﹇2025﹈ -8 ᠳ᠋ᠤᠭᠠᠷ | | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ᠄ | ᠮᠠᠨ ᠤ ᠰᠢᠶᠠᠨ ᠤ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢᠨ | ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠠᠬᠢᠭᠤᠯᠵᠤ᠂ ︽ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠵᠤ᠂ ᠪᠥᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ︾ ᠶᠢ ᠪᠡᠶᠡᠯᠡᠭᠦᠯᠬᠦ ᠶᠢᠨ ᠲᠥᠯᠥᠭᠡ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠤᠯᠤᠰ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠶᠢᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽2025 ᠣᠨ ᠤ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠡᠯ᠎ᠡ ᠠᠶᠢᠮᠠᠭ ᠬᠤᠲᠠ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠶᠢᠨ | ᠬᠠᠷᠠᠯᠲᠠ ᠶᠢ ᠪᠠᠭᠤᠯᠭᠠᠬᠤ ᠲᠤᠬᠠᠢ ᠮᠡᠳᠡᠭᠳᠡᠯ︾ ︵ᠥᠪᠥᠷ ᠡᠮᠴᠢᠯᠡᠭᠡ ᠪᠠᠲᠤᠯᠠᠭ᠎ᠠ ᠲᠠᠷᠬᠠᠭᠠᠭᠰᠠᠨ ︹ 2024︺ | 19 ᠳ᠋ᠦ᠋ᠭᠡᠷ ᠲᠣᠭᠠᠲᠤ︶ ᠵᠢᠴᠢ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠤᠯᠤᠰ ᠤᠨ | ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠥᠬᠡᠬᠤᠲᠠ ᠶᠢᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠢᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽2025 ᠣᠨ ᠤ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠡᠯ᠎ᠡ ᠬᠤᠰᠢᠭᠤ ᠰᠢᠶᠠᠨ ᠲᠣᠭᠤᠷᠢᠭ ᠤᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠶᠢᠨ | ᠬᠠᠷᠠᠯᠲᠠ ᠶᠢ ᠪᠠᠭᠤᠯᠭᠠᠬᠤ ᠲᠤᠬᠠᠢ ᠮᠡᠳᠡᠭᠳᠡᠯ︾ ︵ᠬᠥᠬᠡᠬᠤᠲᠠ ᠡᠮᠴᠢᠯᠡᠭᠡ ᠪᠠᠲᠤᠯᠠᠭ᠎ᠠ ᠲᠠᠷᠬᠠᠭᠠᠭᠰᠠᠨ ︹ | 2025︺ 3 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠰᠢᠶᠠᠨ | ᠡᠯ᠎ᠡ ᠰᠢᠶᠠᠩ ᠪᠠᠯᠭᠠᠰᠤᠨ ᠤ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠶᠢᠨ ᠬᠠᠷᠠᠯᠲᠠᠲᠤ ᠡᠭᠦᠷᠭᠡ ᠶᠢ | ᠴᠢᠨᠠᠷ ᠰᠠᠶᠢᠲᠠᠢ ᠬᠤᠪᠢᠶᠠᠷᠢᠯᠠᠵᠤ᠂ ᠡᠳᠦᠭᠡ ᠲᠠᠨᠠᠷ ᠲᠤ ᠲᠠᠷᠬᠠᠭᠠᠪᠠ᠂ ᠡᠯ᠎ᠡ ᠰᠢᠶᠠᠩ ᠪᠠᠯᠭᠠᠰᠤ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠬᠢᠨᠠᠮᠠᠭᠠᠢ ᠰᠠᠶᠢᠲᠤᠷ ᠠᠳᠬᠤᠨ ᠨᠠᠶᠢᠳᠠᠪᠤᠷᠢᠵᠢᠭᠤᠯᠲᠤᠭᠠᠢ᠃ | ᠨᠢᠭᠡ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠠᠯᠲᠠ ᠪᠠᠨ ᠡᠷᠡᠰ ᠪᠡᠶᠡᠯᠡᠭᠦᠯᠬᠦ ᠬᠡᠷᠡᠭᠲᠡᠢ | ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠪᠠᠬᠢᠵᠢᠭᠦᠯᠦᠨ ᠥᠷᠭᠡᠳᠬᠡᠬᠦ ᠪᠣᠯ | ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠰᠠᠭᠤᠷᠢ ᠴᠢᠨᠠᠷᠲᠠᠢ᠂ ᠪᠥᠬᠦ ᠲᠠᠯ᠎ᠠ ᠶᠢᠨ ᠴᠢᠨᠠᠷᠲᠠᠢ ᠠᠵᠢᠯ ᠮᠥᠨ᠂ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ ᠶᠢᠨ | ᠴᠢᠬᠤᠯᠠ ᠲᠤᠯᠭᠠᠭᠤᠷᠢᠯᠠᠯ ᠮᠥᠨ᠂ ᠡᠯ᠎ᠡ ᠰᠢᠶᠠᠩ ᠪᠠᠯᠭᠠᠰᠤ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠳᠠᠭᠠᠳᠬᠠᠯ ᠳᠤ ᠣᠷᠣᠯᠴᠠᠬᠤ ᠬᠠᠷᠠᠯᠲᠠ ᠶᠢ ᠪᠡᠶᠡᠯᠡᠭᠦᠯᠬᠦ ᠶᠢ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ | ᠡᠭᠦᠷᠭᠡ ᠪᠣᠯᠭᠠᠨ ᠠᠳᠬᠤᠵᠤ᠂ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠠᠵᠢᠯ ᠤᠨ ᠲᠤᠯᠭᠠᠮ᠎ᠠ | ᠰᠡᠳᠬᠢᠯᠭᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠣᠳᠠᠲᠠᠢ ᠶᠢ ᠡᠷᠬᠢᠮᠯᠡᠭᠰᠡᠨ ᠲᠤᠰᠠᠲᠠᠢ ᠠᠷᠭ᠎ᠠ ᠬᠡᠮᠵᠢᠶ᠎ᠡ | ᠠᠪᠴᠤ᠂ ᠰᠢᠶᠠᠩ ᠪᠠᠯᠭᠠᠰᠤᠨ ᠤ ᠵᠠᠰᠠᠭ ᠤᠨ ᠣᠷᠳᠣᠨ ᠲᠥᠷᠥᠭᠦᠯᠦᠨ᠂ ᠳᠡᠭᠡᠳᠦ ᠳᠣᠣᠷᠠᠳᠤ ᠱᠠᠲᠤ ᠬᠤᠯᠪᠤᠭᠠᠯᠠᠨ | ᠬᠥᠳᠡᠯᠦᠯᠴᠡᠵᠦ ᠨᠡᠪᠲᠡᠷᠡᠯᠴᠡᠭᠦᠯᠦᠨ᠂ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠳᠠᠭᠠᠳᠬᠠᠯ ᠳᠤ | ᠣᠷᠣᠯᠴᠠᠬᠤ ᠬᠠᠷᠠᠯᠲᠠ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ 6 | ᠲᠥᠷᠥᠯ ᠤᠨ ᠬᠦᠴᠢᠷᠳᠡᠯᠲᠡᠢ ᠬᠥᠮᠥᠰ ᠤᠨ 100% ᠪᠠᠷ ᠳᠠᠭᠠᠳᠬᠠᠯ ᠳᠤ ᠣᠷᠣᠯᠴᠠᠬᠤ ︵ᠳᠠᠭᠠᠯᠳᠤᠭᠤᠯᠤᠯ 2︶ ᠪᠠ | ᠡᠩ ᠤᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠡᠭᠦᠷᠭᠡ | ︵ᠳᠠᠭᠠᠯᠳᠤᠭᠤᠯᠤᠯ 3︶ ᠶᠢ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠵᠦ᠂ ᠡᠪᠡᠳᠴᠢᠨ ᠠᠴᠠ ᠪᠣᠯᠵᠤ | ᠶᠠᠳᠠᠭᠤᠷᠠᠬᠤ ᠪᠠ ᠳᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ | ᠬᠤᠶᠠᠷ᠂ ᠭᠤᠣᠯᠳᠠᠯᠭ᠎ᠠ ᠲᠠᠢ ᠬᠥᠮᠥᠰ ᠲᠤ ᠠᠩᠬᠠᠷᠤᠯ ᠢᠶᠠᠨ ᠲᠥᠪᠯᠡᠷᠡᠭᠦᠯᠵᠦ᠂ ᠳᠠᠭᠠᠳᠬᠠᠯ ᠳᠤ ᠣᠷᠣᠯᠴᠠᠬᠤ | ᠳᠤᠲᠠᠭᠤᠳᠠᠯ ᠢ ᠨᠥᠬᠦᠪᠦᠷᠢᠯᠡᠬᠦ ᠬᠡᠷᠡᠭᠲᠡᠢ | ᠵᠢᠷᠭᠤᠭᠠᠨ ᠲᠥᠷᠥᠯ ᠤᠨ ᠣᠨᠴᠠᠭᠠᠶ ᠬᠦᠴᠢᠷᠳᠡᠯᠲᠡᠢ ᠣᠯᠠᠨ ᠲᠦᠮᠡᠨ᠂ ᠰᠢᠨ᠎ᠡ ᠲᠥᠷᠥᠭᠰᠡᠨ ᠬᠡᠦᠬᠡᠳ᠂ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠤᠭᠴᠢ᠂ ᠠᠮᠢᠳᠤᠯᠢᠭ ᠢᠶᠠᠷ ᠠᠵᠢᠯ ᠣᠯᠣᠭᠰᠠᠳ᠂ ᠰᠢᠨ᠎ᠡ ᠠᠵᠢᠯ ᠣᠯᠭᠤᠯᠲᠠ ᠶᠢᠨ | ᠬᠡᠯᠪᠡᠷᠢ ᠪᠠᠶᠢᠳᠠᠯ ᠲᠠᠢ ᠬᠥᠮᠥᠰ ᠵᠡᠷᠭᠡ ᠬᠥᠮᠥᠰ ᠲᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠣᠯᠠᠨ | ᠬᠠᠷᠠᠭᠠᠰᠤ ᠣᠯᠠᠨ ᠬᠡᠯᠪᠡᠷᠢ ᠪᠠᠷ ᠤᠬᠠᠭᠤᠯᠤᠨ ᠳᠠᠶᠢᠴᠢᠯᠠᠬᠤ ᠶᠢ ᠴᠢᠩᠭᠠᠳᠬᠠᠵᠤ᠂ ︽ᠨᠢᠭᠡ ᠬᠥᠮᠥᠨ ᠨᠢᠭᠡ ᠲᠠᠩᠰᠠ | ᠡᠪᠬᠡᠮᠡᠯ︾ ᠤᠨ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠤᠭ᠎ᠠ ᠪᠠᠷᠢᠮᠲᠠ ᠶᠢᠨ ᠬᠥᠮᠥᠷᠭᠡ ᠶᠢ | ᠠᠰᠢᠭᠯᠠᠨ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠡᠬᠡ ᠲᠠᠩᠰᠠ ᠪᠠᠶᠢᠭᠤᠯᠤᠨ᠂ ᠳᠠᠭᠠᠳᠬᠠᠯ | ᠲᠠᠰᠤᠯᠤᠭᠳᠠᠬᠤ ᠳᠠᠭᠠᠳᠬᠠᠯ ᠣᠷᠬᠢᠭᠳᠠᠭᠤᠯᠬᠤ ᠶᠢ ᠪᠠᠭᠠᠰᠬᠠᠵᠤ᠂ ᠨᠠᠷᠢᠯᠢᠭ ᠣᠨᠣᠴᠠᠲᠠᠢ ᠪᠠᠷ ᠬᠡᠪᠴᠢᠶ᠎ᠡ ᠶᠢ | ᠥᠷᠭᠡᠳᠬᠡᠬᠦ ᠶᠢ ᠬᠡᠷᠡᠭᠵᠢᠭᠦᠯᠦᠨ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠢᠳᠡᠪᠬᠢᠵᠢᠯ ᠢ | ᠦᠷᠭᠦᠯᠵᠢᠯᠡᠨ ᠳᠡᠭᠡᠭᠰᠢᠯᠡᠭᠦᠯᠵᠦ᠂ ᠵᠢᠷᠭᠤᠭᠠᠨ ᠲᠥᠷᠥᠯ ᠤᠨ ᠣᠨᠴᠠᠭᠠᠶ ᠬᠦᠴᠢᠷᠳᠡᠯᠲᠡᠢ ᠣᠯᠠᠨ ᠲᠦᠮᠡᠨ ᠤ | ᠪᠦᠬᠦᠨ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠦᠨᠡᠨᠬᠦ ᠪᠠᠲᠤᠯᠠᠵᠤ᠂ ᠬᠠᠷᠢᠶ᠎ᠠ ᠣᠷᠣᠨ ᠤ ᠳᠣᠲᠣᠷᠠᠬᠢ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ᠂ ᠬᠡᠦᠬᠡᠳ ᠤᠨ ᠴᠡᠴᠡᠷᠯᠢᠭ ᠲᠤ ᠣᠷᠣᠯᠴᠠᠬᠤ ᠨᠣᠷᠮ᠎ᠠ ᠶᠢ | 100% ᠳᠤ ᠬᠦᠷᠭᠡᠬᠦ ᠬᠡᠷᠡᠭᠲᠡᠢ᠃ | ᠭᠤᠷᠪᠠ᠂ ᠵᠥᠪ ᠲᠠᠯ᠎ᠠ ᠶᠢᠨ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠰᠢᠮᠳᠠᠭᠤᠯᠤᠨ ᠰᠢᠯᠭᠠᠨ ᠬᠢᠨᠠᠬᠤ ᠶᠢ | ᠴᠢᠩᠭᠠᠷᠠᠭᠤᠯᠬᠤ ᠬᠡᠷᠡᠭᠲᠡᠢ | ᠡᠯ᠎ᠡ ᠰᠢᠶᠠᠩ ᠪᠠᠯᠭᠠᠰᠤ ᠠᠵᠢᠯ ᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠵᠥᠪ ᠲᠠᠯ᠎ᠠ ᠶᠢᠨ ᠶᠠᠷᠢᠶ᠎ᠠ | ᠬᠡᠯᠡᠯᠴᠡᠭᠡᠨ ᠤ ᠤᠳᠤᠷᠢᠳᠤᠮᠵᠢ ᠶᠢ ᠴᠢᠩᠭᠠᠷᠠᠭᠤᠯᠤᠨ᠂ ᠠᠵᠢᠯ ᠤᠨ ᠠᠷᠭ᠎ᠠ ᠮᠠᠶ᠋ᠢᠭ ᠢᠶᠠᠨ ᠰᠠᠶᠢᠵᠢᠷᠠᠭᠤᠯᠵᠤ᠂ ᠲᠤᠭ᠎ᠠ | ᠪᠠᠷᠢᠮᠲᠠ ᠶᠢ ᠢᠯᠡᠭᠦᠬᠡᠨ ᠭᠦᠶᠦᠯᠭᠡᠵᠦ᠂ ᠳᠠᠭᠠᠳᠬᠠᠯ ᠳᠤ ᠣᠷᠣᠯᠴᠠᠬᠤ ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠢ᠃ | 2025 ᠣᠨ ᠤ ᠥᠨᠳᠥᠷ ᠪᠠᠷᠢᠮᠵᠢᠶ᠎ᠠ ᠪᠠᠷ ᠳᠠᠭᠠᠳᠬᠠᠯ ᠳᠤ ᠣᠷᠣᠯᠴᠠᠬᠤ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ | ᠬᠡᠷᠡᠭᠲᠡᠢ᠃ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠡᠨᠡᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ | ᠲᠣᠬᠢᠷᠠᠭᠤᠯᠬᠤ ᠶᠢᠨ ᠬᠠᠮᠲᠤ ᠵᠠᠷᠯᠠᠨ ᠨᠡᠶᠢᠲᠡᠯᠡᠬᠦ ᠬᠡᠷᠡᠭᠲᠡᠢ᠃ | | ᠳᠠᠭᠠᠯᠳᠤᠭᠤᠯᠤᠯ᠄ 1.2025 ᠣᠨ ᠤ ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠰᠦᠢᠳᠬᠡᠯ | ᠲᠤᠰᠢᠶᠠᠬᠤ ᠶᠢ ᠪᠡᠶᠡᠯᠡᠭᠦᠯᠦᠭᠰᠡᠨ ᠪᠠᠶᠢᠳᠠᠯ ᠤᠨ ᠲᠣᠬᠢᠷᠠᠭᠤᠯᠤᠯᠲᠠ ᠶᠢᠨ ᠬᠦᠰᠦᠨᠦᠭᠲᠦ | 2.2025 ᠣᠨ ᠤ ᠦᠴᠦᠸᠠᠨ ᠰᠢᠶᠠᠨ ᠤ ᠣᠨᠴᠠ ᠬᠦᠴᠢᠷᠳᠡᠯᠲᠡᠢ ᠬᠥᠮᠥᠰ ᠤᠨ ᠳᠠᠭᠠᠳᠬᠠᠯ ᠳᠤ | ᠣᠷᠣᠯᠴᠠᠭᠰᠠᠨ ᠪᠠᠶᠢᠳᠠᠯ ︵2 ᠳ᠋ᠤᠭᠠᠷ ᠰᠠᠷ᠎ᠠ︶ | 3.2025 ᠣᠨ ᠤ ᠦᠴᠦᠸᠠᠨ ᠰᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ | ᠣᠷᠣᠯᠴᠠᠭᠰᠠᠨ ᠦᠭᠡᠢ ᠬᠥᠮᠥᠨ ᠤ ᠲᠤᠭ᠎ᠠ ᠶᠢᠨ ᠪᠦᠷᠢᠳᠬᠡᠯ ᠵᠢᠴᠢ ᠳᠠᠭᠠᠳᠬᠠᠯ ᠳᠤ ᠣᠷᠣᠯᠴᠠᠭᠰᠠᠨ ᠬᠡᠪᠴᠢᠶ᠎ᠡ ᠶᠢ | ᠥᠷᠭᠡᠳᠬᠡᠬᠦ ᠡᠭᠦᠷᠭᠡ ᠶᠢᠨ ᠵᠠᠳᠠᠯᠤᠯᠲᠠ ᠶᠢᠨ ᠬᠦᠰᠦᠨᠦᠭᠲᠦ | | ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2025 ᠣᠨ ᠤ 2 ᠳ᠋ᠤᠭᠠᠷ ᠰᠠᠷ᠎ᠠ ᠶᠢᠨ 12 ᠤᠨ ᠡᠳᠦᠷ | | |