠤ ᠶᠢ | ᠬᠠᠷᠢᠭᠤᠴᠠᠨ᠂ ᠵᠢᠯ ᠪᠦᠷᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠠᠯᠪᠠᠨ | ᠬᠡᠷᠡᠭᠯᠡᠭᠡᠨ ᠤ ᠵᠠᠷᠤᠳᠠᠯ ᠪᠣᠯᠣᠨ ᠰᠤᠷᠭᠠᠨ ᠬᠥᠮᠦᠵᠢᠯ ᠤᠨ ᠲᠤᠰᠬᠠᠢ ᠵᠦᠢᠯ ᠤᠨ ᠵᠠᠷᠤᠳᠠᠯ ᠪᠠᠭᠤᠯᠭᠠᠨ᠎ᠠ᠃ | ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠶᠡᠷᠦᠩᠬᠡᠢ | ᠲᠥᠯᠦᠪᠵᠢᠭᠦᠯᠭᠡ᠂ ᠪᠠᠶᠢᠷᠢᠯᠠᠭᠤᠯᠤᠯᠲᠠ᠂ ᠰᠢᠮᠳᠠᠭᠤᠯᠤᠨ ᠪᠠᠶᠢᠴᠠᠭᠠᠬᠤ᠂ ᠨᠠᠶᠢᠳᠠᠪᠤᠷᠢᠵᠢᠭᠤᠯᠬᠤ ᠪᠠ ᠳ᠋ᠦᠩᠨᠡᠵᠦ | ᠬᠥᠬᠢᠭᠦᠯᠦᠨ ᠰᠠᠶᠢᠰᠢᠶᠠᠬᠤ ᠶᠢ ᠬᠠᠷᠢᠭᠤᠴᠠᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠠᠮᠤᠷ ᠲᠦᠪᠰᠢᠨ ᠪᠠ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠠᠵᠢᠯ ᠤᠨ ᠥᠷᠨᠢᠯᠲᠡ ᠶᠢ | ᠬᠠᠷᠢᠭᠤᠴᠠᠨ᠂ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ︽ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ︾ ᠶᠢ | ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠪᠠᠭᠰᠢ ᠰᠤᠷᠤᠭᠴᠢᠳ ᠤᠨ ᠭᠤᠮᠣᠳᠠᠯ ᠲᠣᠭᠠᠴᠢᠭᠰᠠᠨ ᠬᠡᠷᠡᠭ | ᠪᠠ ᠰᠤᠷᠤᠭᠴᠢᠳ ᠤᠨ ᠭᠡᠮᠲᠦᠯ ᠤᠨ ᠠᠳᠡᠯ ᠤᠨ ᠬᠡᠷᠡᠭ ᠢ ᠭᠥᠯᠢᠶᠡᠨ ᠠᠪᠴᠤ ᠰᠢᠢᠳᠪᠦᠷᠢᠯᠡᠨ᠂ ᠰᠤᠷᠭᠠᠭᠤᠯᠢ ᠪᠠ | ᠪᠠᠭᠰᠢ ᠰᠤᠷᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠰᠤᠷᠭᠠᠭᠤᠯᠢ᠂ ᠬᠡᠦᠬᠡᠳ ᠤᠨ | ᠴᠡᠴᠡᠷᠯᠢᠭ ᠤᠨ ᠠᠮᠤᠷ ᠲᠦᠪᠰᠢᠨ ᠤ ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠬᠠᠷᠢᠭᠤᠴᠠᠨ᠂ ᠭᠡᠨᠡᠳᠲᠡ ᠶᠢᠨ | ᠠᠮᠤᠷ ᠲᠦᠪᠰᠢᠨ ᠤ ᠬᠡᠷᠡᠭ ᠢ ᠰᠢᠢᠳᠪᠦᠷᠢᠯᠡᠬᠦ ᠨᠢᠭᠡᠳᠦᠯᠲᠡᠢ ᠲᠣᠬᠢᠷᠠᠭᠤᠯᠤᠯᠲᠠ ᠶᠢ ᠬᠠᠷᠢᠭᠤᠴᠠᠨ᠎ᠠ᠃ | ᠪᠦᠬᠦ ᠰᠢᠶᠠᠨ ᠤ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠠᠵᠢᠯ ᠢ ᠵᠢᠯᠤᠭᠤᠳᠬᠤ ᠴᠢᠨᠠᠷᠲᠠᠢ | ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠤᠮᠳᠠᠳᠤ | ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠶᠣᠰᠣ ᠰᠤᠷᠲᠠᠬᠤᠨ ᠤ ᠬᠠᠮᠢᠶ᠎ᠠ ᠪᠦᠬᠦᠢ ᠡᠯ᠎ᠡ ᠵᠦᠢᠯ ᠤᠨ ᠰᠤᠷᠭᠠᠨ | ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃ ᠳᠤᠮᠳᠠᠳᠤ ᠪᠠᠭ᠎ᠠ | ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠶᠢᠨ ᠠᠵᠢᠯ ᠵᠢᠴᠢ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ | ᠪᠠᠶᠢᠭᠤᠯᠤᠮᠵᠢ ᠪᠣᠯᠣᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠵᠢᠯᠤᠭᠤᠳᠴᠤ᠂ ᠳᠤᠮᠳᠠᠳᠤ ᠪᠠᠭ᠎ᠠ | ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠥᠷᠨᠢᠭᠦᠯᠬᠦ ᠶᠢ ᠵᠢᠯᠣᠭᠤᠳᠤᠨ᠎ᠠ᠃ | ᠡᠯ᠎ᠡ ᠰᠤᠷᠭᠠᠭᠤᠯᠢ ᠳᠤ ᠳᠡᠭᠡᠳᠦ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠎ᠠ᠃ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠠᠮᠢᠶ᠎ᠠ ᠪᠦᠬᠦᠢ | ᠶᠣᠰᠣ ᠰᠤᠷᠲᠠᠬᠤᠨ ᠤ ᠬᠥᠮᠦᠵᠢᠯ ᠤᠨ ᠰᠤᠷᠭᠠᠨ ᠬᠥᠮᠦᠵᠢᠯ ᠤᠨ ᠠᠵᠢᠯ ᠢ ᠵᠢᠯᠤᠭᠤᠳᠴᠤ᠂ ᠵᠣᠬᠢᠴᠠᠭᠤᠯᠵᠤ᠂ | ᠪᠠᠶᠢᠴᠠᠭᠠᠵᠤ᠂ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠰᠤᠷᠭᠠᠨ ᠬᠥᠮᠦᠵᠢᠯ ᠪᠣᠯᠣᠨ ᠨᠡᠶᠢᠭᠡᠮ ᠤᠨ ᠦᠢᠯᠡᠳᠦᠯᠭᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ | ᠵᠢᠯᠣᠭᠤᠳᠤᠨ᠎ᠠ᠃ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠲᠠᠯ᠎ᠠ ᠪᠠᠷ ᠬᠢ ᠰᠤᠷᠤᠯᠴᠠᠯᠭ᠎ᠠ ᠪᠠ | ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ᠰᠤᠷᠭᠠᠭᠤᠯᠢ ᠶᠢᠨ ᠲᠠᠯ᠎ᠠ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠬᠤᠷᠢᠶᠠᠨ ᠠᠪᠬᠤ ᠪᠠ ᠲᠥᠯᠥᠬᠦ ᠶᠢ | ᠵᠣᠬᠢᠴᠠᠭᠤᠯᠬᠤ᠂ ᠰᠤᠷᠭᠠᠭᠤᠯᠢ ᠶᠢᠨ ᠬᠤᠪᠴᠠᠰᠤ ᠶᠢ ᠵᠢᠷᠤᠮᠵᠢᠭᠤᠯᠤᠨ ᠲᠣᠭᠲᠠᠭᠠᠬᠤ᠂ ᠰᠤᠷᠤᠭᠴᠢ ᠶᠢᠨ ᠰᠦ᠂ | ᠳᠠᠰᠬᠠᠯ ᠤᠨ ᠳᠡᠪᠲᠡᠷ ᠢ ᠲᠣᠬᠢᠷᠠᠭᠤᠯᠤᠨ ᠬᠦᠷᠭᠡᠬᠦ᠂ ᠰᠤᠷᠤᠭᠴᠢ ᠶᠢᠨ ᠬᠤᠭᠤᠯᠠᠨ ᠭᠡᠷ ᠤᠨ ᠪᠠᠶᠢᠷᠢ ᠶᠢᠨ ᠵᠢᠷᠤᠮᠵᠢᠭᠰᠠᠨ | ᠬᠠᠮᠢᠶᠠᠷᠤᠯᠲᠠ ᠵᠢᠴᠢ ᠠᠳᠠᠯᠢᠳᠬᠠᠨ ᠰᠢᠯᠭᠠᠷᠠᠭᠤᠯᠬᠤ ᠠᠵᠢᠯ ᠢ ᠬᠠᠷᠢᠭᠤᠴᠠᠨ᠎ᠠ᠃ | ᠲᠣᠪᠴᠢᠶ᠎ᠠ ᠶᠢᠨ ᠪᠠᠶᠢᠭᠤᠯᠭ᠎ᠠ ᠶᠢᠨ ᠬᠠᠷᠢᠶ᠎ᠠ ᠨᠢᠭᠡᠴᠢ ᠶᠢᠨ ᠠᠵᠢᠯᠲᠠᠨ ᠤ ᠶᠠᠪᠤᠳᠠᠯ᠂ ᠴᠠᠯᠢᠩ᠂ ᠪᠠᠶᠢᠭᠤᠯᠤᠮᠵᠢ ᠶᠢᠨ | ᠣᠷᠣᠨ ᠲᠤᠭ᠎ᠠ᠂ ᠲᠤᠰᠬᠠᠢ ᠮᠡᠷᠭᠡᠵᠢᠯ ᠤᠨ ᠲᠤᠰᠢᠶᠠᠯ ᠢ ᠬᠢᠨᠠᠨ ᠲᠣᠭᠲᠠᠭᠠᠵᠤ ᠭᠤᠶᠤᠴᠢᠯᠠᠨ ᠮᠡᠳᠡᠭᠦᠯᠬᠦ ᠵᠡᠷᠭᠡ | ᠠᠵᠢᠯ ᠢ ᠬᠠᠷᠢᠭᠤᠴᠠᠨ ᠵᠢᠯᠤᠭᠤᠳᠴᠤ᠂ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ᠂ ᠪᠠᠭᠰᠢ ᠠᠵᠢᠯᠲᠠᠨ | ᠠᠵᠢᠯᠴᠢᠨ ᠢ ᠬᠢᠨᠠᠨ ᠰᠢᠯᠭᠠᠵᠤ ᠰᠢᠯᠢᠳᠡᠭ ᠢ ᠨᠢ ᠰᠢᠯᠭᠠᠷᠠᠭᠤᠯᠬᠤ᠂ ᠱᠠᠩᠨᠠᠵᠤ ᠲᠣᠷᠭᠠᠬᠤ᠂ ᠠᠵᠢᠯᠲᠠᠨ ᠤ ᠶᠠᠪᠤᠳᠠᠯ ᠤᠨ | ᠲᠠᠩᠰᠠ ᠡᠪᠬᠡᠮᠡᠯ ᠤᠨ ᠠᠵᠢᠯ ᠢ ᠬᠠᠷᠢᠭᠤᠴᠠᠨ᠎ᠠ᠃ ᠴᠢᠳᠠᠪᠤᠷᠢᠲᠠᠨ ᠰᠣᠯᠢᠯᠴᠠᠬᠤ᠂ ᠠᠵᠢᠯᠲᠠᠨ ᠢ ᠲᠣᠬᠢᠷᠠᠭᠤᠯᠬᠤ᠂ | ᠺᠠᠳ᠋ᠷ ᠢ ᠬᠢᠨᠠᠨ ᠰᠢᠯᠭᠠᠬᠤ᠂ ᠲᠡᠭᠦᠰᠦᠭᠰᠡᠳ ᠲᠤ ᠠᠵᠢᠯ ᠣᠯᠭᠤᠬᠤ ᠵᠢᠯᠣᠭᠤᠳᠤᠯᠭ᠎ᠠ᠂ ᠺᠠᠳ᠋ᠷ ᠤᠨ ᠲᠤᠭ᠎ᠠ | ᠪᠦᠷᠢᠳᠬᠡᠯ ᠤᠨ ᠠᠵᠢᠯ ᠢ ᠬᠠᠷᠢᠭᠤᠴᠠᠨ᠎ᠠ᠃ | ᠪᠠᠭᠰᠢ ᠨᠠᠷ ᠢ ᠵᠣᠬᠢᠶᠠᠨ ᠪᠠᠶᠢᠭᠤᠯᠤᠨ ᠪᠣᠯᠪᠠᠰᠤᠷᠠᠭᠤᠯᠵᠤ ᠰᠤᠷᠤᠯᠴᠠᠭᠤᠯᠵᠤ᠂ ᠨᠡᠶᠢᠲᠡᠯᠢᠭ ᠬᠡᠯᠡ ᠶᠢ | ᠳᠡᠯᠭᠡᠷᠡᠭᠦᠯᠦᠨ ᠲᠦᠭᠡᠮᠡᠯᠵᠢᠭᠦᠯᠵᠦ᠂ ᠬᠡᠷᠡᠭᠯᠡᠭᠡᠨ ᠤ ᠦᠭᠡ ᠳᠤ ᠬᠡᠷᠡᠭᠯᠡᠬᠦ ᠦᠰᠦᠭ ᠢ ᠵᠢᠷᠤᠮᠵᠢᠭᠤᠯᠤᠨ᠎ᠠ᠃ | ︵ᠬᠤᠶᠠᠷ︶ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠲᠠᠰᠤᠭ | ᠪᠥᠬᠦ ᠰᠢᠶᠠᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠳᠤᠮᠳᠠᠳᠤ ᠰᠤᠷᠭᠠᠭᠤᠯᠢ ᠳᠤ | ᠰᠢᠯᠭᠠᠭᠤᠯᠬᠤ ᠪᠠᠷ ᠨᠡᠷ᠎ᠡ ᠮᠡᠳᠡᠭᠦᠯᠬᠦ ᠵᠢᠴᠢ ᠰᠢᠯᠭᠠᠯᠲᠠ ᠶᠢᠨ ᠠᠵᠢᠯ ᠢ ᠵᠣᠬᠢᠶᠠᠨ ᠪᠠᠶᠢᠭᠤᠯᠵᠤ᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠵᠣᠬᠢᠶᠠᠨ ᠪᠠᠶᠢᠭᠤᠯᠬᠤ ᠠᠵᠢᠯ ᠢ | ᠡᠭᠦᠷᠭᠡᠯᠡᠵᠦ᠂ ᠪᠠᠭᠰᠢ ᠶᠢᠨ ᠬᠢᠷᠢ ᠬᠡᠮ ᠤᠨ ᠰᠢᠯᠭᠠᠯᠲᠠ᠂ ᠨᠠᠰᠤᠨ ᠳᠤ ᠭᠦᠷᠦᠭᠰᠡᠳ ᠤᠨ ᠰᠢᠯᠭᠠᠯᠲᠠ ᠶᠢᠨ ᠨᠡᠷ᠎ᠡ | ᠮᠡᠳᠡᠭᠦᠯᠬᠦ ᠠᠵᠢᠯ ᠢ ᠡᠭᠦᠷᠭᠡᠯᠡᠨ᠎ᠡ᠃ | ᠰᠤᠷᠭᠠᠭᠤᠯᠢ ᠬᠡᠦᠬᠡᠳ ᠤᠨ ᠴᠡᠴᠡᠷᠯᠢᠭ ᠤᠨ ᠢᠳᠡᠭᠡᠨ᠂ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ | ᠬᠠᠮᠢᠶᠠᠷᠤᠯᠲᠠ ᠶᠢ ᠬᠠᠷᠢᠭᠤᠴᠠᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ | ᠰᠤᠷᠤᠭᠴᠢᠳ ᠤᠨ ᠰᠤᠷᠭᠠᠭᠤᠯᠢ ᠳᠡᠪᠰᠢᠬᠦ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠠᠵᠢᠯ ᠢ ᠬᠠᠷᠢᠭᠤᠴᠠᠨ᠂ | ᠰᠤᠷᠭᠠᠭᠤᠯᠢ ᠬᠡᠦᠬᠡᠳ ᠤᠨ ᠴᠡᠴᠡᠷᠯᠢᠭ ᠤᠨ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ ᠬᠠᠷᠢᠭᠤᠴᠠᠵᠤ᠂ | ᠳᠤᠮᠳᠠᠳᠤ ᠪᠠᠭ᠎ᠠ ᠰᠤᠷᠭᠠᠭᠤᠯᠢ ᠶᠢᠨ ᠤᠯᠤᠰ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠳᠡᠭᠡᠭᠰᠢ ᠮᠡᠳᠡᠭᠦᠯᠬᠦ | ᠲᠤᠭ᠎ᠠ ᠪᠠᠷᠢᠮᠲᠠ ᠶᠢᠨ ᠠᠵᠢᠯ ᠢ ᠬᠠᠷᠢᠭᠤᠴᠠᠨ᠂ ᠮᠠᠯᠵᠢᠬᠤ ᠲᠠᠷᠢᠶᠠᠯᠠᠬᠤ ᠣᠷᠣᠨ ᠤ ᠰᠢᠮ᠎ᠡ ᠲᠡᠵᠢᠭᠡᠯ ᠤᠨ | ᠬᠤᠭᠤᠯᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠪᠦᠬᠦ ᠰᠢᠶᠠᠨ ᠤ ᠰᠠᠭᠤᠷᠢ ᠰᠤᠷᠭᠠᠨ ᠬᠥᠮᠦᠵᠢᠯ᠂ ᠬᠡᠦᠬᠡᠳ ᠤᠨ ᠰᠤᠷᠭᠠᠨ ᠬᠥᠮᠦᠵᠢᠯ᠂ ᠣᠨᠴᠠᠭᠠᠶ ᠰᠤᠷᠭᠠᠨ | ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ᠂ | ᠦᠨᠳᠦᠰᠦᠲᠡᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠪᠠ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ | ᠠᠵᠢᠯ ᠢ ᠡᠭᠦᠷᠭᠡᠯᠡᠨ᠎ᠡ᠃ | ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠰᠤᠷᠭᠠᠭᠤᠯᠢ ᠶᠢᠨ ᠤᠯᠤᠰ ᠤᠨ ᠰᠤᠷᠭᠠᠨ | ᠬᠥᠮᠦᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠢ ᠬᠡᠷᠡᠭᠵᠢᠭᠦᠯᠵᠦ | ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ᠂ ᠪᠠᠶᠢᠴᠠᠭᠠᠬᠤ ᠶᠢ ᠬᠠᠷᠢᠭᠤᠴᠠᠵᠤ᠂ ᠪᠦᠬᠦ ᠰᠢᠶᠠᠨ ᠤ ᠡᠯ᠎ᠡ ᠳᠤᠮᠳᠠᠳᠤ ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠭᠠᠭᠤᠯᠢ ᠡᠷᠬᠢᠯᠡᠭᠰᠡᠨ ᠬᠢᠷᠢ ᠬᠡᠮᠵᠢᠶ᠎ᠡ᠂ ᠰᠤᠷᠭᠠᠨ ᠬᠥᠮᠦᠵᠢᠯ ᠤᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠰᠤᠷᠭᠠᠨ ᠬᠥᠮᠦᠵᠢᠯ ᠤᠨ ᠶᠠᠰᠤ ᠴᠢᠨᠠᠷ ᠢ ᠦᠨᠡᠯᠡᠨ ᠵᠢᠱᠢᠬᠦ ᠠᠵᠢᠯ ᠢ | ᠬᠠᠷᠢᠭᠤᠴᠠᠵᠤ᠂ ᠬᠤᠯᠪᠣᠭᠳᠠᠯ ᠪᠦᠬᠦᠢ ᠰᠤᠷᠭᠠᠨ ᠬᠥᠮᠦᠵᠢᠯ ᠤᠨ ᠪᠦᠬᠦ ᠲᠠᠯ᠎ᠠ ᠶᠢᠨ ᠴᠢᠨᠠᠷᠲᠠᠢ ᠴᠢᠬᠤᠯᠠ ᠶᠡᠭᠡ | ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠬᠦ ᠶᠢ ᠬᠠᠷᠢᠭᠤᠴᠠᠬᠤ ᠶᠢᠨ ᠬᠠᠮᠲᠤ ᠬᠤᠲᠠ ᠶᠢᠨ ᠵᠠᠰᠠᠭ ᠤᠨ ᠣᠷᠳᠣᠨ | ᠪᠠ ᠳᠡᠭᠡᠳᠦ ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠲᠤ ᠰᠢᠮᠳᠠᠭᠤᠯᠤᠨ ᠵᠢᠯᠤᠭᠤᠳᠬᠤ ᠰᠠᠨᠠᠯ ᠪᠠ ᠰᠠᠨᠠᠭᠤᠯᠭ᠎ᠠ ᠳᠤᠷᠠᠳᠴᠤ᠂ ᠤᠳᠤᠷᠢᠳᠤᠯᠭ᠎ᠠ ᠶᠢᠨ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠳᠦᠰᠦᠯᠡᠯ ᠬᠠᠩᠭᠠᠵᠤ᠂ ᠤᠳᠤᠷᠢᠳᠤᠯᠭ᠎ᠠ ᠪᠠ ᠳᠡᠭᠡᠳᠦ ᠱᠠᠲᠤᠨ ᠤ | ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠤᠨ ᠵᠦᠢᠯᠡᠰ ᠢ ᠪᠡᠶᠡᠯᠡᠭᠦᠯᠦᠨ᠎ᠡ᠃ | ᠪᠦᠬᠦ ᠰᠢᠶᠠᠨ ᠤ ᠰᠤᠷᠭᠠᠨ ᠬᠥᠮᠦᠵᠢᠯ ᠤᠨ ᠮᠡᠷᠭᠡᠵᠢᠯ ᠲᠣᠨᠣᠭᠯᠠᠯ ᠤᠨ ᠲᠥᠯᠦᠪᠵᠢᠭᠦᠯᠭᠡ᠂ ᠵᠢᠷᠤᠮᠵᠢᠯ᠂ ᠪᠠᠷᠢᠮᠵᠢᠶ᠎ᠠ | ᠲᠣᠭᠲᠠᠭᠠᠬᠤ᠂ ᠵᠣᠬᠢᠴᠠᠭᠤᠯᠬᠤ᠂ ᠪᠠᠶᠢᠴᠠᠭᠠᠬᠤ᠂ ᠰᠢᠯᠭᠠᠨ ᠠᠪᠬᠤ ᠵᠢᠴᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠰᠤᠷᠭᠠᠭᠤᠯᠢ ᠶᠢᠨ ᠲᠤᠷᠰᠢᠯᠲᠠ ᠶᠢᠨ ᠲᠠᠰᠤᠭ᠂ ᠨᠣᠮ ᠤᠨ ᠰᠠᠩ᠂ ᠮᠡᠳᠡᠭᠡ ᠵᠠᠩᠭᠢᠵᠢᠯᠲᠠ ᠶᠢᠨ ᠰᠤᠷᠭᠠᠨ | ᠬᠥᠮᠦᠵᠢᠯ ᠤᠨ ᠮᠡᠷᠭᠡᠵᠢᠯ ᠤᠨ ᠪᠠᠶᠢᠭᠤᠯᠤᠯᠲᠠ᠂ ᠬᠠᠮᠢᠶᠠᠷᠤᠯᠲᠠ᠂ ᠬᠡᠷᠡᠭᠯᠡᠯᠲᠡ ᠵᠡᠷᠭᠡ ᠲᠠᠯ᠎ᠠ ᠶᠢᠨ ᠵᠢᠯᠤᠭᠤᠳᠬᠤ | ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ ᠵᠢᠭᠠᠨ ᠰᠤᠷᠭᠠᠯᠲᠠ ᠶᠢᠨ ᠬᠡᠮᠵᠢᠭᠦᠷᠯᠢᠭ ᠤᠨ ᠶᠠᠰᠤ ᠴᠢᠨᠠᠷ ᠢ ᠪᠠᠶᠢᠴᠠᠭᠠᠨ | ᠬᠡᠮᠵᠢᠬᠦ ᠵᠢᠴᠢ ᠰᠤᠷᠬᠤ ᠪᠠᠭᠠᠵᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠯ᠎ᠡ ᠰᠤᠷᠭᠠᠭᠤᠯᠢ ᠶᠢᠨ ᠶᠡᠭᠡ | ᠬᠡᠮᠵᠢᠶᠡᠨ ᠤ ᠲᠣᠨᠤᠭ ᠲᠥᠬᠦᠭᠡᠷᠦᠮᠵᠢ ᠶᠢᠨ ᠳᠠᠭᠠᠭᠠᠴᠢᠯᠠᠯᠲᠠ ᠵᠠᠷᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠪᠠᠭᠰᠢ ᠵᠢᠴᠢ ᠲᠣᠨᠤᠭ ᠲᠥᠬᠦᠭᠡᠷᠦᠮᠵᠢ ᠶᠢᠨ | ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ ᠰᠤᠷᠭᠠᠨ | ᠬᠥᠮᠦᠵᠢᠯ ᠤᠨ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠬᠠᠩᠭᠠᠯᠭ᠎ᠠ ᠪᠠ ᠲᠣᠨᠤᠭ ᠲᠥᠬᠦᠭᠡᠷᠦᠮᠵᠢ ᠶᠢᠨ ᠠᠵᠢᠯ ᠢ | ᠬᠠᠷᠢᠭᠤᠴᠠᠨ᠎ᠠ᠃ ᠪᠦᠬᠦ ᠰᠢᠶᠠᠨ ᠤ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ | ᠲᠥᠯᠦᠪᠵᠢᠭᠦᠯᠭᠡ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠰᠦᠯᠵᠢᠶᠡᠨ ᠤ ᠪᠠᠶᠢᠭᠤᠯᠤᠯᠲᠠ ᠶᠢᠨ | ᠵᠢᠷᠤᠮᠵᠢᠯ ᠢ ᠬᠠᠷᠢᠭᠤᠴᠠᠨ ᠲᠣᠭᠲᠠᠭᠠᠵᠤ᠂ ᠪᠥᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠬᠢᠭᠡᠳ ᠬᠡᠷᠡᠭᠯᠡᠭᠡᠨ ᠤ ᠠᠵᠢᠯ ᠢ ᠵᠢᠯᠤᠭᠤᠳᠴᠤ᠂ ᠰᠤᠷᠭᠠᠨ ᠬᠥᠮᠦᠵᠢᠯ ᠤᠨ | ᠰᠢᠰᠲ᠋ᠧᠮ ᠤᠨ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠲᠣᠭᠲᠠᠭᠠᠯ ᠢ | ᠪᠠᠶᠢᠭᠤᠯᠤᠨ ᠪᠦᠷᠢᠨᠰᠢᠭᠦᠯᠵᠦ᠂ ᠪᠥᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠰᠦᠯᠵᠢᠶᠡᠨ ᠤ | ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ᠃ ᠮᠡᠳᠡᠭᠡ ᠵᠠᠩᠭᠢ ᠶᠢᠨ | ᠮᠡᠷᠭᠡᠵᠢᠯ ᠤᠨ ᠰᠤᠳᠤᠯᠬᠤ᠂ ᠤᠬᠠᠭᠤᠯᠬᠤ᠂ ᠵᠢᠯᠤᠭᠤᠳᠬᠤ ᠪᠠ ᠠᠬᠢᠭᠤᠯᠬᠤ ᠠᠵᠢᠯ ᠢ ᠬᠠᠷᠢᠭᠤᠴᠠᠵᠤ᠂ ᠮᠡᠳᠡᠭᠡ | ᠵᠠᠩᠭᠢ ᠶᠢᠨ ᠮᠡᠷᠭᠡᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ | ᠠᠵᠢᠯ ᠳᠠᠬᠢ ᠦᠢᠯᠡᠳᠦᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠪᠠᠶᠢᠭᠤᠯᠭ᠋ᠠ ᠶᠢᠨ ᠨᠠᠮ ᠤᠨ ᠠᠵᠢᠯᠯᠠᠬᠤ ᠬᠤᠷᠢᠶ᠎ᠠ᠃ ᠪᠠᠶᠢᠭᠤᠯᠭ᠎ᠠ ᠪᠣᠯᠣᠨ ᠬᠠᠷᠢᠶ᠎ᠠ ᠨᠢᠭᠡᠴᠢ ᠶᠢᠨ ᠢᠶᠠᠨ ᠨᠠᠮ ᠪᠠ | ᠣᠯᠠᠨ ᠲᠦᠮᠡᠨ ᠤ ᠠᠵᠢᠯ ᠢ ᠬᠠᠷᠢᠭᠤᠴᠠᠨ᠎ᠠ᠃ | ᠬᠢᠨᠠᠨ ᠵᠢᠯᠤᠭᠤᠳᠬᠤ ᠲᠠᠰᠤᠭ | ᠪᠦᠬᠦ ᠰᠢᠶᠠᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ | ᠲᠥᠯᠦᠪᠵᠢᠭᠦᠯᠭᠡ ᠪᠠ ᠲᠥᠰᠥᠯ ᠢ ᠲᠤᠭᠤᠷᠪᠢᠨ ᠲᠣᠭᠲᠠᠭᠠᠨ᠎ᠠ᠃ ᠨᠠᠮ ᠪᠠ ᠤᠯᠤᠰ ᠠᠴᠠ ᠲᠣᠭᠲᠠᠭᠠᠭᠰᠠᠨ ᠬᠠᠤᠯᠢ | ᠴᠠᠭᠠᠵᠠ᠂ ᠬᠠᠤᠯᠢ ᠲᠣᠭᠲᠠᠭᠠᠯ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠬᠢᠨᠠᠨ ᠵᠢᠯᠣᠭᠤᠳᠤᠭᠳᠠᠭᠰᠠᠨ | ᠨᠢᠭᠡᠴᠢ ᠶᠢᠨ ᠠᠵᠢᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠰᠢᠶᠠᠨ ᠤ ᠰᠤᠷᠭᠠᠨ ᠬᠥᠮᠦᠵᠢᠯ ᠤᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠳᠡᠭᠡᠳᠦ ᠱᠠᠲᠤᠨ ᠤ ᠰᠤᠷᠭᠠᠨ ᠬᠥᠮᠦᠵᠢᠯ ᠤᠨ ᠬᠢᠨᠠᠨ | ᠵᠢᠯᠤᠭᠤᠳᠬᠤ ᠪᠠᠶᠢᠭᠤᠯᠤᠮᠵᠢ ᠶᠢᠨ ᠲᠤᠰᠢᠶᠠᠭᠰᠠᠨ ᠵᠦᠢᠯᠡᠰ ᠢ ᠳᠠᠭᠠᠭᠠᠨ ᠭᠦᠢᠴᠡᠳᠬᠡᠨ᠎ᠡ᠃ | ᠲᠠᠪᠤᠳᠤᠭᠠᠷ ᠵᠦᠢᠯ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ 8 ᠬᠥᠮᠥᠨ ᠤ ᠣᠷᠣᠨ | ᠲᠤᠭ᠎ᠠ ᠲᠠᠢ ᠰᠠᠯᠠᠭ᠎ᠠ ᠮᠥᠴᠢᠷ ᠤᠨ ᠳᠠᠷᠤᠭ᠎ᠠ 1᠂ ᠳᠡᠳ᠋ ᠲᠣᠪᠴᠢᠶᠠᠨ ᠳᠠᠷᠤᠭ᠎ᠠ 3 ᠪᠣᠶ᠃ | ᠵᠢᠷᠭᠤᠳᠤᠭᠠᠷ ᠵᠦᠢᠯ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠬᠠᠷᠢᠶ᠎ᠠ ᠠᠵᠢᠯ | ᠦᠢᠯᠡᠰ ᠤᠨ ᠨᠢᠭᠡᠴᠢ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠣᠭᠠᠨ ᠤ ᠵᠦᠢᠯᠡᠰ ᠢ ᠠᠰ | ᠲᠤᠨᠢ ᠲᠣᠭᠲᠠᠭᠠᠨ᠎ᠠ᠃ | ᠳᠣᠯᠣᠳᠤᠭᠠᠷ ᠵᠦᠢᠯ ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ | ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠬᠠᠷᠢᠭᠤᠴᠠᠨ | ᠲᠠᠶᠢᠯᠪᠤᠷᠢᠯᠠᠵᠤ᠂ ᠲᠡᠭᠦᠨ ᠤ ᠲᠣᠬᠢᠷᠠᠭᠤᠯᠤᠯᠲᠠ ᠶᠢ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ | ᠭᠡᠷ ᠠᠴᠠ ᠲᠣᠭᠲᠠᠭᠠᠭᠰᠠᠨ ᠵᠢᠷᠤᠮ ᠶᠣᠰᠣᠭᠠᠷ ᠭᠦᠢᠴᠡᠳᠬᠡᠨ᠎ᠡ᠃ | ᠨᠠᠢᠮᠠᠳᠤᠭᠠᠷ ᠵᠦᠢᠯ ᠲᠣᠰ ᠲᠣᠭᠲᠠᠭᠠᠯ ᠢ 2023 ᠣᠨ ᠤ 1 ᠳ᠋ᠦ᠋ᠭᠡᠷ ᠰᠠᠷ᠎ᠠ ᠶᠢᠨ 13 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | ᠬᠤᠶᠠᠷ᠂ ᠠᠵᠢᠯᠯᠠᠬᠤ ᠬᠠᠶ᠋ᠢᠭ᠄ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠲᠧᠩ ᠹᠧᠢ ᠶᠡᠭᠡ | ᠵᠠᠮ ᠵᠣᠴᠢᠨ ᠤᠭᠲᠤᠬᠤ ᠵᠠᠮ | ᠭᠤᠷᠪᠠ᠂ ᠬᠠᠷᠢᠯᠴᠠᠬᠤ ᠤᠲᠠᠰᠤ᠄ 0471 - 8812512 | ᠳᠥᠷᠪᠡ᠂ ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30-12᠄ 00 14᠄ 30 - 17᠄ 30 ︵ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | ᠲᠠᠪᠤ᠂ ᠬᠠᠷᠢᠭᠤᠴᠠᠯᠭᠠᠲᠠᠨ᠄ ᠳ᠋ᠦ᠋ ᠵᠢᠶᠦ᠋ᠨ ᠹᠧᠩ | | |