ᠦᠴᠦᠸᠠᠨ ᠰᠢᠶᠠᠨ ︽ᠦᠴᠦᠸᠠᠨ ᠤ ᠲᠥᠮᠥᠰᠥ ᠵᠢᠴᠢ ᠵᠢᠷᠤᠭ︾ ᠤᠨ ᠲᠠᠸᠠᠷ ᠤᠨ ᠲᠡᠮᠳᠡᠭ ᠢ ᠬᠠᠮᠠᠭᠠᠯᠠᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠤᠨ ᠰᠢᠨ᠎ᠡ ᠦᠷ᠎ᠡ ᠪᠦᠲᠦᠭᠡᠯ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠪᠠ
ᠨᠡᠶᠢᠲᠡᠯᠡᠭᠰᠡᠨ ᠴᠠᠭ᠄
2025/2/13
     ᠣᠶᠢᠷ᠎ᠠ ᠶᠢᠨ ᠵᠢᠯ ᠠᠴᠠ᠂ ᠦᠴᠦᠸᠠᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠠᠸᠠᠷ ᠤᠨ ᠲᠡᠮᠳᠡᠭ ᠢ ᠬᠠᠮᠠᠭᠠᠯᠠᠬᠤ ᠠᠵᠢᠯ ᠢ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠴᠢᠬᠤᠯᠠ ᠭᠠᠷᠳᠠᠴᠠ ᠪᠣᠯᠭᠠᠵᠤ᠂ ᠣᠷᠣᠨ ᠬᠤᠲᠠ ᠬᠤᠶᠠᠷ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠢᠳᠡᠪᠬᠢᠲᠡᠢ ᠵᠣᠯᠭᠠᠭᠤᠯᠵᠤ᠂ ︽ᠦᠴᠦᠸᠠᠨ ᠤ ᠲᠥᠮᠥᠰᠥ︾ ᠲᠠᠸᠠᠷ ᠤᠨ ᠲᠡᠮᠳᠡᠭ ᠢ ᠬᠠᠮᠠᠭᠠᠯᠠᠬᠤ ᠠᠵᠢᠯ ᠢ ᠦᠷᠭᠦᠯᠵᠢᠯᠡᠨ ᠥᠷᠨᠢᠭᠦᠯᠪᠡ᠃ ︵︽ᠦᠴᠦᠸᠠᠨ ᠤ ᠲᠥᠮᠥᠰᠥ︾ ᠶᠢ 2008 ᠣᠨ ᠳᠤ ᠭᠠᠵᠠᠷ ᠵᠦᠢ ᠶᠢᠨ ᠲᠡᠮᠳᠡᠭ ᠬᠠᠮᠲᠤ ᠶᠢᠨ ᠲᠠᠸᠠᠷ ᠤᠨ ᠲᠡᠮᠳᠡᠭ ᠢᠶᠠᠷ ᠳᠠᠩᠰᠠᠯᠠᠭᠤᠯᠵᠤ᠂ 2016 ᠣᠨ ᠳᠤ ︽ᠤᠯᠤᠰ ᠤᠨ ᠭᠠᠵᠠᠷ ᠵᠦᠢ ᠶᠢᠨ ᠲᠡᠮᠳᠡᠭ ᠲᠠᠢ ᠬᠠᠮᠠᠭᠠᠯᠠᠬᠤ ᠪᠦᠲᠦᠭᠡᠭᠳᠡᠬᠦᠨ︾ ᠢᠶᠠᠷ ᠮᠠᠭᠠᠳᠯᠠᠨ ᠲᠣᠭᠲᠠᠭᠠᠪᠠ︶
     2 ᠳ᠋ᠤᠭᠠᠷ ᠰᠠᠷ᠎ᠠ ᠶᠢᠨ 5 ᠤ ᠡᠳᠦᠷ᠂ ︽ᠦᠴᠦᠸᠠᠨ ᠤ ᠲᠥᠮᠥᠰᠥ ᠵᠢᠴᠢ ᠵᠢᠷᠤᠭ︾ ᠤᠨ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠢ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠠᠴᠠ ᠨᠠᠷᠠᠲᠤ ᠲᠠᠸᠠᠷ ᠤᠨ ᠲᠡᠮᠳᠡᠭ ᠢᠶᠠᠷ ᠮᠠᠭᠠᠳᠯᠠᠨ ᠲᠣᠭᠲᠠᠭᠠᠵᠤ᠂ ᠲᠣᠰ ᠲᠠᠸᠠᠷ ᠤᠨ ᠲᠡᠮᠳᠡᠭ ᠪᠣᠯ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠪᠠᠶᠢᠭᠤᠯᠤᠭᠳᠠᠭᠰᠠᠨ ᠠᠴᠠ ᠨᠠᠰᠢᠬᠢ ᠠᠩᠬᠠᠳᠠᠭᠴᠢ ᠨᠠᠷᠠᠲᠤ ᠲᠠᠸᠠᠷ ᠤᠨ ᠲᠡᠮᠳᠡᠭ ᠢᠶᠠᠷ ᠦᠨᠡᠮᠰᠢᠭᠳᠡᠭᠰᠡᠨ ᠲᠠᠸᠠᠷ ᠤᠨ ᠲᠡᠮᠳᠡᠭ ᠪᠣᠯᠣᠨ᠎ᠠ᠂ ᠡᠨᠡ ᠨᠢ ᠦᠴᠦᠸᠠᠨ ᠰᠢᠶᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠪᠠᠰᠠ ᠰᠢᠨ᠎ᠡ ᠰᠢᠪᠲᠤᠯᠤᠯᠲᠠ᠂ ᠰᠢᠨ᠎ᠡ ᠦᠷ᠎ᠡ ᠪᠦᠲᠦᠮᠵᠢ ᠣᠯᠵᠤ᠂ ︽ᠦᠴᠦᠸᠠᠨ ᠤ ᠲᠥᠮᠥᠰᠥ︾ ᠶᠢᠨ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠲᠤᠶᠢᠯ ᠤᠨ ᠶᠡᠭᠡ ᠪᠠᠷ ᠳᠡᠭᠡᠭᠰᠢᠯᠡᠭᠦᠯᠵᠦ᠂ ︽ᠦᠴᠦᠸᠠᠨ ᠤ ᠲᠥᠮᠥᠰᠥ︾ ᠲᠠᠸᠠᠷ ᠤᠨ ᠲᠡᠮᠳᠡᠭ ᠤᠨ ᠲᠥᠷᠥᠯ ᠵᠦᠢᠯ ᠠᠯᠤᠰᠯᠠᠭᠰᠠᠨ ᠡᠷᠬᠡ ᠠᠰᠢᠭ ᠢ ᠬᠠᠮᠠᠭᠠᠯᠠᠬᠤ ᠡᠷᠴᠢᠮ ᠢ ᠴᠢᠩᠭᠠᠷᠠᠭᠰᠠᠨ ᠢ ᠬᠠᠷᠠᠭᠤᠯᠵᠤ ᠪᠠᠶᠢᠨ᠎ᠠ᠃      ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠸᠠᠷ ᠤᠨ ᠲᠡᠮᠳᠡᠭ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠸᠠᠷ ᠤᠨ ᠲᠡᠮᠳᠡᠭ ᠤᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠨᠡᠷᠡᠲᠦ ᠲᠠᠸᠠᠷ ᠤᠨ ᠲᠡᠮᠳᠡᠭ ᠢ ᠦᠨᠡᠮᠰᠢᠬᠦ ᠪᠠ ᠬᠠᠮᠠᠭᠠᠯᠠᠬᠤ ᠲᠣᠭᠲᠠᠭᠠᠯ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠠ ᠬᠥᠭᠵᠢᠭᠦᠯᠬᠦ ᠠᠵᠢᠯ ᠢ ᠦᠷᠭᠦᠯᠵᠢᠯᠡᠨ ᠥᠷᠨᠢᠭᠦᠯᠵᠦ᠂ ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ ᠬᠤᠳᠠᠯ ᠬᠠᠭᠤᠷᠮᠠᠭ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠦᠴᠦᠸᠠᠨ ᠤ ᠲᠥᠮᠥᠰᠥ︾ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠭᠤᠣᠯᠯᠠᠬᠤ ᠥᠷᠢᠰᠦᠯᠳᠦᠬᠦ ᠬᠦᠴᠦᠨ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠠᠬᠢᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠪᠠ ᠪᠠᠲᠤ ᠪᠠᠬᠢ ᠪᠠᠲᠤᠯᠠᠭ᠎ᠠ ᠬᠠᠩᠭᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号