ᠭᠠᠵᠠᠷ ᠳᠣᠣᠷᠠᠬᠢ ᠤᠰᠤ ᠶᠢ ᠬᠠᠤᠯᠢ ᠪᠤᠰᠤ ᠪᠠᠷ ᠠᠪᠴᠤ ᠬᠡᠷᠡᠭᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠢ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2025/2/11
               ᠦᠴᠦᠸᠠᠨ ᠵᠠᠰᠠᠭ ᠵᠠᠷᠯᠠᠯ ᠦᠰᠦᠭ ﹇2025﹈ 1 ᠳ᠋ᠦ᠋ᠭᠡᠷ ᠲᠣᠭᠠᠲᠤ    ᠶᠡᠷᠦᠩᠬᠡᠢ ᠱᠦᠵᠢ ᠰᠢ ᠶᠢᠨ ᠫᠢᠩ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠠᠵᠠᠷ ᠳᠣᠣᠷᠠᠬᠢ ᠤᠰᠤ ᠶᠢ ᠨᠡᠭᠡᠭᠡᠨ ᠮᠠᠯᠲᠠᠬᠤ ᠶᠢ ᠴᠢᠩᠭ᠎ᠠ ᠬᠢᠵᠠᠭᠠᠷᠯᠠᠵᠤ᠂ ᠮᠠᠨ ᠤ ᠰᠢᠶᠠᠨ ᠤ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠠᠲᠤᠯᠠᠨ᠂ ᠤᠰᠤᠨ ᠤ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠤᠨ ᠬᠠᠮᠠᠭᠠᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾ ︽ᠬᠥᠬᠡᠬᠤᠲᠠ ᠶᠢᠨ ᠤᠰᠤ ᠶᠢ ᠠᠷᠪᠢᠯᠠᠨ ᠬᠡᠷᠡᠭᠯᠡᠬᠦ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠣᠨᠴᠠᠭᠠᠶᠢᠯᠠᠨ ᠪᠥᠬᠦ ᠰᠢᠶᠠᠨ ᠤ ᠬᠡᠪᠴᠢᠶᠡᠨ ᠳᠤ ᠭᠠᠵᠠᠷ ᠳᠣᠣᠷᠠᠬᠢ ᠤᠰᠤ ᠶᠢ ᠬᠠᠤᠯᠢ ᠪᠤᠰᠤ ᠪᠠᠷ ᠲᠠᠲᠠᠵᠤ ᠬᠡᠷᠡᠭᠯᠡᠬᠦ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠥᠷᠨᠢᠭᠦᠯᠪᠡ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠭᠠᠵᠠᠷ ᠳᠣᠣᠷᠠᠬᠢ ᠤᠰᠤ ᠶᠢ ᠠᠵᠢᠭᠯᠠᠬᠤ ᠬᠤᠳᠳᠤᠭ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠤᠰᠤᠨ ᠰᠤᠷᠪᠤᠯᠵᠢ ᠶᠢᠨ ᠬᠤᠳᠳᠤᠭ᠂ ᠭᠠᠯ ᠤᠨᠲᠠᠷᠠᠭᠠᠬᠤ ᠬᠤᠳᠳᠤᠭ᠂ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠬᠤᠳᠳᠤᠭ ᠠᠴᠠ ᠭᠠᠳᠠᠨ᠎ᠠ᠂ ᠤᠰᠤ ᠠᠪᠬᠤ ᠵᠥᠪᠰᠢᠶᠡᠷᠡᠯ ᠦᠭᠡᠢ ᠭᠠᠷ ᠭᠦᠢᠴᠡᠳᠬᠡᠯ ᠦᠭᠡᠢ ᠤᠰᠤ ᠠᠪᠬᠤ ᠬᠤᠳᠳᠤᠭ ᠪᠦᠬᠦᠨ ᠢ ᠡᠷᠬᠡᠪᠰᠢ ᠪᠢᠲᠡᠭᠦᠮᠵᠢᠯᠡᠬᠦ ᠬᠡᠷᠡᠭᠲᠡᠢ᠃    ᠬᠤᠶᠠᠷ᠂ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠳᠠᠷᠤᠯᠲᠠ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠬᠤᠳᠳᠤᠭ ᠢ ᠪᠠᠴᠢᠮ ᠪᠠᠶᠢᠳᠠᠯ ᠢ ᠠᠷᠭᠠᠴᠠᠬᠤ ᠤᠰᠤ ᠬᠠᠩᠭᠠᠬᠤ ᠬᠤᠳᠳᠤᠭ ᠤᠨ ᠶᠣᠰᠣᠭᠠᠷ ᠬᠠᠮᠢᠶᠠᠷᠴᠤ᠂ ᠬᠡᠮᠵᠢᠯᠲᠡ ᠶᠢᠨ ᠪᠡᠯᠡᠳᠬᠡᠮᠵᠢ ᠤᠭᠰᠠᠷᠠᠵᠤ᠂ ᠤᠰᠤᠨ ᠤ ᠡᠬᠢ ᠪᠠᠶᠠᠯᠢᠭ ᠤᠨ ᠭᠠᠶᠢᠯᠢ ᠶᠢ ᠬᠠᠤᠯᠢ ᠶᠣᠰᠣᠭᠠᠷ ᠲᠤᠰᠢᠶᠠᠬᠤ ᠬᠡᠷᠡᠭᠲᠡᠢ᠃ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠬᠠᠮᠤᠷᠬᠤ ᠬᠡᠪᠴᠢᠶ᠎ᠡ ᠠᠴᠠ ᠭᠠᠳᠠᠨᠠᠬᠢ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠬᠤᠳᠳᠤᠭ ᠲᠤ ᠤᠰᠤ ᠠᠪᠬᠤ ᠵᠥᠪᠰᠢᠶᠡᠷᠡᠯ ᠢ ᠬᠤᠭᠤᠴᠠᠭ᠎ᠠ ᠬᠢᠵᠠᠭᠠᠷᠯᠠᠨ ᠭᠦᠢᠴᠡᠳᠬᠡᠵᠦ᠂ ᠬᠡᠮᠵᠢᠯᠲᠡ ᠶᠢᠨ ᠪᠡᠯᠡᠳᠬᠡᠮᠵᠢ ᠤᠭᠰᠠᠷᠠᠨ᠂ ᠤᠰᠤᠨ ᠤ ᠡᠬᠢ ᠪᠠᠶᠠᠯᠢᠭ ᠤᠨ ᠭᠠᠶᠢᠯᠢ ᠶᠢ ᠬᠠᠤᠯᠢ ᠶᠣᠰᠣᠭᠠᠷ ᠲᠤᠰᠢᠶᠠᠬᠤ ᠬᠡᠷᠡᠭᠲᠡᠢ᠃    ᠭᠤᠷᠪᠠ᠂ ᠭᠠᠵᠠᠷ ᠳᠣᠣᠷᠠᠬᠢ ᠤᠰᠤ ᠶᠢ ᠬᠡᠳᠦ ᠮᠠᠯᠲᠠᠭᠰᠠᠨ ᠣᠷᠣᠨ ᠳᠤ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠢᠨᠠᠨ ᠵᠥᠪᠰᠢᠶᠡᠷᠡᠬᠦ ᠶᠢ ᠬᠢᠵᠠᠭᠠᠷᠯᠠᠬᠤ ᠶᠢ ᠬᠡᠷᠡᠭᠵᠢᠭᠦᠯᠦᠨ᠂ ᠠᠮᠢᠳᠤᠷᠠᠯ ᠳᠤ ᠬᠡᠷᠡᠭᠯᠡᠬᠦ ᠵᠦᠢ ᠵᠣᠬᠢᠰᠲᠠᠢ ᠤᠰᠤ ᠶᠢ ᠨᠡᠮᠡᠭᠳᠡᠭᠦᠯᠬᠦ ᠠᠴᠠ ᠭᠠᠳᠠᠨ᠎ᠠ᠂ ᠤᠰᠤ ᠠᠪᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠪᠠᠨ ᠵᠣᠭᠰᠣᠭᠠᠵᠤ᠂ ︽ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠭᠰᠡᠨ ᠭᠠᠵᠠᠷ ᠣᠷᠣᠨ ᠳᠤ ᠤᠰᠤ ᠠᠪᠬᠤ ᠵᠥᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠤᠭᠠᠬᠤ ᠲᠤᠬᠠᠢ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠭᠠᠵᠠᠷ ᠳᠣᠣᠷᠠᠬᠢ ᠤᠰᠤ ᠠᠪᠬᠤ ᠬᠤᠳᠳᠤᠭ ᠢ ᠰᠢᠨ᠎ᠡ ᠪᠠᠷ ᠨᠡᠮᠡᠵᠦ ᠪᠣᠯᠬᠤ ᠦᠭᠡᠢ᠃    ᠳᠥᠷᠪᠡ᠂ ᠤᠰᠤ ᠠᠪᠬᠤ ᠵᠥᠪᠰᠢᠶᠡᠷᠡᠯ ᠤᠨ ᠭᠠᠷᠳᠠᠮ ᠢ ᠣᠯᠣᠭᠰᠠᠨ ᠤᠰᠤ ᠠᠪᠬᠤ ᠡᠷᠦᠬᠡ ᠤᠰᠤ ᠠᠪᠬᠤ ᠬᠡᠮᠵᠢᠶ᠎ᠡ ᠪᠣᠯᠣᠨ ᠤᠰᠤ ᠠᠪᠬᠤ ᠬᠡᠷᠡᠭᠴᠡᠭᠡ ᠵᠡᠷᠭᠡ ᠤᠰᠤ ᠠᠪᠬᠤ ᠵᠥᠪᠰᠢᠶᠡᠷᠡᠯ ᠤᠨ ᠦᠨᠡᠮᠯᠡᠯ ᠳᠤ ᠲᠣᠳᠣᠷᠬᠠᠶᠢᠯᠠᠭᠰᠠᠨ ᠵᠦᠢᠯ ᠤᠳ ᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃ ᠳᠤᠷ᠎ᠠ ᠪᠠᠷ ᠢᠶᠠᠨ ᠠᠵᠤ ᠠᠬᠤᠶᠢᠯᠠᠯ ᠳᠤ ᠭᠠᠵᠠᠷ ᠳᠣᠣᠷᠠᠬᠢ ᠤᠰᠤ ᠶᠢ ᠰᠢᠯᠵᠢᠭᠦᠯᠦᠨ ᠬᠠᠩᠭᠠᠬᠤ ᠶᠢ ᠴᠠᠭᠠᠵᠠᠯᠠᠵᠤ᠂ ᠤᠰᠤ ᠠᠪᠬᠤ ᠵᠥᠪᠰᠢᠶᠡᠷᠡᠯ ᠢ ᠨᠢ ᠣᠯᠵᠤ ᠮᠡᠳᠡᠪᠡᠯ᠂ ᠬᠠᠮᠲᠤ ᠳᠤᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠶᠢᠨ ᠵᠢᠷᠠ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ ᠬᠤᠶᠠᠷ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠬᠡᠷᠡᠭᠲᠡᠢ᠃    ᠲᠠᠪᠤ᠂ ᠬᠤᠳᠳᠤᠭ ᠥᠷᠥᠮᠳᠡᠬᠦ ᠪᠠᠷᠢᠯᠭ᠎ᠠ ᠪᠠᠷᠢᠬᠤ ᠨᠢᠭᠡᠴᠢ ︵ᠬᠤᠪᠢ ᠬᠥᠮᠥᠨ︶ ᠡᠷᠬᠡᠪᠰᠢ ᠥᠮᠴᠢᠲᠡᠨ ᠬᠤᠳᠳᠤᠭ ᠥᠷᠥᠮᠳᠡᠬᠦ ᠶᠢ ᠬᠢᠨᠠᠨ ᠵᠥᠪᠰᠢᠶᠡᠷᠡᠭᠦᠯᠬᠦ ᠭᠠᠷᠳᠠᠮ ᠲᠤᠰᠢᠶᠠᠭᠰᠠᠨ ᠤ ᠳᠠᠷᠠᠭ᠎ᠠ ᠰᠠᠶ᠋ᠢ ᠪᠠᠷᠢᠯᠭ᠎ᠠ ᠪᠠᠷᠢᠵᠤ ᠪᠣᠯᠣᠨ᠎ᠠ᠃ ᠳᠤᠷ᠎ᠠ ᠪᠠᠷ ᠢᠶᠠᠨ ᠪᠠᠷᠢᠯᠭ᠎ᠠ ᠪᠠᠷᠢᠵᠤ ᠪᠠᠶᠢᠭ᠎ᠠ ᠥᠮᠴᠢᠲᠡᠨ ᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠶᠢᠨ ᠵᠢᠷᠠᠨ ᠲᠠᠪᠤᠳᠤᠭᠠᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ ᠨᠢᠭᠡ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠬᠡᠷᠡᠭᠲᠡᠢ᠃    ᠵᠢᠷᠭᠤᠭ᠎ᠠ᠂ ᠴᠠᠬᠢᠯᠭᠠᠨ ᠬᠠᠩᠭᠠᠬᠤ ᠰᠠᠯᠠᠭ᠎ᠠ ᠮᠥᠴᠢᠷ ᠤᠰᠤ ᠠᠪᠬᠤ ᠵᠥᠪᠰᠢᠶᠡᠷᠡᠯ ᠦᠭᠡᠢ ᠭᠠᠷ ᠭᠦᠢᠴᠡᠳᠬᠡᠯ ᠦᠭᠡᠢ ᠤᠰᠤᠨ ᠬᠤᠳᠳᠤᠭ ᠲᠤ ᠤᠰᠤ ᠠᠪᠬᠤ ᠴᠠᠬᠢᠯᠭᠠᠨ ᠬᠦᠴᠦᠨ ᠤ ᠪᠡᠯᠡᠳᠬᠡᠮᠵᠢ ᠶᠢ ᠢᠵᠢ ᠪᠦᠷᠢᠳᠦᠭᠦᠯᠦᠨ ᠥᠭᠴᠦ ᠪᠣᠯᠬᠤ ᠦᠭᠡᠢ᠂ ᠡᠭᠦᠨ ᠳᠤ ᠨᠡᠮᠡᠭᠳᠡᠭᠦᠯᠬᠦ (ᠥᠷᠭᠡᠳᠬᠡᠬᠦ) ᠪᠠᠭᠲᠠᠭᠠᠮᠵᠢ ᠪᠣᠯᠣᠨ ᠬᠡᠯᠬᠢᠶ᠎ᠡ ᠶᠢ ᠥᠭᠡᠷᠡᠴᠢᠯᠡᠬᠦ ᠪᠠᠭᠲᠠᠨ᠎ᠠ᠃ ᠳᠤᠷ᠎ᠠ ᠪᠠᠷ ᠢᠶᠠᠨ ᠴᠠᠬᠢᠯᠭᠠᠨ ᠬᠦᠴᠦᠨ ᠬᠠᠩᠭᠠᠭᠰᠠᠨ ᠪᠣᠯ ᠬᠠᠮᠢᠶ᠎ᠠ ᠪᠦᠬᠦᠢ ᠨᠢᠭᠡᠴᠢ ᠪᠤᠶᠤ ᠬᠤᠪᠢ ᠬᠥᠮᠥᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃    ᠲᠤᠯᠤᠭ᠎ᠠ᠂ ᠰᠢᠶᠠᠨ ᠤ ᠤᠰᠤᠨ ᠤ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠥᠪᠡᠷ ᠢᠶᠠᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠲᠤ ᠤᠰᠤ ᠠᠪᠬᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠡᠯ᠎ᠡ ᠰᠢᠶᠠᠩ ︵ᠪᠠᠯᠭᠠᠰᠤ︶ ᠤᠨ ᠠᠷᠠᠳ ᠤᠨ ᠵᠠᠰᠠᠭ ᠤᠨ ᠣᠷᠳᠣᠨ ᠲᠤᠰ ᠣᠷᠣᠨ ᠤ ᠪᠠᠨ ᠳᠣᠲᠣᠷᠠᠬᠢ ᠥᠪᠡᠷ ᠢᠶᠠᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠤᠨ ᠬᠠᠤᠯᠢ ᠶᠢ ᠵᠥᠷᠢᠴᠡᠨ ᠤᠰᠤ ᠠᠪᠬᠤ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠬᠦ ᠶᠢ ᠬᠠᠷᠢᠭᠤᠴᠠᠬᠤ ᠬᠡᠷᠡᠭᠲᠡᠢ᠃ ᠬᠠᠤᠯᠢ ᠪᠤᠰᠤ ᠪᠠᠷ ᠬᠤᠳᠳᠤᠭ ᠥᠷᠥᠮᠳᠡᠬᠦ᠂ ᠬᠠᠤᠯᠢ ᠪᠤᠰᠤ ᠪᠠᠷ ᠤᠰᠤ ᠠᠪᠬᠤ ᠦᠢᠯᠡ ᠠᠵᠢᠯᠯᠠᠭ᠎ᠠ ᠶᠢ ᠪᠠᠶᠢᠩᠭᠤ ᠶᠢᠨ ᠴᠢᠨᠠᠷᠲᠠᠢ ᠲᠣᠭᠤᠷᠢᠨ ᠪᠠᠶᠢᠴᠠᠭᠠᠯᠲᠠ ᠥᠷᠨᠢᠭᠦᠯᠵᠦ᠂ ᠣᠯᠵᠤ ᠮᠡᠳᠡᠪᠡᠯ ᠲᠡᠷᠡ ᠳᠠᠷᠤᠢ ᠳᠤᠨᠢ ᠬᠤᠷᠢᠭᠯᠠᠨ ᠵᠣᠭᠰᠤᠭᠠᠬᠤ ᠶᠢᠨ ᠬᠠᠮᠲᠤ ᠳᠡᠭᠡᠭᠰᠢ ᠮᠡᠳᠡᠭᠦᠯᠵᠦ᠂ ᠬᠤᠷᠢᠭᠯᠠᠨ ᠵᠣᠭᠰᠤᠭᠠᠬᠤ ᠦᠭᠡᠢ ᠮᠥᠷᠲᠡᠭᠡᠨ ᠳᠡᠭᠡᠭᠰᠢ ᠮᠡᠳᠡᠭᠦᠯᠬᠦ ᠦᠭᠡᠢ ᠪᠣᠯ ᠭᠤᠣᠯ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠢ᠃    ᠨᠠᠢᠮᠠ᠂ ᠡᠯ᠎ᠡ ᠰᠢᠶᠠᠩ ︵ᠪᠠᠯᠭᠠᠰᠤ︶ ᠤᠨ ᠠᠷᠠᠳ ᠤᠨ ᠵᠠᠰᠠᠭ ᠤᠨ ᠣᠷᠳᠣᠨ᠂ ᠰᠢᠶᠠᠨ ᠤ ᠤᠰᠤᠨ ᠤ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠴᠠᠬᠢᠯᠭᠠᠨ ᠬᠠᠩᠭᠠᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠤᠳ ᠬᠠᠮᠲᠤᠷᠠᠨ ᠬᠠᠤᠯᠢ ᠬᠡᠷᠡᠭᠵᠢᠭᠦᠯᠬᠦ ᠠᠩᠭᠢ ᠪᠠᠶᠢᠭᠤᠯᠵᠤ᠂ ᠬᠠᠤᠯᠢ ᠪᠤᠰᠤ ᠪᠠᠷ ᠬᠤᠳᠳᠤᠭ ᠥᠷᠥᠮᠳᠡᠬᠦ ᠪᠠ ᠬᠠᠤᠯᠢ ᠪᠤᠰᠤ ᠪᠠᠷ ᠤᠰᠤ ᠲᠠᠲᠠᠬᠤ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠢ᠃    ᠶᠢᠰᠦ᠂ ᠬᠠᠤᠯᠢ ᠪᠤᠰᠤ ᠪᠠᠷ ᠬᠤᠳᠳᠤᠭ ᠥᠷᠥᠮᠳᠡᠬᠦ᠂ ᠬᠠᠤᠯᠢ ᠪᠤᠰᠤ ᠪᠠᠷ ᠤᠰᠤ ᠠᠪᠴᠤ ᠬᠡᠷᠡᠭᠯᠡᠬᠦ ᠦᠢᠯᠡ ᠠᠵᠢᠯᠯᠠᠭ᠎ᠠ ᠳᠤ ᠴᠣᠬᠢᠯᠲᠠ ᠥᠭᠬᠦ ᠶᠢ ᠬᠠᠷᠰᠢᠯᠠᠭᠰᠠᠨ ᠨᠢᠭᠡᠴᠢ ᠪᠤᠶᠤ ᠬᠤᠪᠢ ᠬᠥᠮᠥᠨ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠲᠣᠷᠭᠠᠭᠤᠯᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠢᠳᠬᠡᠨ ᠲᠣᠷᠭᠠᠬᠤ ᠬᠡᠷᠡᠭᠲᠡᠢ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠥᠭᠡᠳ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠣᠯ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠰᠢᠢᠳᠪᠦᠷᠢᠯᠡᠭᠦᠯᠬᠦ ᠬᠡᠷᠡᠭᠲᠡᠢ᠃    ᠠᠷᠪᠠ᠂ ᠲᠣᠰ ᠤᠳᠠᠭᠠᠨ ᠤ ᠬᠠᠤᠯᠢ ᠠᠴᠠ ᠵᠥᠷᠢᠴᠡᠨ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠠᠵᠢᠯᠯᠠᠭ᠎ᠠ ᠳᠤ ᠴᠣᠬᠢᠯᠲᠠ ᠥᠭᠬᠦ ᠳᠤ ᠱᠠᠩᠨᠠᠯ ᠲᠠᠢ ᠢᠯᠡᠴᠢᠯᠡᠨ ᠮᠡᠳᠡᠭᠦᠯᠦᠯᠲᠡ ᠬᠢᠨ᠎ᠡ᠃ ᠳᠤᠷ᠎ᠠ ᠪᠠᠷ ᠢᠶᠠᠨ ᠤᠰᠤ ᠠᠪᠤᠭᠰᠠᠨ ᠢ ᠣᠯᠵᠤ ᠮᠡᠳᠡᠪᠡᠯ ᠴᠠᠭ ᠲᠤᠬᠠᠢ ᠳᠤᠨᠢ ᠢᠯᠡᠴᠢᠯᠡᠨ ᠮᠡᠳᠡᠭᠦᠯᠬᠦ ᠤᠲᠠᠰᠤ ᠪᠠᠷ ᠢᠯᠡᠴᠢᠯᠡᠨ ᠮᠡᠳᠡᠭᠦᠯᠵᠦ ᠪᠣᠯᠣᠨ᠎ᠠ᠂ ᠪᠠᠶᠢᠴᠠᠭᠠᠯᠲᠠ ᠪᠠᠷ ᠳᠠᠮᠵᠢᠨ ᠦᠨᠡᠨ ᠪᠣᠳᠠᠲᠠᠢ ᠪᠠᠶᠢᠪᠠᠯ᠂ ᠬᠤᠳᠳᠤᠭ ᠪᠦᠷᠢ ᠳᠤ 500-1000 ᠲᠥᠭᠦᠷᠢᠭ ᠱᠠᠩᠨᠠᠨ᠎ᠠ᠃    ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ    ᠢᠯᠡᠴᠢᠯᠡᠨ ᠮᠡᠳᠡᠭᠦᠯᠬᠦ ᠤᠲᠠᠰᠤ᠄    ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ᠄ 0471 - 8812727    ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ 0471 - 882019                                ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ                                   2025 ᠣᠨ ᠤ 2 ᠰᠠᠷ᠎ᠠ ᠶᠢᠨ 10 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号