ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2025 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/13
     2 ᠰᠠᠷ᠎ᠠ ᠶᠢᠨ 11 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2025 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠦᠴᠦᠸᠠᠨ ᠰᠢᠶᠠᠨ ᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾᠂ ︽ᠦᠴᠦᠸᠠᠨ ᠰᠢᠶᠠᠨ ᠤ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾᠂ ︽ᠦᠴᠦᠸᠠᠨ ᠰᠢᠶᠠᠨ ᠤ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾᠂ ︽ᠦᠴᠦᠸᠠᠨ ᠰᠢᠶᠠᠨ ᠤ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾᠂ ︽ᠦᠴᠦᠸᠠᠨ ᠰᠢᠶᠠᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠭᠰᠡᠨ ᠪᠥᠭᠡᠳ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ︽ᠵᠢᠷᠭᠤᠭᠠᠨ ᠠᠵᠢᠯᠯᠠᠭ᠎ᠠ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠨᠢᠳᠤᠨᠤᠨ ᠤ ︽ᠵᠢᠷᠭᠤᠭᠠᠨ ᠢᠨᠵᠧᠨᠧᠷᠢᠩ︾ ᠤᠨ ᠳᠠᠷᠠᠭᠠᠬᠢ ᠪᠠᠰᠠ ᠨᠢᠭᠡᠨ ᠴᠢᠬᠤᠯᠠ ᠶᠡᠭᠡ ᠪᠠᠶᠢᠷᠢᠯᠠᠭᠤᠯᠤᠯᠲᠠ ᠪᠣᠯᠣᠨ᠎ᠠ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠴᠢᠬᠤᠯᠠ ᠭᠠᠷᠳᠠᠴᠠ ᠪᠣᠯᠣᠨ᠎ᠠ᠂ ᠪᠦᠬᠦ ᠰᠢᠶᠠᠨ ᠢᠶᠠᠷ ᠢᠶᠠᠨ ︽ᠵᠢᠷᠭᠤᠭᠠᠨ ᠠᠵᠢᠯᠯᠠᠭ᠎ᠠ︾ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠡᠨᠡ ᠵᠢᠯ ᠤᠨ ᠭᠤᠣᠯᠳᠠᠯᠭ᠎ᠠ ᠲᠠᠢ ᠡᠭᠦᠷᠭᠡ ᠪᠣᠯᠭᠠᠵᠤ᠂ ᠦᠴᠦᠸᠠᠨ ᠰᠢᠶᠠᠨ ᠤ ᠬᠡᠷᠡᠭᠵᠢᠭᠦᠯᠦᠭᠰᠡᠨ ︽ᠨᠠᠢᠮᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠲᠠᠢ ᠤᠶᠠᠯᠳᠤᠭᠤᠯᠵᠤ᠂ ᠠᠬᠢᠭᠤᠯᠬᠤ ᠶᠠᠪᠤᠴᠠ ᠳᠤ᠂ ᠳᠡᠭᠡᠳᠦ ᠱᠠᠲᠤᠨ ᠤ ᠡᠭᠦᠷᠭᠡ ᠬᠠᠷᠠᠯᠲᠠ ᠶᠢ ᠰᠠᠶᠢᠲᠤᠷ ᠬᠦᠯᠢᠶᠡᠨ ᠠᠪᠴᠤ᠂ ᠰᠠᠶᠢᠲᠤᠷ ᠵᠣᠯᠭᠠᠭᠤᠯᠬᠤ ᠪᠠᠷ ᠪᠠᠷᠠᠬᠤ ᠦᠭᠡᠢ ᠪᠠᠰᠠ ᠰᠢᠶᠠᠨ ᠤ ᠬᠡᠪᠴᠢᠶᠡᠨ ᠤ ᠪᠣᠳᠠᠲᠤ ᠪᠠᠶᠢᠳᠠᠯ ᠢ ᠦᠨᠳᠦᠰᠦᠯᠡᠵᠦ᠂ ᠡᠯ᠎ᠡ ᠵᠦᠢᠯ ᠤᠨ ᠵᠠᠩᠭᠢᠯᠠᠭ᠎ᠠ ᠶᠢᠨ ᠭᠤᠣᠯᠳᠠᠯᠭ᠎ᠠ ᠶᠢ ᠪᠦᠬᠦ ᠬᠦᠴᠦᠨ ᠢᠶᠠᠷ ᠢᠶᠠᠨ ᠪᠣᠳᠠᠲᠠᠢ ᠠᠳᠬᠤᠨ ᠨᠠᠷᠢᠯᠢᠭ ᠠᠳᠬᠤᠵᠤ᠂ ᠶᠠᠪᠤᠳᠠᠯ ᠪᠦᠬᠦᠨ ᠢ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠲᠥᠷᠥᠯ ᠵᠦᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠴᠢᠨᠠᠷ ᠰᠠᠶᠢᠲᠠᠢ ᠦᠷ᠎ᠡ ᠪᠦᠲᠦᠮᠵᠢᠲᠡᠢ ᠰᠠᠶᠢᠲᠤᠷ ᠠᠳᠬᠤᠵᠤ᠂ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ᠂ ᠠᠵᠢᠯ ᠢᠶᠠᠨ ᠡᠬᠢᠯᠡᠭᠦᠯᠬᠦ᠂ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠪᠥᠬᠦ ᠬᠡᠯᠬᠢᠶ᠎ᠡ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠤᠷᠤᠭᠰᠢᠯᠠᠬᠤ︾ ᠪᠠᠷ ᠠᠵᠤ ᠠᠬᠤᠢ ᠶᠢᠨ ᠬᠥᠭᠵᠢᠯᠲᠡ ᠶᠢᠨ ︽ᠲᠣᠭᠲᠠᠭᠤᠨ︾ ᠢ ᠲᠤᠯᠭᠠᠭᠤᠷᠢᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠰᠢᠶᠠᠨ ᠤ ᠬᠡᠪᠴᠢᠶᠡᠨ ᠤ ᠭᠤᠣᠯᠳᠠᠯᠭ᠎ᠠ ᠲᠠᠢ ᠠᠵᠤ ᠦᠢᠯᠡᠰ ᠢ ᠲᠥᠯᠥᠪᠵᠢᠭᠦᠯᠬᠦ ᠲᠣᠭᠤᠷᠢᠨ ᠳᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠠᠷᠠᠯᠲᠠ ᠲᠠᠢ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠰᠢᠶᠠᠨ ᠤ ᠬᠡᠪᠴᠢᠶᠡᠨ ᠤ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠢ ᠦᠷᠭᠦᠯᠵᠢᠯᠡᠨ ᠪᠤᠵᠠᠭᠠᠶᠢᠷᠠᠭᠤᠯᠬᠤ ᠬᠡᠷᠡᠭᠲᠡᠢ᠃ ᠤᠰᠤ ᠶᠢ ᠴᠢᠩᠭ᠎ᠠ ᠨᠠᠷᠢᠨ ᠬᠠᠮᠢᠶᠠᠷᠴᠤ᠂ ᠤᠰᠤ ᠶᠢ ᠨᠠᠷᠢᠨ ᠨᠢᠮᠪᠠᠢ ᠰᠠᠶᠢᠲᠤᠷ ᠠᠷᠪᠢᠯᠠᠨ ᠰᠠᠶᠢᠲᠤᠷ ᠬᠡᠷᠡᠭᠯᠡᠵᠦ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠢᠶᠠᠨ ᠤ ᠬᠡᠪᠴᠢᠶᠡᠨ ᠤ ᠰᠣᠶᠣᠯ ᠤᠨ ᠡᠬᠢ ᠪᠠᠶᠠᠯᠢᠭ ᠢ ᠪᠦᠬᠦ ᠲᠠᠯ᠎ᠠ ᠪᠠᠷ ᠡᠮᠬᠢᠯᠡᠵᠦ᠂ ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠰᠠᠶᠢᠲᠤᠷ ᠬᠢᠵᠦ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠠᠷᠭ᠎ᠠ ᠵᠠᠮ ᠳᠤ ᠶᠡᠭᠡ ᠬᠦᠴᠦ ᠣᠷᠣᠭᠤᠯᠵᠤ᠂ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠨᠡᠩ ᠭᠢᠯᠠᠯᠵᠠᠭᠤᠯᠤᠨ ᠴᠤᠤᠷᠢᠶᠠᠲᠤᠭᠤᠯᠬᠤ ᠬᠡᠷᠡᠭᠲᠡᠢ᠃ ᠠᠵᠤ ᠠᠬᠤᠶᠢᠯᠠᠯ ᠢ ᠦᠨᠡᠨᠬᠦ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠢ ᠬᠠᠪᠰᠤᠷᠤᠨ ᠰᠢᠢᠳᠪᠦᠷᠢᠯᠡᠬᠦ᠂ ᠣᠷᠣᠯᠠᠨ ᠭᠦᠢᠴᠡᠳᠬᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠴᠢᠷ ᠪᠠᠶᠢᠪᠠᠯ ᠢᠯᠡᠭᠦᠬᠡᠨ ᠬᠠᠪᠰᠤᠷᠴᠤ᠂ ᠤᠴᠢᠷ ᠦᠭᠡᠢ ᠪᠣᠯ ᠦᠢᠮᠡᠭᠦᠯᠬᠦ ᠦᠭᠡᠢ ᠪᠠᠶᠢᠬᠤ ᠬᠡᠷᠡᠭᠲᠡᠢ᠃ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢᠨ ᠳᠠᠯᠳᠠ ᠬᠦᠴᠦᠨ ᠢ ᠠᠭᠤᠳᠠᠯᠤᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠠᠵᠢᠯᠴᠢᠨ ᠬᠡᠷᠡᠭᠯᠡᠬᠦ ᠬᠡᠷᠡᠭᠴᠡᠭᠡ ᠶᠢ ᠥᠷᠭᠡᠳᠬᠡᠵᠦ᠂ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃ ︵ᠰᠤᠷᠪᠤᠯᠵᠢᠯᠠᠭᠴᠢ᠄ ᠯᠢᠦᠢ ᠫᠢᠩ ᠫᠢᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号