ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠶᠢᠷ᠎ᠠ | ᠳᠤ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠠ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ | ᠤ ᠪᠠᠶᠢᠭᠤᠯᠤᠮᠵᠢ ᠶᠢᠨ ᠤᠯᠠᠮᠵᠢᠯᠠᠯᠲᠤ ᠤᠷ᠎ᠠ ᠮᠡᠷᠭᠡᠰᠢᠯ ᠢᠶᠠᠷ ᠨᠠᠶᠢᠷᠠᠭᠤᠯᠤᠭᠰᠠᠨ ᠬᠢᠲᠠᠳ ᠡᠮ ︵ᠮᠣᠩᠭᠤᠯ ᠡᠮ︶ ᠢ | ᠳᠠᠩᠰᠠᠯᠠᠭᠤᠯᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ︵ᠳᠣᠷᠣᠭᠰᠢ ︽ᠨᠠᠷᠢᠨ ᠳᠦᠷᠢᠮ︾ ᠭᠡᠵᠦ | ᠲᠣᠪᠴᠢᠯᠠᠨ᠎ᠠ︶ ᠢ ᠲᠣᠭᠲᠠᠭᠠᠨ ᠬᠡᠷᠡᠭᠵᠢᠭᠦᠯᠪᠡ᠃ | ᠣᠶᠢᠷ᠎ᠠ ᠶᠢᠨ ᠵᠢᠯ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ | ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠭᠤᠯᠤᠭᠰᠠᠨ ᠬᠢᠲᠠᠳ ᠡᠮ ︵ᠮᠣᠩᠭᠤᠯ ᠡᠮ︶ ᠢ ᠳᠠᠩᠰᠠᠯᠠᠭᠤᠯᠬᠤ | ᠬᠠᠮᠢᠶᠠᠷᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠶᠢᠭᠤᠯᠤᠮᠵᠢ ᠶᠢᠨ ᠤᠯᠠᠮᠵᠢᠯᠠᠯᠲᠤ ᠤᠷ᠎ᠠ ᠮᠡᠷᠭᠡᠰᠢᠯ ᠢᠶᠠᠷ ᠨᠠᠶᠢᠷᠠᠭᠤᠯᠤᠭᠰᠠᠨ ᠮᠣᠩᠭᠤᠯ ᠡᠮ ᠬᠢᠲᠠᠳ | ᠡᠮ ᠳᠤ ᠳᠠᠩᠰᠠᠯᠠᠭᠤᠯᠬᠤ ᠬᠠᠮᠢᠶᠠᠷᠤᠯᠲᠠ ᠶᠢ ᠬᠡᠷᠡᠭᠵᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠮᠠᠨ ᠤ | ᠣᠷᠣᠨ ᠤ ᠡᠮᠴᠢᠯᠡᠭᠡᠨ ᠤ ᠪᠠᠶᠢᠭᠤᠯᠤᠮᠵᠢ ᠶᠢᠨ ᠤᠯᠠᠮᠵᠢᠯᠠᠯᠲᠤ ᠤᠷ᠎ᠠ ᠮᠡᠷᠭᠡᠰᠢᠯ ᠢᠶᠠᠷ ᠨᠠᠶᠢᠷᠠᠭᠤᠯᠤᠭᠰᠠᠨ ᠬᠢᠲᠠᠳ ᠡᠮ | ︵ᠮᠣᠩᠭᠤᠯ ᠡᠮ︶ ᠢ ᠳᠠᠩᠰᠠᠯᠠᠭᠤᠯᠬᠤ ᠠᠵᠢᠯ ᠢ ᠳᠦᠷᠢᠮᠵᠢᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠪᠡ᠃ ᠭᠡᠪᠡᠴᠦ | ᠪᠣᠳᠠᠲᠤ ᠦᠢᠯᠡᠳᠦᠯᠭᠡ ᠳᠤᠮᠳᠠ ᠳᠠᠩᠰᠠᠯᠠᠬᠤ ᠶᠠᠪᠤᠴᠠ᠂ ᠳᠠᠩᠰᠠᠯᠠᠬᠤ ᠪᠠᠷᠢᠮᠵᠢᠶ᠎ᠠ᠂ ᠳᠠᠩᠰᠠᠯᠠᠬᠤ ᠮᠠᠲ᠋ᠧᠷᠢᠶᠠᠯ ᠪᠠ | ᠬᠢᠨᠠᠨ ᠬᠠᠮᠢᠶᠠᠷᠬᠤ ᠰᠠᠯᠠᠭ᠎ᠠ ᠮᠥᠴᠢᠷ᠂ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭ᠎ᠠ ᠵᠡᠷᠭᠡ ᠨᠢ ᠲᠡᠭᠦᠯᠳᠡᠷ | ᠪᠢᠰᠢ᠂ ᠰᠢᠨ᠎ᠡ ᠪᠠᠷ ᠨᠡᠶᠢᠲᠡᠯᠡᠭᠳᠡᠭᠰᠡᠨ ᠤᠯᠤᠰ ᠤᠨ ᠬᠠᠮᠢᠶ᠎ᠠ ᠪᠦᠬᠦᠢ ᠲᠣᠭᠲᠠᠭᠠᠯ ᠲᠠᠢ ᠵᠤᠯᠭᠠᠯᠴᠠᠵᠤ ᠤᠶᠠᠯᠳᠤᠭᠰᠠᠨ | ᠢᠶᠠᠷ ᠬᠦᠷᠦᠯᠴᠡᠬᠦ ᠦᠭᠡᠢ᠂︽ᠡᠮᠴᠢᠯᠡᠭᠡᠨ ᠤ ᠪᠠᠲᠤᠯᠠᠭ᠎ᠠ᠂ ᠡᠮᠴᠢᠯᠡᠭᠡ᠂ ᠡᠮ ᠬᠠᠮᠵᠢᠯᠴᠠᠨ ᠬᠥᠭᠵᠢᠬᠦ︾ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ ᠳᠡᠶᠢᠯᠭᠦ ᠦᠭᠡᠢ ᠵᠡᠷᠭᠡ ᠠᠰᠠᠭᠤᠳᠠᠯ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠭᠰᠠᠨ | ᠢᠶᠠᠷ ᠲᠤᠰ ︽ᠨᠠᠷᠢᠨ ᠳᠦᠷᠢᠮ︾ ᠢ ᠲᠣᠭᠲᠠᠭᠠᠵᠤ᠂ ᠬᠠᠮᠢᠶᠠᠷᠤᠯᠲᠠ ᠶᠢ ᠤᠯᠠᠮ ᠳᠦᠷᠢᠮᠵᠢᠭᠦᠯᠦᠨ ᠰᠢᠯᠢᠳᠡᠭᠵᠢᠭᠦᠯᠬᠦ ᠶᠢ | ᠵᠣᠷᠢᠪᠠ᠃ | ᠲᠤᠰ ︽ᠨᠠᠷᠢᠨ ᠳᠦᠷᠢᠮ︾ ᠨᠢ ᠶᠡᠷᠦᠩᠬᠡᠢ ᠳᠦᠷᠢᠮ᠂ ᠦᠨᠳᠦᠰᠦᠨ ᠱᠠᠭᠠᠷᠳᠠᠯᠭ᠎ᠠ᠂ ᠠᠩᠬ᠎ᠠ ᠤᠳᠠᠭ᠎ᠠ | ᠳᠠᠩᠰᠠᠯᠠᠭᠤᠯᠬᠤ᠂ ᠳᠠᠩᠰᠠᠯᠠᠭᠰᠠᠨ ᠵᠦᠢᠯᠡᠰ ᠢᠶᠠᠨ ᠬᠤᠪᠢᠷᠠᠭᠤᠯᠬᠤ᠂ ᠳᠠᠩᠰᠠᠯᠠᠭᠤᠯᠬᠤ ᠬᠠᠮᠢᠶᠠᠷᠤᠯᠲᠠ᠂ ᠬᠢᠨᠠᠯᠲᠠ | ᠬᠠᠮᠢᠶᠠᠷᠤᠯᠲᠠ᠂ ᠳᠠᠭᠠᠯᠳᠤᠭᠤᠯᠤᠯ ᠳᠦᠷᠢᠮ ᠵᠡᠷᠭᠡ 7 ᠪᠦᠯᠦᠭ᠂ ᠨᠡᠶᠢᠳᠡ 48 ᠵᠤᠷᠪᠤᠰ ᠠᠭᠤᠯᠭ᠎ᠠ ᠪᠠᠷ ᠪᠦᠷᠢᠯᠳᠦᠵᠦ᠂ | ᠳᠠᠩᠰᠠᠯᠠᠭᠤᠯᠬᠤ ᠭᠤᠣᠯ ᠴᠣᠭᠴᠠ᠂ ᠳᠠᠩᠰᠠᠯᠠᠭᠤᠯᠵᠤ ᠪᠤᠯᠬᠤ ᠦᠭᠡᠢ ᠪᠠᠶᠢᠳᠠᠯ᠂ ᠡᠮᠴᠢᠯᠡᠭᠡᠨ ᠤ ᠪᠠᠶᠢᠭᠤᠯᠤᠮᠵᠢ ᠶᠢᠨ | ᠭᠤᠣᠯ ᠴᠣᠭᠴᠠ ᠶᠢᠨ ᠬᠠᠷᠢᠭᠤᠴᠠᠯᠭ᠎ᠠ᠂ ᠨᠠᠶᠢᠳᠠᠯᠭ᠎ᠠ ᠪᠠᠷ ᠡᠮ ᠨᠠᠶᠢᠷᠠᠭᠤᠯᠬᠤ᠂ ᠨᠠᠶᠢᠳᠠᠯᠭ᠎ᠠ ᠪᠠᠷ ᠰᠤᠳᠤᠯᠬᠤ᠂ | ᠨᠠᠶᠢᠷᠠᠭᠤᠯᠤᠭᠰᠠᠨ ᠡᠮ ᠤᠨ ᠨᠡᠷᠡᠶᠢᠳᠦᠯ᠂ ᠲᠣᠳᠣᠷᠬᠠᠶᠢᠯᠠᠯᠲᠠ ᠵᠢᠴᠢ ᠱᠣᠰᠢᠭ᠎ᠠ ᠲᠡᠮᠳᠡᠭ ᠵᠡᠷᠭᠡ ᠳᠤ ᠴᠥᠮ | ᠲᠣᠳᠣᠷᠬᠠᠢ ᠲᠣᠭᠲᠠᠭᠠᠯ ᠭᠠᠷᠭᠠᠵᠠᠢ᠃ |