ᠮᠠᠨ ᠤ ᠣᠷᠣᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢ ᠶᠢ 3058 ᠲᠦᠮᠡᠨ ᠬᠥᠮᠥᠨ ᠤᠳᠠᠭ᠎ᠠ ᠭᠥᠯᠢᠶᠡᠨ ᠠᠪᠴᠠᠢ
ᠨᠡᠶᠢᠲᠡᠯᠡᠭᠰᠡᠨ ᠴᠠᠭ᠄
2025/2/10
     2025 ᠣᠨ ᠤ ᠴᠠᠭᠠᠨ ᠰᠠᠷ᠎ᠠ ᠳᠤ ᠮᠠᠨ ᠤ ᠣᠷᠣᠨ ︽ᠪᠠᠶᠠᠷ ᠪᠠᠶᠠᠰᠬᠤᠯᠠᠩ ᠲᠠᠢ ᠪᠠᠷ ᠴᠠᠭᠠᠨ ᠰᠠᠷ᠎ᠠ ᠶᠢ ᠪᠡᠯᠭᠡᠯᠡᠬᠦ︾ ᠪᠠᠷ ᠭᠤᠣᠯ ᠰᠡᠳᠦᠪ ᠪᠣᠯᠭᠠᠨ ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ 417 ᠵᠦᠢᠯ ᠥᠷᠨᠢᠭᠦᠯᠵᠦ᠂ ᠴᠠᠭᠠᠨ ᠰᠠᠷ᠎ᠠ ᠶᠢᠨ ᠠᠮᠠᠷᠠᠯᠲᠠ ᠶᠢᠨ 8 ᠡᠳᠦᠷ ᠲᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢ ᠶᠢ 3058 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠬᠡᠷᠡᠭᠯᠡᠭᠡᠨ ᠤ ᠶᠡᠷᠦᠩᠬᠡᠢ ᠵᠠᠷᠤᠳᠠᠯ ᠨᠢ 217 ᠳ᠋ᠦᠩᠰᠢᠭᠤᠷ ᠲᠥᠭᠦᠷᠢᠭ ᠲᠤ ᠬᠦᠷᠴᠡᠢ᠃ ᠡᠭᠦᠨ ᠳᠤ ᠨᠢᠭᠡ ᠡᠳᠦᠷ ᠤᠨ ᠵᠢᠭᠤᠯᠴᠢᠯᠠᠭᠴᠢ ᠶᠢ 1868 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠬᠤᠨᠤᠭ ᠤᠨ ᠵᠢᠭᠤᠯᠴᠢᠯᠠᠭᠴᠢ ᠶᠢ 1190 ᠲᠦᠮᠡᠨ ᠬᠥᠮᠥᠨ ᠤᠳᠠᠭ᠎ᠠ ᠭᠥᠯᠢᠶᠡᠨ ᠠᠪᠤᠪᠠ᠃      ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠪᠦᠭᠦ ᠣᠷᠣᠨ ᠤ ᠡᠯ᠎ᠡ ᠭᠠᠵᠠᠷ ᠤᠨ ᠰᠣᠶᠣᠯ ᠤᠨ ᠦᠨᠦᠷ ᠠᠮᠲᠠ ᠨᠡᠩ ᠥᠳᠬᠡᠨ᠂ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠨᠡᠩ ᠭᠤᠶᠢᠳᠠ ᠰᠠᠶᠢᠬᠠᠨ᠂ ᠮᠥᠰᠥ ᠴᠠᠰᠤᠨ ᠤ ᠵᠢᠭᠤᠯᠴᠢᠯᠠᠯ ᠨᠡᠩ ᠬᠥᠭᠵᠢᠶᠡᠨ ᠲᠠᠢ ᠶᠠᠪᠤᠭᠳᠠᠵᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠠᠲᠠᠬᠤ ᠬᠦᠴᠦᠨ ᠤᠯᠠᠮ ᠴᠢᠩᠭᠠᠷᠠᠪᠠ᠃ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠰᠢᠶᠣᠣ ᠵᠢᠶᠧ ᠵᠢᠢ ᠪᠠᠯᠭᠠᠰᠤ ᠶᠢᠨ ᠵᠤᠤ ᠭᠧᠨ ᠲᠣᠰᠬᠤᠨ᠂ ᠣᠷᠳᠣᠰ ᠬᠤᠲᠠ ᠶᠢᠨ ᠦᠦᠰᠢᠨ ᠬᠤᠰᠢᠭᠤᠨ ᠤ ᠭᠠᠯᠠᠭᠤᠲᠤ ᠪᠠᠯᠭᠠᠰᠤ᠂ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠪᠠᠷᠠᠭᠤᠨ ᠪᠠᠭ᠎ᠠ ᠵᠤᠤ ᠪᠠᠯᠭᠠᠰᠤ ᠶᠢᠨ ᠭᠦᠩ ᠤᠨ ᠲᠠᠷᠢᠶ᠎ᠠ ᠲᠣᠰᠬᠤᠨ 2025 ᠣᠨ ᠤ ᠪᠦᠭᠦ ᠤᠯᠤᠰ ᠤᠨ ᠴᠠᠭᠠᠨ ᠰᠠᠷ᠎ᠠ ᠶᠢᠨ︽ᠲᠣᠰᠬᠤᠨ ᠤ ᠦᠳᠡᠰᠢᠯᠡᠭᠡ︾ ᠶᠢᠨ ᠵᠢᠱᠢᠶ᠎ᠡ ᠦᠵᠡᠭᠦᠯᠭᠦ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠪᠦᠭᠦ ᠤᠯᠤᠰ ᠤᠨ ᠣᠯᠠᠨ ᠨᠡᠶᠢᠲᠡ ᠶᠢᠨ ᠰᠣᠶᠣᠯ  ᠤᠨ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠳᠤᠨᠢ 122.25 ᠲᠦᠮᠡᠨ ᠦᠵᠡᠭᠴᠢ ︵ᠤᠳᠠᠭ᠎ᠠ︶ ᠣᠷᠣᠯᠴᠠᠵᠠᠢ᠃ ᠭᠦᠭᠡᠬᠤᠲᠠ ᠶᠢᠨ ᠴᠠᠭᠠᠨ ᠰᠠᠷ᠎ᠠ ᠶᠢᠨ ᠳᠠᠭᠤᠤ ᠬᠥᠭᠵᠢᠮ ᠤᠨ ᠦᠳᠡᠰᠢᠯᠡᠭᠡ᠂ ᠴᠠᠭᠠᠨ ᠰᠠᠷ᠎ᠠ ᠶᠢᠨ ᠨᠠᠶᠢᠷᠠᠯ ᠬᠥᠭᠵᠢᠮ ᠤᠨ ᠦᠳᠡᠰᠢᠯᠡᠭᠡ᠂ ᠦᠨᠳᠦᠰᠦᠲᠡᠨ ᠤ ᠨᠠᠶᠢᠷᠠᠯ ᠬᠥᠭᠵᠢᠮ ᠤᠨ ᠦᠳᠡᠰᠢᠯᠡᠭᠡ᠂ ᠮᠣᠷᠢᠨ ᠬᠤᠭᠤᠷ  ᠤᠨ ᠲᠤᠰᠬᠠᠢ ᠳᠠᠯᠠᠪᠠᠢ ᠳᠠᠭᠤᠤ ᠬᠥᠭᠵᠢᠮ ᠤᠨ ᠦᠳᠡᠰᠢᠯᠡᠭᠡ ᠵᠡᠷᠭᠡ ᠰᠣᠳᠣᠨ ᠲᠣᠬᠯᠠᠯᠲᠠ ᠨᠢ ᠴᠠᠭᠠᠨ ᠰᠠᠷ᠎ᠠ ᠳᠤ ᠪᠠᠶᠠᠷ ᠭᠦᠷ ᠨᠡᠮᠡᠪᠡ᠃ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠤᠨ ᠬᠢᠨ ᠪᠠᠰᠠ ᠬᠤᠳᠠᠯᠳᠤᠭᠠᠨ ᠤ ᠶᠠᠪᠤᠳᠠᠯ  ᠤᠨ ᠰᠠᠯᠠᠭ᠎ᠠ ᠮᠥᠴᠢᠷ ᠲᠠᠢ ᠬᠠᠮᠲᠤᠷᠠᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ᠂ ᠬᠢᠮᠳᠠᠷᠠᠯ ᠤᠨ ᠲᠡᠮᠳᠡᠭᠲᠦ ᠲᠠᠷᠬᠠᠭᠠᠬᠤ᠂ ᠦᠨ᠎ᠡ ᠪᠠᠭᠤᠷᠠᠭᠤᠯᠬᠤ᠂ ᠬᠡᠷᠡᠭᠯᠡᠭᠡᠨ ᠤ ᠲᠡᠮᠳᠡᠭᠲᠦ ᠪᠡᠯᠡᠭᠯᠡᠬᠦ ᠵᠡᠷᠭᠡ ᠠᠷᠭ᠎ᠠ ᠪᠠᠷ ᠶᠠᠪᠤᠭᠳᠠᠭᠤᠯᠤᠭᠰᠠᠨ ᠬᠡᠷᠡᠭᠯᠡᠭᠡ ᠶᠢ ᠠᠬᠢᠭᠤᠯᠵᠤ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢᠨ ᠦᠷ᠎ᠡ ᠪᠦᠲᠦᠮᠵᠢ ᠢᠯᠡᠳᠲᠡ ᠪᠠᠶᠢᠵᠤ᠂ ᠣᠯᠠᠨ ᠶᠠᠩᠵᠤ ᠶᠢᠨ ᠪᠦᠲᠦᠭᠡᠭᠳᠡᠬᠦᠨ ᠨᠢ ᠤᠯᠠᠨ ᠤ ᠬᠦᠷᠢᠶᠡᠯᠡᠯ ᠢ ᠣᠯᠣᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号