ᠮᠠᠨ ᠤ ᠣᠷᠣᠨ 12 ᠵᠦᠢᠯ ᠤᠨ ᠠᠷᠭ᠎ᠠ ᠬᠡᠮᠵᠢᠶ᠎ᠡ ᠠᠪᠴᠤ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠲᠣᠭᠲᠠᠭᠤᠨ ᠬᠥᠭᠵᠢᠯᠲᠡ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/2/10
     ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋  ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠲᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠲᠣᠭᠲᠠᠭᠤᠨ ᠬᠥᠭᠵᠢᠯᠲᠡ ᠶᠢ ᠴᠢᠨᠠᠭᠰᠢᠳᠠ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠵᠤ᠂ 12 ᠵᠦᠢᠯ ᠤᠨ ᠠᠷᠭ᠎ᠠ ᠬᠡᠮᠵᠢᠶ᠎ᠡ ᠳᠤᠷᠠᠳᠤᠭᠰᠠᠨ ᠮᠥᠷᠲᠡᠭᠡᠨ ᠡᠯ᠎ᠡ ᠠᠶᠢᠮᠠᠭ ᠬᠤᠳᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠱᠠᠭᠠᠷᠳᠠᠪᠠ᠃      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭᠠᠨ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠰᠢᠨ᠎ᠡ ᠪᠠᠶᠢᠳᠠᠯ ᠳᠤ ᠵᠣᠬᠢᠴᠠᠭᠤᠯᠵᠤ᠂ ᠪᠦᠭᠦ ᠣᠷᠣᠨ ᠤ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠲᠣᠭᠲᠠᠭᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ ᠥᠪᠡᠷᠲᠡᠭᠡᠨ ᠵᠠᠰᠠᠬᠤ ᠣᠷᠣᠨ ᠠᠴᠠ ᠬᠤᠲᠠ ᠶᠢᠨ ᠪᠠᠶᠢᠳᠠᠯ ᠳᠤ ᠲᠣᠬᠢᠷᠠᠭᠤᠯᠤᠨ ᠲᠦᠷᠦ ᠶᠢᠨ ᠪᠣᠳᠣᠯᠭ᠎ᠠ ᠬᠡᠷᠡᠭᠵᠢᠭᠦᠯᠵᠦ ᠣᠷᠣᠨ ᠰᠠᠭᠤᠴᠠ ᠶᠢᠨ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠬᠦ᠂ ︽ᠴᠠᠭᠠᠨ ᠳᠠᠩᠰᠠ︾ ᠶᠢᠨ ᠲᠥᠷᠥᠯ ᠵᠦᠢᠯ ᠤᠨ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ᠂ ᠢᠲᠡᠭᠡᠮᠵᠢᠲᠦ ᠵᠢᠭᠡᠯᠡᠯᠭᠡ ᠶᠢᠨ ᠲᠦᠷᠦ ᠶᠢᠨ ᠪᠣᠳᠣᠯᠭ᠎ᠠ ᠶᠢᠨ ᠳᠡᠮᠵᠢᠯᠭᠡ  ᠶᠢᠨ ᠡᠷᠴᠢᠮ ᠢ ᠴᠢᠩᠭᠠᠷᠠᠭᠤᠯᠬᠤ᠂ ᠣᠷᠣᠨ ᠰᠠᠭᠤᠴᠠ ᠶᠢᠨ ᠲᠥᠷᠥᠯ ᠤᠨ ᠪᠡᠯᠡ ᠮᠥᠩᠭᠦ ᠶᠢᠨ ᠤᠷᠮᠠᠰᠢᠭᠤᠯᠵᠤ ᠬᠥᠲᠥᠯᠥᠨ ᠵᠢᠯᠤᠭᠤᠳᠬᠤ ᠦᠢᠯᠡᠳᠦᠯ ᠢ ᠪᠠᠳᠠᠷᠠᠭᠤᠯᠬᠤ᠂ ᠲᠠᠸᠠᠷ ᠤᠨ ᠣᠷᠣᠨ ᠰᠠᠭᠤᠴᠠ ᠶᠢᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠶᠢ ᠵᠣᠷᠢᠭᠵᠢᠭᠤᠯᠬᠤ᠂ ᠨᠢᠭᠡᠨᠲᠡ ᠪᠠᠷᠢᠭᠰᠠᠨ ᠲᠠᠸᠠᠷ ᠤᠨ ᠣᠷᠣᠨ ᠰᠠᠭᠤᠴᠠ ᠶᠢ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠣᠯᠭᠠᠨ ᠬᠡᠷᠡᠭᠯᠡᠬᠦ ᠶᠢ ᠵᠣᠷᠢᠭᠵᠢᠭᠤᠯᠬᠤ᠂ ᠣᠷᠣᠨ ᠰᠠᠭᠤᠴᠠ ᠬᠤᠳᠠᠯᠳᠤᠨ ᠠᠪᠴᠤ ᠡᠷᠦᠭᠡ ᠠᠮᠠ ᠣᠷᠣᠭᠤᠯᠬᠤ ᠪᠠ ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠭᠡᠷ ᠭᠠᠵᠠᠷ ᠤᠨ ᠬᠥᠷᠥᠩᠭᠡ ᠶᠢᠨ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ᠂ ᠭᠡᠷ ᠭᠠᠵᠠᠷ ᠤᠨ ᠬᠥᠷᠥᠩᠭᠡ ᠶᠢᠨ ᠲᠥᠷᠥᠯ ᠵᠦᠢᠯ ᠤᠨ ᠪᠡᠯᠡᠨ ᠣᠷᠣᠨ ᠰᠠᠭᠤᠴᠠ ᠶᠢᠨ ᠪᠣᠷᠤᠯᠠᠭᠤᠯᠭ᠎ᠠ ᠶᠢ ᠠᠬᠢᠭᠤᠯᠬᠤ᠂ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠢᠳᠡᠪᠬᠢᠲᠡᠢ ᠰᠡᠷᠭᠡᠶᠢᠯᠡᠨ ᠠᠷᠢᠯᠭᠠᠬᠤ᠂ ᠥᠨᠳᠥᠷ ᠪᠠᠷᠢᠮᠵᠢᠶᠠᠲᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ  ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠬᠤ᠂ ᠤᠯᠤᠰ ᠤᠨ ᠣᠷᠣᠨ ᠰᠠᠭᠤᠴᠠ ᠶᠢᠨ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠪᠠᠭᠲᠠᠭᠠᠭᠰᠠᠨ 12 ᠵᠦᠢᠯ ᠤᠨ ᠠᠷᠭ᠎ᠠ ᠬᠡᠮᠵᠢᠶ᠎ᠡ ᠳᠤᠷᠠᠳᠴᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号