ᠬᠠᠪᠤᠷ ᠤᠨ ᠠᠭᠤᠷ
ᠨᠡᠶᠢᠲᠡᠯᠡᠭᠰᠡᠨ ᠴᠠᠭ᠄
2025/2/17
     ᠬᠠᠪᠤᠷ ᠪᠣᠯ ᠳᠤᠯᠠᠭᠠᠨ ᠪᠦᠯᠢᠶᠡᠨ᠂ ᠥᠰᠦᠯᠲᠡ ᠳᠦᠯᠵᠢᠯᠳᠡ ᠶᠢ ᠲᠥᠯᠥᠭᠡᠯᠡᠳᠡᠭ᠃ ᠬᠤᠷᠢᠨ ᠳᠦᠷᠪᠡᠨ ᠴᠠᠭ ᠤᠯᠠᠷᠢᠯ ᠤᠨ ᠡᠬᠢᠯᠡᠯ ᠨᠢ ᠬᠠᠪᠤᠷ ᠤᠨ ᠠᠭᠤᠷ ᠣᠷᠣᠬᠤ ᠳᠤ ᠪᠠᠶᠢᠳᠠᠭ᠃ ᠬᠠᠪᠤᠷ ᠤᠨ ᠰᠠᠷ᠎ᠠ ᠶᠢ ᠵᠢᠯ ᠤᠨ ᠲᠡᠷᠢᠭᠦᠨ ᠪᠤᠯᠭᠠᠵᠤ᠂ ᠬᠠᠪᠤᠷ ᠤᠨ ᠠᠭᠤᠷ ᠣᠷᠣᠮᠠᠭᠴᠠ ᠲᠦᠮᠡᠨ ᠪᠣᠳᠠᠰ ᠪᠢᠲᠡᠭᠦᠷᠡᠭᠰᠡᠨ ᠡᠪᠦᠯ ᠤᠨ ᠤᠯᠠᠷᠢᠯ ᠨᠢᠭᠡᠨᠲᠡ ᠥᠩᠭᠡᠷᠡᠵᠦ᠂ ᠤᠷᠢᠬᠠᠨ ᠰᠠᠯᠬᠢᠯᠠᠨ᠂ ᠲᠦᠮᠡᠨ ᠪᠣᠳᠠᠰ ᠠᠮᠢᠯᠠᠵᠤ᠂ ᠰᠢᠨ᠎ᠡ ᠨᠢᠭᠡᠨ ᠣᠷᠴᠢᠯ ᠡᠬᠢᠯᠡᠭᠰᠡᠨ ᠢ ᠬᠠᠷᠠᠭᠤᠯᠵᠤ ᠪᠤᠢ᠃ ᠤᠯᠠᠮᠵᠢᠯᠠᠯᠲᠤ ᠦᠵᠡᠯᠲᠡ ᠳᠤ ᠬᠠᠪᠤᠷ ᠤᠨ ᠠᠭᠤᠷ ᠣᠷᠣᠬᠤ ᠨᠢ ᠥᠯᠵᠡᠢ ᠪᠡᠯᠭᠡ ᠲᠠᠢ ᠭᠡᠭᠳᠡᠳᠡᠭ᠃      ᠪᠠᠶᠢᠭᠠᠯᠢ ᠶᠢᠷᠲᠢᠨᠴᠦ ᠳᠤ ᠬᠠᠪᠤᠷ ᠤᠨ ᠠᠭᠤᠷ ᠣᠷᠣᠬᠤ ᠶᠢᠨ ᠬᠠᠮᠤᠭ ᠤᠨ ᠢᠯᠡ ᠲᠣᠳᠣ ᠣᠨᠴᠠᠯᠢᠭ ᠪᠣᠯ ᠲᠦᠮᠡᠨ ᠪᠣᠳᠠᠰ ᠰᠡᠷᠭᠦᠵᠦ ᠡᠬᠢᠯᠡᠭᠰᠡᠨ ᠪᠠᠶᠢᠳᠠᠯ ᠪᠣᠯᠣᠨ᠎ᠠ᠃ ᠬᠠᠪᠤᠷ ᠤᠨ ᠠᠭᠤᠷ ᠣᠷᠣᠭᠰᠠᠨ᠎ᠠ᠂ ᠮᠠᠨ ᠤ ᠤᠯᠤᠰ ᠤᠨ ᠤᠮᠠᠷᠠᠲᠤ ᠪᠤᠴᠠᠯᠲᠠ ᠶᠢᠨ ᠱᠤᠭᠤᠮ ᠵᠢᠴᠢ ᠲᠡᠭᠦᠨ ᠠᠴᠠ ᠡᠮᠦᠨᠡᠰᠢᠬᠢ ᠬᠡᠰᠡᠭ ᠲᠤ᠂ ᠬᠠᠪᠤᠷ ᠤᠨ ᠡᠬᠢᠨ ᠤ ᠠᠭᠤᠷ ᠠᠮᠢᠰᠬᠤᠯ ᠢᠯᠡᠷᠬᠡᠢ ᠰᠠᠨᠠᠭᠳᠠᠨ᠎ᠠ᠃ ᠮᠠᠨ ᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠡᠮᠦᠨᠡᠲᠦ ᠤᠮᠠᠷᠠᠲᠤ ᠶᠢᠨ ᠠᠯᠭᠠᠰᠠᠯ ᠶᠡᠭᠡ᠂ ᠡᠯ᠎ᠡ ᠭᠠᠵᠠᠷ ᠤᠨ ᠪᠠᠶᠢᠭᠠᠯᠢ ᠶᠢᠨ ᠭᠡᠮᠨᠡᠯ ᠠᠳᠠᠯᠢ ᠦᠭᠡᠢ ᠪᠤᠯᠪᠠᠴᠤ ︽ᠬᠠᠪᠤᠷ ᠤᠨ ᠠᠭᠤᠷ︾ ᠨᠢ ᠮᠠᠰᠢ ᠣᠯᠠᠨ ᠭᠠᠵᠠᠷ ᠣᠷᠣᠨ ᠳᠤ ᠠᠪᠴᠤ ᠬᠡᠯᠡᠪᠡᠯ ᠬᠠᠪᠤᠷ ᠤᠨ ᠤᠯᠠᠷᠢᠯ ᠳᠤ ᠣᠷᠣᠬᠤ ᠶᠢᠨ ᠤᠳᠤᠷᠢᠳᠬᠠᠯ ᠨᠡᠷ᠎ᠡ ᠲᠠᠢ ᠪᠢᠯᠡ᠃        ᠲᠡᠦᠬᠡᠨ ᠡᠭᠦᠰᠦᠯ      ᠬᠤᠷᠢᠨ ᠲᠦᠷᠪᠡᠨ ᠴᠠᠭ ᠤᠯᠠᠷᠢᠯ ᠪᠣᠯ ᠳᠡᠭᠡᠳᠦ ᠡᠷᠲᠡᠨ ᠤ ᠲᠠᠷᠢᠶᠠᠯᠠᠬᠤ ᠪᠣᠯᠪᠠᠰᠤᠨ ᠤ ᠪᠦᠲᠦᠭᠡᠭᠳᠡᠬᠦᠨ ᠮᠥᠨ᠂ ᠲᠡᠷᠡ ᠨᠢ ᠮᠠᠨ ᠤ ᠤᠯᠤᠰ ᠤᠨ ᠤᠯᠠᠮᠵᠢᠯᠠᠯᠲᠤ ᠲᠠᠷᠢᠶᠠᠯᠠᠬᠤ ᠨᠡᠶᠢᠭᠡᠮ ᠳᠤ ᠲᠤᠶᠢᠯ ᠤᠨ ᠴᠢᠬᠤᠯᠠ ᠪᠠᠶᠢᠷᠢ ᠶᠢ ᠡᠵᠡᠯᠡᠵᠦ ᠪᠠᠶᠢᠳᠠᠭ᠃ ᠴᠢᠨ ᠤᠯᠤᠰ ᠬᠠᠨ ᠤᠯᠤᠰ ᠠᠴᠠ ᠡᠮᠦᠨ᠎ᠡ᠂ ᠡᠮᠦᠨᠡᠲᠦ ᠤᠮᠠᠷᠠᠲᠤ ᠶᠢᠨ ᠡᠯ᠎ᠡ ᠭᠠᠵᠠᠷ ᠤᠨ ᠵᠠᠩ ᠦᠶᠯᠡ ᠰᠣᠶᠣᠯ ᠨᠢ ᠠᠳᠠᠯᠢ ᠦᠭᠡᠢ᠂ ᠵᠠᠷᠢᠮ ᠭᠠᠵᠠᠷ ᠤᠨ ᠵᠢᠯ ᠤᠨ ᠡᠬᠢᠨ ᠤ ᠶᠣᠰᠣ ᠵᠠᠩᠰᠢᠯ ᠨᠢ ᠪᠢᠯᠢᠭ ᠤᠨ ᠤᠯᠠᠷᠢᠯ ᠤᠨ ᠰᠠᠷ᠎ᠠ ᠰᠢᠨ᠎ᠡ ᠶᠢᠨ ᠪᠠᠶᠠᠷ ᠢ ᠴᠢᠬᠤᠯᠠᠴᠢᠯᠠᠳᠠᠭ ᠪᠢᠰᠢ᠂ ᠬᠠᠷᠢᠨ ᠬᠠᠪᠤᠷ ᠤᠨ ᠠᠭᠤᠷ ᠢ ᠡᠷᠭᠢᠮᠯᠡᠳᠡᠭ᠃ ᠬᠠᠪᠤᠷ ᠤᠨ ᠠᠭᠤᠷ ᠣᠷᠣᠬᠤ ᠦᠶ᠎ᠡ ᠪᠣᠯ ᠤᠯᠠᠮᠵᠢᠯᠠᠯᠲᠤ ᠲᠠᠷᠢᠶᠠᠯᠠᠬᠤ ᠨᠡᠶᠢᠭᠡᠮ ᠳᠤ ᠴᠢᠬᠤᠯᠠ ᠠᠴᠢ ᠬᠤᠯᠪᠣᠭᠳᠠᠯ ᠲᠠᠢ᠂ ᠲᠡᠭᠷᠢ ᠶᠢ ᠰᠢᠲᠦᠵᠦ ᠳᠡᠭᠡᠳᠦᠰ ᠢᠶᠠᠨ ᠳᠠᠭᠢᠬᠤ᠂ ᠵᠢᠯ ᠪᠦᠷᠢ ᠪᠤᠶᠠᠨ ᠦᠢᠯᠡᠳᠬᠦ᠂ ᠭᠠᠢ ᠪᠠᠷᠴᠢᠳ ᠢ ᠠᠷᠢᠯᠭᠠᠬᠤ᠂ ᠬᠠᠭᠤᠴᠢᠨ ᠢ ᠠᠷᠢᠯᠭᠠᠵᠤ ᠰᠢᠨ᠎ᠡ ᠶᠢ ᠵᠠᠰᠠᠬᠤ᠂ ᠰᠢᠨ᠎ᠡ ᠵᠢᠯ ᠢᠶᠠᠨ ᠤᠭᠲᠤᠬᠤ ᠵᠡᠷᠭᠡ ᠶᠣᠰᠣᠯᠠᠯ ᠢ ᠪᠦᠷ ᠬᠠᠪᠤᠷ ᠤᠨ ᠠᠭᠤᠷ ᠣᠷᠣᠬᠤ ᠡᠳᠦᠷ ᠵᠢᠴᠢ ᠲᠡᠭᠦᠨ ᠤ ᠡᠮᠦᠨ᠎ᠡ ᠬᠤᠶᠢᠨ᠎ᠠ ᠦᠶ᠎ᠡ ᠪᠠᠷ ᠶᠠᠪᠤᠭᠤᠯᠳᠠᠭ᠂ ᠡᠳᠡᠭᠡᠷ ᠪᠠᠶᠠᠷ ᠳᠤᠷᠠᠰᠬᠠᠯ ᠤᠨ ᠠᠵᠢᠯᠯᠠᠭ᠎ᠠ ᠨᠢ ᠬᠤᠵᠢᠮ ᠤᠨ ᠬᠥᠮᠥᠰ ᠤᠨ ᠨᠠᠰᠤᠨ ᠪᠠᠶᠠᠷ ᠤᠨ ᠪᠣᠷᠣ ᠲᠥᠯᠥᠪ ᠢ ᠪᠦᠷᠢᠯᠳᠦᠭᠦᠯᠦᠭᠰᠡᠨ ᠢᠶᠠᠷ ᠪᠠᠷᠠᠬᠤ ᠦᠭᠡᠢ᠂ ᠵᠠᠩ ᠥᠢᠯᠨ ᠶᠢᠨ ᠦᠢᠯᠡᠳᠦᠯ ᠨᠢ ᠴᠦ ᠡᠳᠦᠭᠡ ᠪᠤᠯᠲᠠᠯ᠎ᠠ ᠬᠠᠳᠠᠭᠠᠯᠠᠭᠳᠠᠭᠰᠠᠭᠠᠷ ᠶᠤᠮ᠃      ᠴᠠᠭ ᠠᠭᠤᠷ ᠤᠨ ᠬᠤᠪᠢᠷᠠᠯᠲᠠ      ᠬᠠᠪᠤᠷ ᠤᠨ ᠠᠭᠤᠷ ᠣᠷᠣᠬᠤ ᠦᠶᠡᠰ᠂ ᠵᠡᠭᠦᠨ ᠠᠽᠢᠶ᠎ᠠ ᠶᠢᠨ ᠡᠮᠦᠨᠡᠲᠦ ᠬᠡᠰᠡᠭ ᠤᠨ ᠪᠠᠷᠠᠭᠤᠨ ᠤ ᠰᠠᠯᠬᠢᠨ ᠤ ᠰᠢᠷᠦᠭᠦᠨ ᠤᠷᠤᠰᠬᠠᠯ ᠨᠢ ᠨᠢᠭᠡᠨᠲᠡ ᠡᠬᠢᠯᠡᠨ ᠪᠠᠭᠤᠷᠠᠳᠠᠭ᠃ ᠭᠡᠪᠡᠴᠦ ᠤᠮᠠᠷᠠᠲᠤ ᠬᠡᠰᠡᠭ ᠤᠨ ᠪᠠᠷᠠᠭᠤᠨ ᠤ ᠰᠠᠯᠬᠢᠨ ᠤ ᠰᠢᠷᠦᠭᠦᠨ ᠤᠷᠤᠰᠬᠠᠯ ᠤᠨ ᠬᠦᠴᠦᠯᠡᠴᠡ ᠪᠠ ᠪᠠᠶᠢᠷᠢᠯᠠᠯ ᠨᠢ ᠦᠨᠳᠦᠰᠦᠨ ᠳᠡᠭᠡᠨ ᠬᠤᠪᠢᠷᠠᠯᠲᠠ ᠦᠭᠡᠢ᠂ ᠮᠣᠩᠭᠤᠯ ᠤᠨ ᠥᠨᠳᠦᠷᠯᠢᠭ ᠤᠨ ᠬᠦᠢᠲᠡᠨ ᠤ ᠥᠨᠳᠥᠷ ᠳᠠᠷᠤᠯᠲᠠ ᠪᠠ ᠠᠯᠢᠦ᠋ᠱᠧᠨ ᠤ ᠳᠣᠣᠷ᠎ᠠ ᠳᠠᠷᠤᠯᠲᠠ ᠨᠢ ᠮᠥᠨ ᠯᠡ ᠨᠡᠯᠢᠶᠡᠳ ᠶᠡᠭᠡ ᠪᠠᠶᠢᠳᠠᠭ᠂ ᠭᠡᠪᠡᠴᠦ ᠬᠦᠴᠦᠲᠡᠢ ᠬᠦᠢᠲᠡᠨ ᠠᠭᠠᠷ ᠤᠨ ᠨᠥᠯᠥᠭᠡ ᠶᠢᠨ ᠵᠠᠪᠰᠠᠷ ᠬᠤᠭᠤᠴᠠᠭᠠᠨ ᠳᠤ᠂ ᠡᠮᠦᠨᠡᠰᠢᠯᠡᠬᠦ ᠰᠠᠯᠬᠢᠨ ᠤ ᠳᠠᠪᠲᠠᠮᠵᠢ ᠨᠡᠮᠡᠭᠳᠡᠬᠦ ᠶᠢᠨ ᠬᠠᠮᠲᠤ ᠠᠭᠠᠷ ᠤᠨ ᠳᠤᠯᠠᠭᠠᠨ ᠢᠯᠡᠳᠲᠡ ᠳᠡᠭᠡᠭᠰᠢᠯᠡᠬᠦ ᠶᠠᠪᠤᠴᠠ ᠳᠠᠭᠠᠯᠳᠤᠵᠤ ᠪᠠᠶᠢᠨ᠎ᠠ᠃ ᠡᠭᠦᠨᠴᠢᠯᠡᠨ ᠴᠠᠭ ᠤᠨ ᠳᠠᠷᠠᠭᠠᠯᠠᠯ ᠨᠢ ᠬᠠᠪᠤᠷ ᠤᠨ ᠤᠯᠠᠷᠢᠯ ᠳᠤ ᠣᠷᠣᠵᠤ᠂ ᠪᠠᠶᠢᠭᠠᠯᠢ ᠶᠢᠷᠲᠢᠨᠴᠦ ᠵᠢᠴᠢ ᠬᠥᠮᠥᠰ ᠤᠨ ᠰᠡᠳᠬᠢᠯ ᠳᠤ ︽ᠬᠠᠪᠤᠷ︾ ᠨᠢ ᠰᠠᠯᠬᠢ ᠡᠶᠡᠪᠡᠷᠭᠦᠦ ᠨᠠᠷᠠ ᠳᠤᠯᠠᠭᠠᠬᠠᠨ᠂ ᠲᠦᠮᠡᠨ ᠪᠣᠳᠠᠰ ᠠᠮᠢᠯᠠᠨ ᠰᠡᠷᠭᠦᠭᠰᠡᠨ ᠢ ᠬᠠᠷᠠᠭᠤᠯᠵᠤ ᠪᠠᠶᠢᠨ᠎ᠠ᠃ ᠬᠠᠪᠤᠷ ᠤᠨ ᠠᠭᠤᠷ᠂ ᠪᠠᠶᠢᠭᠠᠯᠢ ᠶᠢᠷᠲᠢᠨᠴᠦ ᠳᠤ᠂ ᠬᠠᠮᠤᠭ ᠤᠨ ᠢᠯᠡᠷᠬᠡᠢ ᠣᠨᠴᠠᠯᠢᠭ ᠪᠣᠯ ᠲᠦᠮᠡᠨ ᠪᠣᠳᠠᠰ ᠡᠬᠢᠯᠡᠨ ᠰᠡᠷᠭᠦᠬᠦ ᠰᠢᠨᠵᠢ ᠲᠡᠮᠳᠡᠭ ᠲᠠᠢ᠃      ᠬᠠᠪᠤᠷ ᠤᠨ ᠠᠭᠤᠷ ᠣᠷᠣᠬᠤ ᠦᠶᠡᠰ᠂ ᠳᠤᠮᠳᠠᠳᠤ ᠤᠯᠤᠰ ᠤᠨ ᠡᠪᠦᠯ ᠬᠠᠪᠤᠷ ᠤᠨ ᠵᠠᠭᠠᠭ ᠱᠤᠭᠤᠮ ( ᠡᠳᠦᠷ ᠤᠨ ᠳᠤᠮᠳᠠᠴᠢ ᠠᠭᠠᠷ ᠤᠨ ᠳᠤᠯᠠᠭᠠᠨ 5 ᠡᠳᠦᠷ ᠳᠠᠷᠠᠭᠠᠯᠠᠨ 10 ᠭᠷᠡᠳᠦ᠋ᠰ ᠠᠴᠠ ᠳᠡᠭᠡᠭᠰᠢ ᠪᠣᠯᠪᠠᠯ ᠬᠠᠪᠤᠷ ᠲᠠᠭᠠᠨ ᠣᠷᠣᠨ᠎ᠠ ) ᠨᠢ ᠭᠤᠸᠠᠩᠰᠢ ᠶᠢᠨ ᠭᠦᠢᠯᠢᠨ ᠠᠴᠠ ᠵᠢᠶᠠᠩᠰᠢ ᠶᠢᠨ ᠭᠠᠨᠵᠸᠦ ᠣᠷᠴᠢᠮ ᠭᠦᠷᠦᠨ᠎ᠡ᠃ ᠡᠭᠦᠨ ᠠᠴᠠ ᠡᠮᠦᠨᠡᠰᠢᠬᠢ ᠭᠠᠵᠠᠷ ᠣᠷᠣᠨ ᠳᠤ ᠬᠠᠪᠤᠷ ᠤᠨ ᠠᠭᠤᠷ ᠣᠷᠣᠵᠤ ᠪᠠᠶᠢᠲᠠᠯ᠎ᠠ ᠳᠤᠮᠳᠠᠳᠤ ᠤᠯᠤᠰ ᠤᠨ 93% ᠶᠢᠨ ᠡᠬᠡ ᠬᠠᠭᠤᠷᠠᠢ ᠶᠢᠨ ᠲᠠᠯᠠᠪᠠᠶ ᠳᠡᠭᠡᠷ᠎ᠡ ᠴᠥᠮ ᠡᠪᠦᠯ ᠤᠨ ᠣᠨᠴᠠᠯᠢᠭ ᠲᠠᠭᠠᠨ ᠪᠠᠶᠢᠭᠰᠠᠭᠠᠷ᠃ ᠬᠠᠪᠤᠷ ᠤᠨ ᠠᠭᠤᠷ ᠣᠷᠣᠬᠤ ᠦᠶᠡᠰ᠂ ᠠᠭᠠᠷ ᠤᠨ ᠳᠤᠯᠠᠭᠠᠨ ᠳᠡᠭᠡᠭᠰᠢᠯᠡᠵᠦ᠂ ᠨᠡᠷᠡᠨ ᠤ ᠲᠤᠰᠤᠯᠲᠠ᠂ ᠬᠤᠷ᠎ᠠ ᠪᠣᠷᠣᠭᠠᠨ ᠨᠡᠮᠡᠭᠳᠡᠬᠦ ᠬᠠᠨᠳᠤᠰᠢ ᠲᠠᠢ᠃ ᠭᠡᠪᠡᠴᠦ ᠪᠦᠭᠦ ᠤᠯᠤᠰ ᠤᠨ ᠣᠯᠠᠩᠬᠢ ᠭᠠᠵᠠᠷ ᠲᠤ ᠠᠪᠴᠤ ᠬᠡᠯᠡᠪᠡᠯ ᠵᠥᠪᠭᠡᠨ ᠬᠠᠪᠤᠷ ᠤᠨ ᠤᠳᠤᠷᠢᠳᠬᠠᠯ ᠲᠡᠳᠦᠢ ᠶᠤᠮ᠃      ᠶᠠᠪᠤᠳᠠᠯ ᠰᠠᠭᠤᠳᠠᠯ ᠤᠨ ᠲᠠᠯ᠎ᠠ ᠪᠠᠷ      ᠬᠠᠪᠤᠷ ᠤᠨ ᠤᠯᠠᠷᠢᠯ ᠤᠨ ᠠᠭᠤᠷ ᠠᠮᠢᠰᠬᠤᠯ ᠤᠨ ᠬᠤᠪᠢᠷᠠᠯᠲᠠ ᠨᠡᠯᠢᠶᠡᠳ ᠶᠡᠭᠡ᠂ ᠭᠡᠨᠡᠳᠲᠡ ᠬᠦᠢᠲᠡᠷᠡᠨ ᠭᠡᠨᠡᠳᠲᠡ ᠳᠤᠯᠠᠭᠠᠷᠠᠵᠤ᠂ ᠬᠥᠮᠥᠨ ᠤ ᠪᠡᠶ᠎ᠡ ᠶᠢᠨ ᠳᠠᠷᠬᠠᠯᠠᠭ᠎ᠠ ᠴᠤ ᠡᠬᠢᠯᠡᠭᠡᠳ ᠰᠤᠯᠠᠷᠠᠵᠤ᠂ ᠬᠦᠢᠲᠡᠨ ᠭᠠᠵᠢᠭᠤ ᠶᠢ ᠡᠰᠡᠷᠭᠦᠴᠡᠬᠦ ᠴᠢᠳᠠᠪᠤᠷᠢ ᠨᠢ ᠪᠠᠭᠤᠷᠠᠳᠠᠭ᠂ ᠡᠶᠢᠮᠦ ᠠᠴᠠ ᠬᠠᠪᠤᠷ ᠤᠨ ᠡᠬᠢ ᠪᠠᠷ ᠨᠠᠰᠤ ᠠᠬᠠᠰᠢᠷᠠᠭᠰᠠᠨ ᠬᠥᠮᠥᠰ ᠬᠤᠪᠴᠠᠰᠤ ᠬᠤᠨᠠᠷ ᠢᠶᠠᠨ ᠰᠣᠯᠢᠬᠤ ᠳᠠᠭᠠᠨ ᠨᠡᠩ ᠢᠯᠡᠭᠦᠦ ᠪᠣᠯᠭᠤᠮᠵᠢᠲᠠᠢ ᠪᠠᠶᠢᠵᠤ᠂ ᠬᠤᠪᠴᠠᠰᠤ ᠬᠤᠨᠠᠷ ᠢᠶᠠᠨ ᠨᠢᠭᠡ ᠯᠡ ᠳᠡᠭᠡᠷ᠎ᠡ ᠨᠢᠮᠭᠡᠯᠡᠵᠦ ᠪᠤᠯᠬᠤ ᠦᠭᠡᠢ᠃ ᠬᠠᠪᠤᠷ ᠤᠯᠠᠷᠢᠯ ᠪᠣᠯ ᠠᠮᠢᠰᠬᠤᠯ ᠤᠨ ᠵᠠᠮ ᠤᠨ ᠡᠪᠡᠳᠴᠢᠨ ᠠᠮᠠᠷᠬᠠᠨ ᠡᠭᠦᠰᠬᠦ ᠬᠤᠭᠤᠴᠠᠭ᠎ᠠ᠂ ᠬᠢᠮᠤᠷᠠᠭ᠎ᠠ᠂ ᠭᠦᠢᠯᠡᠰᠦᠨ ᠪᠤᠯᠴᠢᠷᠬᠠᠢ ᠶᠢᠨ ᠦᠷᠪᠢᠰᠦᠯ᠂ ᠰᠠᠯᠪᠤᠷᠢ ᠮᠥᠭᠡᠷᠰᠦᠨ ᠬᠤᠭᠤᠯᠠᠢ ᠶᠢᠨ ᠦᠷᠪᠢᠰᠦᠯ ᠵᠡᠷᠭᠡ ᠶᠢ ᠪᠠᠭᠲᠠᠭᠠᠨ᠎ᠠ᠃ ᠥᠷᠥᠭᠡᠨ ᠤ ᠠᠭᠠᠷ ᠤᠨ ᠨᠡᠪᠲᠡᠷᠡᠬᠦ ᠶᠢ ᠠᠩᠬᠠᠷᠴᠤ᠂ ᠵᠣᠬᠢᠰᠲᠠᠢ  ᠪᠠᠷ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠦᠨ ᠠᠭᠠᠷ ᠰᠣᠯᠢᠬᠤ ᠬᠡᠷᠡᠭᠲᠡᠢ᠃      ᠬᠠᠪᠤᠷ ᠤᠨ ᠠᠭᠤᠷ ᠣᠷᠣᠬᠤ ᠦᠶᠡᠰ᠂ ᠣᠯᠠᠩᠬᠢ ᠬᠥᠮᠥᠰ ᠭᠠᠳᠠᠭᠠᠳᠤ ᠣᠷᠴᠢᠨ ᠤ ᠬᠠᠷᠰᠢᠯ ᠤᠨ ᠡᠬᠢ ᠰᠤᠷᠪᠤᠯᠵᠢ ᠲᠠᠢ ᠬᠦᠷᠦᠯᠴᠡᠭᠰᠡᠨ ᠠᠴᠠ ᠪᠡᠶ᠎ᠡ ᠮᠠᠬᠠᠪᠤᠳ ᠲᠤ ᠬᠠᠷᠰᠢᠮᠠᠲᠠᠭᠠᠢ ᠤᠷᠪᠠᠯ ᠭᠠᠷᠴᠤ᠂ ᠬᠢᠷᠬᠢᠷ᠎ᠡ᠂ ᠬᠠᠮᠠᠷ ᠤᠨ ᠦᠷᠪᠢᠰᠦᠯ ᠵᠡᠷᠭᠡ ᠤᠯᠠᠷᠢᠯ ᠤᠨ ᠴᠢᠨᠠᠷᠲᠠᠢ ᠬᠠᠷᠰᠢᠮᠠᠲᠠᠭᠠᠢ ᠡᠪᠡᠳᠴᠢᠨ ᠢ ᠡᠭᠦᠰᠬᠡᠳᠡᠭ᠃ ᠴᠥᠭᠡᠨ ᠪᠤᠰᠤ ᠬᠥᠮᠥᠨ ᠴᠥᠮ ᠴᠡᠴᠡᠭ ᠤᠨ ᠲᠣᠭᠤᠰᠣᠨ ᠳᠤ ᠬᠠᠷᠰᠢᠳᠠᠭ᠂ ᠡᠶᠢᠮᠦ ᠠᠴᠠ ᠭᠠᠳᠠᠭᠰᠢ ᠭᠠᠷᠬᠤ ᠦᠶᠡᠰ ᠴᠡᠴᠡᠭ ᠤᠨ ᠲᠣᠭᠤᠰᠣ ᠲᠠᠢ ᠣᠶᠢᠷᠠᠳᠬᠤ ᠠᠴᠠ ᠵᠠᠶᠢᠯᠠᠰᠬᠢᠬᠦ ᠬᠡᠷᠡᠭᠲᠡᠢ᠃      ᠡᠷᠡᠭᠦᠯᠵᠢᠯ ᠪᠠ ᠪᠡᠶ᠎ᠡ ᠰᠤᠪᠢᠯᠠᠯ      ᠬᠠᠪᠤᠷ ᠤᠨ ᠠᠭᠤᠷ ᠣᠷᠣᠭᠰᠠᠨ ᠤ ᠳᠠᠷᠠᠭ᠎ᠠ᠂ ᠠᠭᠤᠷ ᠠᠮᠢᠰᠬᠤᠯ ᠠᠭᠠᠵᠢᠮ ᠢᠶᠠᠷ ᠳᠤᠯᠠᠭᠠᠷᠠᠵᠤ᠂ ᠲᠦᠮᠡᠨ ᠪᠣᠳᠠᠰ ᠠᠮᠢᠯᠠᠨ ᠰᠡᠷᠭᠦᠵᠦ᠂ ᠪᠠᠶᠢᠭᠠᠯᠢ ᠶᠢᠷᠲᠢᠨᠴᠦ ᠶᠢᠨ ᠡᠯ᠎ᠡ ᠵᠦᠢᠯ ᠤᠨ ᠠᠮᠢᠳᠤ ᠪᠣᠳᠠᠰ ᠰᠣᠶᠣᠭᠠᠯᠠᠵᠤ ᠪᠣᠶᠢᠵᠢᠨ᠎ᠠ᠂ ᠡᠨᠡ ᠦᠶ᠎ᠡ ᠳᠤ ᠬᠥᠮᠥᠨ ᠤ ᠪᠡᠶ᠎ᠡ ᠳᠠᠬᠢ ᠠᠷᠭ᠎ᠠ ᠬᠡᠢ ᠴᠦ ᠬᠠᠪᠤᠷ ᠬᠦᠷᠴᠦ ᠢᠷᠡᠬᠦ ᠶᠢ ᠳᠠᠭᠠᠯᠳᠤᠨ ᠳᠡᠭᠡᠭᠰᠢᠯᠡᠨ᠎ᠡ᠂ ᠡᠶᠢᠮᠦ ᠠᠴᠠ᠂ ᠪᠢᠳᠡ ᠣᠶᠤᠨ ᠰᠠᠨᠠᠭ᠎ᠠ᠂ ᠣᠷᠣᠨ ᠰᠠᠭᠤᠴᠠ᠂ ᠢᠳᠡᠭᠡᠨ ᠤᠮᠳᠠᠭᠠᠨ᠂ ᠬᠥᠳᠡᠯᠭᠡᠭᠡᠨ᠂ ᠰᠢᠮ᠎ᠡ ᠲᠡᠵᠢᠭᠡᠯ ᠵᠡᠷᠭᠡ ᠲᠠᠯ᠎ᠠ ᠪᠠᠷ ᠴᠥᠮ ᠬᠠᠪᠤᠷ ᠤᠨ ᠣᠨᠴᠠᠯᠢᠭ ᠲᠤ ᠨᠡᠶᠢᠴᠡᠭᠦᠯᠦᠨ᠂ ᠠᠷᠭ᠎ᠠ ᠬᠡᠢ ᠶᠢ ᠬᠠᠮᠠᠭᠠᠯᠠᠬᠤ ᠶᠢ ᠠᠩᠬᠠᠷᠬᠤ ᠬᠡᠷᠡᠭᠲᠡᠢ᠃ ᠬᠠᠪᠤᠷ ᠵᠣᠨ ᠤ ᠤᠯᠠᠷᠢᠯ ᠳᠤ ᠠᠷᠭ᠎ᠠ ᠴᠢᠨᠠᠷ ᠢᠶᠠᠨ ᠲᠡᠵᠢᠭᠡᠬᠦ ᠳᠤ᠂ ᠡᠷᠲᠡ ᠤᠨᠲᠠᠵᠤ ᠡᠷᠲᠡ ᠪᠣᠰᠴᠤ᠂ ᠬᠠᠪᠤᠷ ᠤᠨ ᠤᠯᠠᠷᠢᠯ ᠳᠤ ᠠᠷᠭ᠎ᠠ ᠠᠭᠤᠷ ᠠᠩᠬ᠎ᠠ ᠳᠡᠭᠡᠭᠰᠢᠯᠡᠬᠦ ᠣᠨᠴᠠᠯᠢᠭ ᠲᠤ ᠵᠣᠬᠢᠴᠠᠭᠤᠯᠬᠤ ᠬᠡᠷᠡᠭᠲᠡᠢ᠃ ᠬᠠᠪᠤᠷ ᠤᠨ ᠤᠯᠠᠷᠢᠯ ᠳᠤ ᠬᠥᠮᠥᠨ ᠤ ᠪᠡᠶ᠎ᠡ ᠶᠢᠨ ᠰᠢᠨ᠎ᠡ ᠬᠠᠭᠤᠴᠢᠨ ᠤ ᠰᠣᠯᠢᠯᠴᠠᠭ᠎ᠠ ᠡᠬᠢᠯᠡᠨ ᠬᠥᠭᠵᠢᠩᠭᠦᠢ ᠪᠤᠯᠳᠠᠭ᠃      ᠬᠠᠪᠤᠷ ᠤᠨ ᠤᠯᠠᠷᠢᠯ ᠳᠤ ᠪᠡᠶ᠎ᠡ ᠪᠠᠨ ᠰᠤᠪᠢᠯᠠᠬᠤ ᠶᠢᠨ ᠨᠥᠭᠦᠭᠡ ᠨᠢᠭᠡ ᠲᠠᠯ᠎ᠠ ᠨᠢ ᠡᠪᠡᠳᠴᠢᠨ ᠢ ᠰᠡᠷᠭᠡᠶᠢᠯᠡᠵᠦ ᠡᠷᠡᠭᠦᠯ ᠮᠡᠨᠳᠦ ᠶᠢ ᠬᠠᠮᠠᠭᠠᠯᠠᠬᠤ ᠶᠠᠪᠤᠳᠠᠯ ᠪᠣᠯᠣᠨ᠎ᠠ᠃ ᠶᠡᠷᠦ ᠶᠢᠨ ᠦᠭᠡᠨ ᠳᠤ ︽ᠡᠪᠡᠰᠦ ᠨᠣᠭᠤᠭ᠎ᠠ ᠨᠠᠬᠢᠶᠠᠯᠠᠵᠤ᠂ ᠡᠪᠡᠳᠴᠢᠨ ᠪᠦᠭᠦᠨ ᠡᠭᠦᠰᠦᠨ᠎ᠡ︾ ᠭᠡᠳᠡᠭ᠂ ᠬᠠᠪᠤᠷ ᠲᠦᠮᠡᠨ ᠪᠣᠳᠠᠰ ᠰᠣᠶᠣᠭᠠᠯᠠᠵᠤ ᠪᠠᠶᠢᠪᠠᠴᠤ ᠳᠠᠭᠠᠭᠠᠳ ᠪᠠᠰᠠ ᠪᠠᠺᠲ᠋ᠧᠷᠢ ᠡᠭᠦᠰᠦᠨ᠎ᠡ᠂ ᠡᠶᠢᠮᠦ ᠠᠴᠠ ᠬᠠᠪᠤᠷ ᠡᠷᠬᠡᠪᠰᠢ ᠠᠷᠢᠭᠤᠨ ᠴᠡᠪᠡᠷ ᠢ ᠡᠷᠭᠢᠮᠯᠡᠭᠦ ᠬᠡᠷᠡᠭᠲᠡᠢ᠃ ᠬᠠᠪᠤᠷ ᠤᠨ ᠠᠭᠤᠷ ᠠᠮᠢᠰᠬᠤᠯ ᠤᠨ ᠣᠨᠴᠠᠯᠢᠭ ᠪᠣᠯ ᠰᠠᠯᠬᠢ ᠪᠠᠷ ᠭᠤᠣᠯ ᠪᠣᠯᠭᠠᠨ᠎ᠠ᠃ ᠬᠠᠪᠤᠷ ᠤᠨ ᠡᠬᠢ ᠪᠠᠷ᠂ ᠭᠤᠣᠯᠳᠠᠭᠤ ᠰᠠᠯᠬᠢ ᠬᠦᠢᠲᠡᠨ ᠭᠠᠵᠢᠭᠤ ᠬᠡᠢ ᠠᠴᠠ ᠡᠪᠡᠳᠴᠢᠨ ᠡᠭᠦᠰᠳᠡᠭ᠂ ᠬᠠᠪᠤᠷ ᠤᠨ ᠰᠡᠭᠦᠯᠴᠢ ᠪᠤᠯᠬᠤ ᠳᠤ᠂ ᠡᠰᠡᠷᠭᠦ ᠪᠠᠷ ᠰᠠᠯᠬᠢ ᠪᠦᠯᠢᠶᠡᠨ ᠭᠠᠵᠢᠭᠤ ᠬᠡᠢ ᠠᠴᠠ ᠡᠪᠡᠳᠴᠢᠨ ᠡᠭᠦᠰᠳᠡᠭ ᠶᠤᠮ᠃ ᠡᠭᠦᠨᠴᠢᠯᠡᠨ ᠴᠠᠭ ᠠᠭᠠᠷ ᠢ ᠰᠠᠶᠢᠲᠤᠷ ᠠᠩᠬᠠᠷᠤᠨ ᠬᠢᠴᠢᠶᠡᠵᠦ᠂ ᠪᠡᠶ᠎ᠡ ᠶᠢᠨ ᠳᠠᠷᠬᠠᠯᠠᠭ᠎ᠠ ᠪᠠᠨ ᠴᠢᠩᠭᠠᠳᠬᠠᠬᠤ ᠴᠢᠬᠤᠯᠠᠲᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号