2 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2025 ᠣᠨ ᠤ | ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠢᠨᠠᠨ ᠪᠤᠳᠤᠬᠤ ᠠᠵᠢᠯ ᠤᠨ | ᠬᠠᠮᠢᠶ᠎ᠠ ᠪᠦᠬᠦᠢ ᠪᠠᠶᠢᠳᠠᠯ ᠢ ᠬᠢᠨᠠᠨ ᠵᠥᠪᠯᠡᠵᠦ᠂ ᠪᠥᠬᠦ ᠰᠢᠶᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠰᠠᠭᠤᠷᠢ ᠲᠥᠬᠦᠭᠡᠷᠦᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ | ᠥᠷᠨᠢᠭᠦᠯᠦᠭᠰᠡᠨ ᠪᠠᠶᠢᠳᠠᠯ ᠢ ᠰᠣᠨᠣᠰᠪᠠ᠃ | ᠬᠤᠷᠠᠯ ᠠᠴᠠ ᠱᠠᠭᠠᠷᠳᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠬᠢᠨᠠᠨ ᠪᠤᠳᠤᠵᠤ | ᠴᠡᠭᠴᠡᠯᠡᠨ ᠰᠠᠶᠢᠵᠢᠷᠠᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠡᠯ᠎ᠡ ᠱᠠᠲᠤ ᠡᠯ᠎ᠡ | ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠢᠨᠠᠨ ᠪᠤᠳᠤᠬᠤ ᠠᠵᠢᠯ ᠤᠨ ᠴᠢᠬᠤᠯᠠ | ᠴᠢᠨᠠᠷ᠂ ᠲᠥᠪ ᠴᠢᠩᠭ᠎ᠠ ᠴᠢᠨᠠᠷ᠂ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠢᠨᠠᠨ ᠪᠤᠳᠤᠵᠤ ᠴᠡᠭᠴᠡᠯᠡᠨ | ᠰᠠᠶᠢᠵᠢᠷᠠᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠢᠨᠠᠨ ᠪᠤᠳᠤᠵᠤ ᠴᠡᠭᠴᠡᠯᠡᠨ | ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠴᠢᠩᠭ᠎ᠠ᠂ ᠲᠦᠷᠭᠡᠨ᠂ ᠨᠠᠷᠢᠯᠢᠭ᠂ ᠪᠣᠳᠠᠲᠠᠢ ᠪᠠᠷ ᠨᠠᠶᠢᠳᠠᠪᠤᠷᠢᠵᠢᠭᠤᠯᠵᠤ᠂ | ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠪᠣᠯ | ᠰᠢᠶᠠᠨ ᠤ ᠬᠡᠪᠴᠢᠶᠡᠨ ᠤ ᠬᠠᠮᠢᠶᠠᠷᠤᠯᠲᠠ ᠶᠢᠨ ᠴᠢᠬᠤᠯᠠ ᠪᠦᠷᠢᠯᠳᠦᠭᠦᠨ ᠬᠡᠰᠡᠭ ᠮᠥᠨ᠂ ᠲᠡᠷᠡ ᠨᠢ ᠪᠦᠬᠦ ᠰᠢᠶᠠᠨ ᠤ | ᠳᠦᠷᠢ ᠲᠥᠷᠬᠦ ᠪᠠ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠲᠠᠢ ᠬᠤᠯᠪᠣᠭᠳᠠᠵᠤ ᠪᠠᠶᠢᠳᠠᠭ᠃ ᠡᠯ᠎ᠡ | ᠰᠠᠯᠠᠭ᠎ᠠ ᠮᠥᠴᠢᠷ ᠤᠳ ᠲᠣᠰ ᠤᠳᠠᠭᠠᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠᠷ ᠠᠵᠠ ᠲᠣᠬᠢᠶᠠᠯ ᠪᠣᠯᠭᠠᠵᠤ᠂ | ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠰᠢᠰᠲ᠋ᠧᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠣᠷᠴᠢᠨ | ᠲᠣᠭᠤᠷᠢᠨ ᠤ ᠠᠷᠢᠭᠤᠨ ᠴᠡᠪᠡᠷ ᠤᠨ ᠠᠵᠢᠯ ᠢ ᠦᠨᠡᠨᠬᠦ ᠪᠣᠳᠠᠲᠠᠢ ᠪᠥᠭᠡᠳ ᠨᠠᠷᠢᠯᠢᠭ ᠬᠢᠵᠦ᠂ ᠴᠡᠪᠡᠷ ᠴᠡᠮᠴᠡᠭᠡᠷ᠂ | ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠣᠰᠬᠠᠬᠤ ᠳᠤ ᠲᠣᠬᠢᠷᠠᠮᠵᠢᠲᠠᠢ ᠬᠤᠲᠠ ᠶᠢᠨ ᠣᠷᠴᠢᠨ | ᠲᠣᠭᠤᠷᠢᠨ ᠢ ᠪᠣᠶ ᠪᠣᠯᠭᠠᠬᠤ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ᠃ ᠡᠭᠦᠨ ᠤ ᠬᠠᠮᠲᠤ᠂ ᠣᠷᠳᠣ | ᠬᠤᠭᠤᠴᠠᠭᠠᠨ ᠤ ᠪᠦᠲᠦᠮᠵᠢᠲᠡᠶ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠲᠥᠬᠦᠭᠡᠷᠦᠮᠵᠢ ᠬᠤᠳᠠᠯᠳᠤᠨ | ᠠᠪᠬᠤ᠂ ᠬᠡᠷᠡᠭᠯᠡᠬᠦ ᠪᠠ ᠬᠠᠮᠠᠭᠠᠯᠠᠬᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ | ᠵᠠᠰᠠᠭ ᠤᠨ ᠪᠡᠯᠡ ᠮᠥᠩᠭᠦ ᠶᠢ ᠠᠮᠤᠷ ᠲᠦᠪᠰᠢᠨ᠂ ᠥᠨᠳᠥᠷ ᠪᠦᠲᠦᠮᠵᠢᠲᠡᠶ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ | | ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃ ︵ᠰᠤᠷᠪᠤᠯᠵᠢᠯᠠᠭᠴᠢ᠄ ᠯᠢᠦᠢ ᠫᠢᠩ | ᠫᠢᠩ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |