ᠮᠠᠨ ᠤ ᠣᠷᠣᠨ ᠤ 87 ᠦᠵᠡᠮᠵᠢ ᠶᠢᠨ ᠣᠷᠣᠨ ᠪᠡᠭᠡᠵᠢᠩ ᠤᠨ ᠵᠢᠭᠤᠯᠴᠢᠯᠠᠬᠰᠠᠳ ᠲᠤ ᠡᠭᠦᠳᠡᠨ ᠪᠢᠯᠧᠲ ᠬᠡᠯᠲᠦᠷᠢᠭᠦᠯᠬᠦ ᠪᠠᠷ ᠲᠣᠭᠲᠠᠪᠠ
ᠨᠡᠶᠢᠲᠡᠯᠡᠭᠰᠡᠨ ᠴᠠᠭ᠄
2025/2/11
     ᠵᠢᠭᠤᠯᠴᠢᠯᠠᠯ ᠤᠨ ᠦᠵᠡᠮᠵᠢ ᠶᠢᠨ ᠣᠷᠣᠨ ᠤ ᠳᠠᠯᠳᠠ ᠬᠦᠴᠦᠨ ᠢ ᠦᠷᠭᠦᠯᠵᠢᠯᠡᠨ ᠠᠭᠤᠳᠠᠯᠵᠤ᠂ ᠵᠢᠭᠤᠯᠴᠢᠯᠠᠯ  ᠤᠨ ᠦᠢᠯᠡᠳᠬᠦᠨ ᠤ ᠡᠵᠡᠩᠨᠡᠯᠲᠡ ᠶᠢᠨ ᠪᠠᠶᠢᠳᠠᠯ ᠢ ᠪᠠᠶᠠᠯᠢᠭᠵᠢᠭᠤᠯᠤᠨ᠂ ᠵᠢᠭᠤᠯᠴᠢᠯᠠᠭᠴᠢ ᠶᠢᠨ ᠢᠷᠡᠯᠲᠡ ᠶᠢᠨ ᠵᠠᠬ᠎ᠠ ᠳᠡᠯᠭᠡᠭᠦᠷ ᠢ ᠭᠦᠨᠵᠡᠭᠡᠢ ᠠᠭᠤᠳᠠᠯᠬᠤ ᠪᠠᠷ ᠮᠠᠨ ᠤ ᠣᠷᠣᠨ ᠤ ᠤᠯᠤᠰ ᠤᠨ ᠥᠮᠴᠢᠯᠡᠯᠲᠦ A ᠲᠠᠰ ᠤᠨ 87 ᠵᠢᠭᠤᠯᠴᠢᠯᠠᠯ ᠤᠨ ᠦᠵᠡᠮᠵᠢ ᠶᠢᠨ ᠣᠷᠣᠨ ᠨᠢ ᠪᠡᠭᠡᠵᠢᠩ ᠬᠤᠳᠠ ᠶᠢᠨ ᠵᠢᠭᠤᠯᠴᠢᠯᠠᠬᠰᠠᠳ ᠲᠤ ᠡᠭᠦᠳᠡᠨ ᠪᠢᠯᠧᠲ ᠬᠡᠯᠲᠦᠷᠢᠭᠦᠯᠬᠦ ᠪᠠᠷ ᠲᠣᠭᠲᠠᠪᠠ᠃      ᠪᠡᠭᠡᠵᠢᠩ ᠬᠤᠲᠠ ᠪᠣᠯ ᠮᠠᠨ ᠤ ᠣᠷᠣᠨ ᠤ ᠬᠠᠮᠤᠭ ᠤᠨ ᠴᠢᠬᠤᠯᠠ ᠵᠢᠭᠤᠯᠴᠢᠯᠠᠭᠴᠢ ᠶᠢᠨ ᠢᠷᠡᠯᠲᠡ ᠶᠢᠨ ᠣᠷᠣᠨ ᠪᠠᠶᠢᠵᠤ᠂ ᠪᠦᠭᠦ ᠣᠷᠣᠨ ᠤ ᠡᠯ᠎ᠡ ᠶᠡᠭᠡ ᠦᠵᠡᠮᠵᠢ ᠶᠢᠨ ᠣᠷᠣᠨ ᠳᠤ ᠢᠷᠡᠬᠦ ᠵᠢᠭᠤᠯᠴᠢᠯᠠᠬᠰᠠᠳ ᠤᠨ ᠳᠣᠲᠣᠷ᠎ᠠ ᠪᠡᠭᠡᠵᠢᠩ ᠤᠨ ᠵᠢᠭᠤᠯᠴᠢᠯᠠᠭᠴᠢ ᠵᠣᠩᠬᠢᠯᠠᠬᠤ ᠬᠡᠮᠵᠢᠶ᠎ᠡ ᠶᠢ ᠡᠵᠡᠯᠡᠳᠡᠭ ᠪᠠᠶᠢᠨ᠎ᠠ᠃ 2025 ᠣᠨ ᠤ 1 ᠰᠠᠷ᠎ᠠ ᠠᠴᠠ 6 ᠰᠠᠷ᠎ᠠ ᠶᠢᠨ ᠰᠡᠭᠦᠯᠴᠢ ᠪᠤᠯᠲᠠᠯ᠎ᠠ᠂ ᠥᠪᠥᠷ ᠮᠣᠩᠭᠤᠯ ᠤᠨ ᠬᠡᠪᠲᠡᠭᠡ ᠦᠬᠡᠷ ᠤᠨ ᠲᠣᠬᠤᠢ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ᠂ ᠳᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ ᠠᠮᠢᠲᠠᠨ ᠤ ᠬᠦᠷᠢᠶᠡᠯᠡᠩ᠂ ᠤᠮᠠᠷᠠᠲᠤ ᠶᠢᠨ ᠵᠡᠷ ᠵᠡᠪᠰᠡᠭ ᠤᠨ ᠬᠤᠳᠠ᠂ ᠡᠷᠭᠦᠨ᠎ᠡ ᠶᠢᠨ ᠨᠤᠭᠤ ᠭᠠᠵᠠᠷ ᠤᠨ ᠦᠵᠡᠮᠵᠢ ᠶᠢᠨ ᠣᠷᠣᠨ᠂ ᠤᠯᠠᠭᠠᠨᠮᠣᠳᠤ ᠲᠠᠯ᠎ᠠ ᠨᠤᠲᠤᠭ ᠤᠨ ᠦᠵᠡᠮᠵᠢ ᠶᠢᠨ ᠣᠷᠣᠨ᠂ ᠠᠰᠬᠠᠲᠤ ᠶᠢᠨ ᠴᠢᠯᠠᠭᠤᠨ ᠣᠶ᠂ ᠤᠯᠠᠭᠠᠢ ᠲᠠᠯ᠎ᠠ ᠨᠤᠲᠤᠭ ᠤᠨ ᠦᠵᠡᠮᠵᠢ ᠶᠢᠨ ᠣᠷᠣᠨ᠂ ᠲᠠᠭ᠎ᠠ ᠶᠢᠨ ᠨᠠᠭᠤᠷ ᠤᠨ ᠵᠢᠭᠤᠯᠴᠢᠯᠠᠯ ᠤᠨ ᠣᠷᠣᠨ᠂ ᠤᠯᠠᠭᠠᠨᠰᠤᠬᠠᠢ ᠵᠢᠭᠤᠯᠴᠢᠯᠠᠯ ᠤᠨ ᠣᠷᠣᠨ᠂ ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ ᠡᠯᠡᠰᠦᠨ ᠴᠦᠯ ᠤᠨ ᠦᠵᠡᠮᠵᠢ  ᠶᠢᠨ ᠣᠷᠣᠨ᠂ ᠳᠤᠮᠳᠠᠳᠤ ᠣᠷᠣᠰ ᠤᠨ ᠬᠢᠯᠢ ᠶᠢᠨ ᠵᠢᠭᠤᠯᠴᠢᠯᠠᠯ ᠤᠨ ᠣᠷᠣᠨ᠂ ᠡᠷᠢᠶᠡᠨ ᠬᠤᠲᠠ ᠶᠢᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ ᠦᠵᠡᠮᠵᠢ ᠶᠢᠨ ᠣᠷᠣᠨ ᠢ ᠪᠠᠭᠲᠠᠭᠠᠭᠰᠠᠨ ᠤᠯᠤᠰ ᠤᠨ ᠥᠮᠴᠢᠯᠡᠯᠲᠦ A ᠲᠠᠰ ᠤᠨ 87 ᠵᠢᠭᠤᠯᠴᠢᠯᠠᠯ ᠤᠨ ᠦᠵᠡᠮᠵᠢ ᠶᠢᠨ ᠣᠷᠣᠨ ᠨᠢ ᠪᠡᠭᠡᠵᠢᠩ ᠬᠤᠳᠠ ᠶᠢᠨ ᠵᠢᠭᠤᠯᠴᠢᠯᠠᠬᠰᠠᠳ ᠲᠤ ᠡᠭᠦᠳᠡᠨ ᠪᠢᠯᠧᠲ ᠬᠡᠯᠲᠦᠷᠢᠭᠦᠯᠬᠦ ᠠᠵᠢᠯᠯᠠᠭ᠎ᠠ ᠥᠷᠨᠢᠭᠦᠯᠦᠨ᠎ᠡ᠃ ᠡᠨᠡ ᠬᠤᠭᠤᠴᠠᠭᠠᠨ ᠳᠤ ᠪᠡᠭᠡᠵᠢᠩ ᠬᠤᠲᠠ ᠶᠢᠨ ᠰᠠᠭᠤᠭᠠᠯᠢ ᠠᠷᠠᠳ ᠬᠦᠴᠦᠨ ᠪᠦᠬᠦᠢ ᠪᠡᠶ᠎ᠡ ᠶᠢᠨ ᠦᠨᠡᠮᠯᠡᠯ ᠢᠶᠠᠷ ᠢᠶᠠᠨ ᠳᠡᠭᠡᠷ᠎ᠡ ᠳᠤᠷᠠᠳᠤᠭᠰᠠᠨ 87 ᠦᠵᠡᠮᠵᠢ ᠶᠢᠨ ᠣᠷᠣᠨ ᠳᠤ ᠪᠢᠯᠧᠲ ᠦᠭᠡᠢ ᠪᠠᠷ ᠣᠷᠣᠵᠤ ᠵᠢᠭᠤᠯᠴᠢᠯᠠᠵᠤ ᠪᠣᠯᠣᠨ᠎ᠠ᠃ ᠡᠨᠡ ᠬᠦ ᠬᠠᠷᠠᠭᠠᠯᠵᠠᠯ ᠦᠵᠡᠭᠦᠯᠭᠦ ᠠᠵᠢᠯᠯᠠᠭ᠎ᠠ ᠶᠢ ᠥᠷᠨᠢᠭᠦᠯᠦᠭᠰᠡᠨ ᠨᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠵᠦ᠂ ᠬᠤᠶᠠᠷ ᠭᠠᠵᠠᠷ ᠤᠨ ᠰᠣᠶᠣᠯ ᠵᠢᠭᠤᠯᠴᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠂ ᠵᠢᠭᠤᠯᠴᠢᠯᠠᠬᠰᠠᠳ ᠲᠤ ᠪᠣᠳᠠᠲᠤ ᠠᠰᠢᠭ ᠬᠦᠷᠲᠡᠭᠡᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠢ ᠤᠯᠠᠮ ᠬᠥᠭᠵᠢᠶᠡᠨᠲᠡᠢ ᠪᠤᠯᠭᠠᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号