ᠮᠠᠨ ᠤ ᠣᠷᠣᠨ ᠤ ᠰᠢᠨ᠎ᠡ ᠭᠡᠯᠪᠡᠷᠢ ᠶᠢᠨ ᠨᠥᠭᠡᠴᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠪᠦᠭᠦ ᠤᠯᠤᠰ ᠲᠤ ᠲᠡᠷᠢᠭᠦᠯᠡᠯ᠎ᠡ
ᠨᠡᠶᠢᠲᠡᠯᠡᠭᠰᠡᠨ ᠴᠠᠭ᠄
2025/2/10
     2024 ᠣᠨ ᠳᠤ ᠮᠠᠨ ᠤ ᠣᠷᠣᠨ ᠤ ᠰᠢᠨ᠎ᠡ ᠪᠠᠷ ᠨᠡᠮᠡᠭᠳᠡᠭᠰᠡᠨ ᠰᠢᠨ᠎ᠡ ᠭᠡᠯᠪᠡᠷᠢ ᠶᠢᠨ ᠨᠥᠭᠡᠴᠡ ᠡᠨᠧᠷᠭᠢ  ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 708 ᠲᠦᠮᠡᠨ ᠺᠢᠯᠣᠸᠠᠲ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 246% ᠪᠠᠷ ᠨᠡᠮᠡᠭᠳᠡᠨ᠂ ᠪᠠᠶᠢᠭᠤᠯᠵᠤ ᠳᠠᠭᠤᠰᠬᠠᠭᠰᠠᠨ ᠮᠠᠰᠢᠨ ᠴᠣᠭᠴᠠᠯᠠᠪᠤᠷᠢ ᠨᠢ ᠨᠡᠶᠢᠲᠡ 1032 ᠲᠦᠮᠡᠨ ᠺᠢᠯᠣᠸᠠᠲ ᠲᠤ ᠬᠦᠷᠴᠦ᠂  ᠪᠦᠭᠦ ᠤᠯᠤᠰ ᠤᠨ ᠠᠩᠬᠠᠳᠠᠭᠴᠢ ᠰᠢᠨ᠎ᠡ ᠭᠡᠯᠪᠡᠷᠢ ᠶᠢᠨ ᠨᠥᠭᠡᠴᠡ ᠡᠨᠧᠷᠭᠢ ᠶᠢᠨ ᠮᠠᠰᠢᠨ ᠴᠣᠭᠴᠠᠯᠠᠪᠤᠷᠢ 1000 ᠲᠦᠮᠡᠨ ᠺᠢᠯᠣᠸᠠᠲ ᠢ ᠳᠠᠪᠠᠭᠰᠠᠨ ᠮᠤᠵᠢ ᠣᠷᠣᠨ ᠪᠣᠯᠵᠤ᠂ ᠪᠦᠭᠦ ᠤᠯᠤᠰ ᠲᠤ ᠲᠡᠷᠢᠭᠦᠯᠡᠪᠡ᠃      ᠣᠶᠢᠯᠠᠭᠠᠭᠰᠠᠨ ᠢᠶᠠᠷ᠂ ᠮᠠᠨ ᠤ ᠣᠷᠣᠨ ᠰᠢᠨ᠎ᠡ ᠭᠡᠯᠪᠡᠷᠢ ᠶᠢᠨ ᠨᠥᠭᠡᠴᠡ ᠡᠨᠧᠷᠭᠢ ᠶᠢᠨ ᠲᠦᠷᠭᠡᠨ ᠬᠥᠭᠵᠢᠯᠲᠡ  ᠶᠢ ᠪᠦᠭᠦ ᠲᠠᠯ᠎ᠠ ᠪᠠᠷ ᠠᠬᠢᠭᠤᠯᠬᠤ ᠶᠠᠪᠤᠴᠠ ᠳᠤ ︽ᠲᠥᠷᠥ ᠶᠢᠨ ᠪᠣᠳᠣᠯᠭ᠎ᠠ ᠰᠢᠯᠢᠳᠡᠭ᠂ ᠪᠦᠲᠦᠭᠡᠨ ᠪᠠᠶᠢᠭᠤᠯᠤᠯᠲᠠ ᠲᠦᠷᠭᠡᠨ᠂ ᠠᠵᠢᠯᠯᠠᠭᠠᠨ ᠰᠠᠶᠢᠨ︾ ᠪᠠᠶᠢᠬᠤ ᠶᠢ ᠴᠢᠷᠮᠠᠶᠢᠨ ᠪᠡᠶᠡᠯᠡᠭᠦᠯᠪᠡ᠃ ᠲᠥᠷᠥ ᠶᠢᠨ ᠪᠣᠳᠣᠯᠭ᠎ᠠ ᠶᠢᠨ ᠲᠠᠯ᠎ᠠ ᠪᠠᠷ᠂ ︽ᠥᠪᠡᠷᠲᠡᠭᠡᠨ ᠵᠠᠰᠠᠬᠤ ᠣᠷᠣᠨ ᠤ ᠪᠡᠶ᠎ᠡ ᠪᠠᠨ ᠳᠠᠭᠠᠭᠠᠭᠰᠠᠨ ᠰᠢᠨ᠎ᠡ ᠭᠡᠯᠪᠡᠷᠢ ᠶᠢᠨ ᠨᠥᠭᠡᠴᠡ ᠡᠨᠧᠷᠭᠢ ᠶᠢᠨ ᠴᠠᠭᠢᠯᠭᠠᠨ ᠥᠷᠲᠡᠭᠡ ᠶᠢᠨ ᠲᠥᠷᠥᠯ ᠵᠦᠢᠯ ᠤᠨ ᠬᠡᠷᠡᠭᠵᠢᠭᠦᠯᠬᠦ ᠨᠠᠷᠢᠨ ᠳᠦᠷᠢᠮ︾ ︵ᠲᠦᠷ ᠬᠡᠷᠡᠭᠵᠢᠭᠦᠯᠬᠦ︶ ᠢ ᠳᠠᠷᠤᠮᠠᠯᠯᠠᠨ ᠲᠠᠷᠬᠠᠭᠠᠵᠤ᠂ ᠣᠯᠠᠨ ᠡᠰᠢᠵᠢᠭᠰᠡᠨ ᠬᠡᠷᠡᠭᠯᠡᠭᠡᠨ ᠤ ᠪᠠᠶᠢᠳᠠᠯ ᠢ ᠥᠷᠭᠡᠳᠬᠡᠬᠦ᠂ ᠲᠥᠷᠥᠯ ᠵᠦᠢᠯ ᠤᠨ ᠪᠠᠶᠢᠷᠢᠰᠢᠭᠤᠯᠤᠯᠲᠠ ᠶᠢ ᠵᠦᠢ ᠵᠣᠬᠢᠰᠲᠠᠢ ᠰᠢᠯᠢᠳᠡᠭᠵᠢᠭᠦᠯᠬᠦ᠂ ᠲᠣᠬᠢᠷᠠᠭᠤᠯᠤᠨ ᠠᠵᠢᠯᠯᠠᠭᠤᠯᠬᠤ ᠲᠣᠭᠲᠠᠴᠠ ᠶᠢ ᠪᠦᠷᠢᠨᠰᠢᠭᠦᠯᠬᠦ᠂ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠲᠠᠯ᠎ᠠ ᠠᠴᠠ ᠪᠡᠶ᠎ᠡ ᠪᠠᠨ ᠳᠠᠭᠠᠭᠠᠭᠰᠠᠨ ᠰᠢᠨ᠎ᠡ ᠭᠡᠯᠪᠡᠷᠢ ᠶᠢᠨ ᠨᠥᠭᠡᠴᠡ ᠡᠨᠧᠷᠭᠢ ᠶᠢᠨ ᠴᠠᠭᠢᠯᠭᠠᠨ ᠥᠷᠲᠡᠭᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠢᠯᠯᠠᠭᠠᠨ ᠪᠠ ᠬᠠᠮᠢᠶᠠᠷᠤᠯᠲᠠ ᠳᠤ ᠬᠠᠮᠢᠶ᠎ᠠ ᠪᠦᠬᠦᠢ ᠱᠠᠭᠠᠷᠳᠠᠯᠭ᠎ᠠ ᠳᠤᠷᠠᠳᠪᠠ᠃ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠪᠡᠶ᠎ᠡ ᠪᠠᠨ ᠳᠠᠭᠠᠭᠠᠭᠰᠠᠨ ᠨᠥᠭᠡᠴᠡ ᠡᠨᠧᠷᠭᠢ ᠶᠢᠨ ᠵᠢᠱᠢᠶ᠎ᠡ ᠦᠵᠡᠭᠦᠯᠭᠦ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ ᠭᠡᠯᠪᠡᠷᠢ ᠶᠢᠨ ᠨᠥᠭᠡᠴᠡ ᠡᠨᠧᠷᠭᠢ ᠶᠢᠨ ᠬᠥᠭᠵᠢᠯᠲᠡ ᠶᠢᠨ ᠲᠤᠰᠬᠠᠢ ᠠᠵᠢᠯᠯᠠᠭ᠎ᠠ ᠶᠢ ᠥᠷᠨᠢᠭᠦᠯᠵᠡᠢ᠃ ᠠᠵᠢᠯᠯᠠᠭᠠᠨ ᠤ ᠲᠠᠯ᠎ᠠ ᠪᠠᠷ᠂ ᠪᠠᠭᠲᠠᠭᠠᠮᠵᠢ ᠨᠥᠬᠦᠪᠦᠷᠢᠯᠡᠬᠦ ᠲᠣᠭᠲᠠᠴᠠ ᠪᠠᠷ ᠰᠠᠭᠤᠷᠢ ᠪᠤᠯᠭᠠᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ︽ᠪᠠᠭᠲᠠᠭᠠᠮᠵᠢ ᠨᠥᠬᠦᠪᠦᠷᠢᠯᠡᠬᠦ + ᠪᠡᠯᠡᠨ ᠪᠠᠷᠠᠭ᠎ᠠ ᠶᠢᠨ ᠠᠷᠠᠯᠵᠢᠶ᠎ᠠ︾᠂ ᠥᠪᠥᠷ ᠮᠣᠩᠭᠤᠯ ᠤᠨ ᠵᠡᠭᠦᠨ ᠬᠡᠰᠡᠭ ᠤᠨ ︽ᠪᠠᠭᠲᠠᠭᠠᠮᠵᠢ ᠨᠥᠬᠦᠪᠦᠷᠢᠯᠡᠬᠦ + ᠲᠤᠰᠠᠯᠠᠬᠤ ᠦᠢᠯᠡᠴᠢᠯᠡᠭᠡ︾   ᠶᠢᠨ ᠨᠥᠭᠡᠴᠡ ᠡᠨᠧᠷᠭᠢ ᠶᠢᠨ ᠠᠰᠢᠭ ᠣᠯᠵᠠᠪᠤᠷᠢ ᠶᠢᠨ ᠲᠣᠭᠲᠠᠴᠠ ᠶᠢ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠰᠢᠨ᠎ᠡ ᠭᠡᠯᠪᠡᠷᠢ ᠶᠢᠨ ᠨᠥᠭᠡᠴᠡ ᠡᠨᠧᠷᠭᠢ ᠶᠢᠨ ᠲᠥᠷᠥᠯ ᠵᠦᠢᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠲᠣᠪᠣᠶᠢᠮ᠎ᠠ ᠪᠠᠶᠢᠵᠤ᠂ ᠨᠥᠭᠡᠴᠡ ᠡᠨᠧᠷᠭᠢ ᠶᠢᠨ ᠲᠥᠷᠥᠯ ᠵᠦᠢᠯ ᠢ ᠭᠦᠢᠴᠡᠳ ᠠᠰᠢᠭᠯᠠᠬᠤ ᠶᠢ ᠪᠡᠶᠡᠯᠡᠭᠦᠯᠦᠨ᠂ ᠴᠠᠭᠢᠯᠭᠠᠨ ᠬᠦᠴᠦᠨ ᠤ ᠰᠢᠰᠲ᠋ᠧᠮ ᠤᠨ ᠠᠵᠢᠯᠯᠠᠭᠠᠨ ᠢ ᠲᠡᠩᠴᠡᠭᠦᠷᠢᠰᠢᠭᠦᠯᠬᠦ ᠪᠠ ᠰᠢᠨ᠎ᠡ ᠡᠨᠧᠷᠭᠢ ᠶᠢ ᠰᠢᠩᠭᠡᠬᠡᠨ ᠠᠪᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠴᠠᠭᠢᠯᠭᠠᠨ ᠬᠢᠮᠢ ᠶᠢᠨ ᠤᠬᠠᠭᠠᠨ ᠤ ᠨᠥᠭᠡᠴᠡ ᠡᠨᠧᠷᠭᠢ ᠲᠦᠷᠭᠡᠨ ᠬᠥᠭᠵᠢᠵᠦ ᠪᠠᠶᠢᠬᠤ ᠶᠢᠨ ᠬᠠᠮᠲᠤ ᠪᠠᠶᠢᠭᠤᠯᠵᠤ ᠪᠠᠶᠢᠭ᠎ᠠ᠂ ᠪᠠᠶᠢᠭᠤᠯᠬᠤ ᠪᠠᠷ ᠪᠠᠶᠢᠭ᠎ᠠ ᠨᠥᠭᠡᠴᠡ ᠡᠨᠧᠷᠭᠢ ᠶᠢᠨ ᠲᠥᠷᠥᠯ ᠵᠦᠢᠯ ᠳᠤ ᠪᠠᠰᠠ ᠠᠪᠴᠢᠮᠠᠯ ᠠᠭᠠᠷ ᠤᠨ ᠨᠥᠭᠡᠴᠡ ᠡᠨᠧᠷᠭᠢ᠂ ᠡᠷᠴᠢᠯᠡᠭᠦᠷ ᠬᠦᠷᠳᠦᠨ ᠤ ᠨᠥᠭᠡᠴᠡ ᠡᠨᠧᠷᠭᠢ᠂ ᠬᠠᠶᠢᠯᠤᠮᠠᠯ ᠴᠢᠯᠠᠭᠤᠯᠢᠭ ᠢᠶᠠᠷ ᠢᠯᠴᠢ ᠬᠠᠳᠠᠭᠠᠯᠠᠬᠤ ᠨᠥᠭᠡᠴᠡ ᠡᠨᠧᠷᠭᠢ ᠵᠡᠷᠭᠡ ᠣᠯᠠᠨ ᠵᠦᠢᠯ  ᠤᠨ ᠮᠡᠷᠭᠡᠵᠢᠯ ᠤᠨ ᠱᠤᠭᠤᠮ ᠢ  ᠬᠠᠮᠤᠷᠴᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号