ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ | ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾︵ᠳᠣᠷᠣᠭᠰᠢ︽ᠲᠥᠰᠥᠯ︾ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ | 19 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ᠠᠵᠤ ᠦᠢᠯᠡᠰ ᠤᠨ ᠬᠥᠭᠵᠢᠯᠲᠡ ᠳᠠᠬᠢ ᠠᠵᠢᠯ | ᠣᠯᠭᠤᠯᠲᠠ ᠶᠢᠨ ᠳᠠᠶᠢᠴᠢᠯᠠᠬᠤ ᠬᠦᠴᠦᠨ ᠢ ᠳᠡᠭᠡᠭᠰᠢᠯᠡᠭᠦᠯᠭᠦ᠂ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ | ᠳᠠᠶᠢᠴᠢᠯᠠᠬᠤ ᠶᠢ ᠵᠣᠷᠢᠭᠵᠢᠭᠤᠯᠬᠤ᠂ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠰᠢᠢᠳᠪᠦᠷᠢᠯᠡᠬᠦ᠂ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ | ᠠᠬᠢᠭᠤᠯᠬᠤ᠂ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠬᠦ ᠵᠡᠷᠭᠡ 5 | ᠲᠠᠯ᠎ᠠ ᠪᠠᠷ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠪᠠᠷ ᠪᠣᠯᠪᠠ᠃ | ᠣᠶᠢᠯᠠᠭᠠᠭᠰᠠᠨ ᠢᠶᠠᠷ᠂ ︽ᠲᠥᠰᠥᠯ︾ ᠳᠤ ᠬᠤᠶᠠᠳᠤᠭᠠᠷ ᠠᠵᠤ ᠦᠢᠯᠡᠰ ᠤᠨ ᠰᠢᠨ᠎ᠡ ᠠᠵᠢᠯ ᠣᠯᠭᠤᠯᠲᠠ ᠶᠢᠨ | ᠠᠵᠢᠯ ᠤᠨ ᠪᠠᠶᠢᠷᠢ ᠶᠢ 15 ᠲᠦᠮᠡ ᠠᠴᠠ ᠳᠡᠭᠡᠭᠰᠢ ᠠᠭᠤᠳᠠᠯᠵᠤ᠂ ᠭᠤᠷᠪᠠᠳᠤᠭᠠᠷ ᠠᠵᠤ ᠦᠢᠯᠡᠰ ᠤᠨ ᠠᠵᠢᠯ | ᠣᠯᠭᠤᠯᠲᠠ ᠶᠢᠨ ᠠᠵᠢᠯ ᠤᠨ ᠪᠠᠶᠢᠷᠢ ᠶᠢ 35 ᠲᠦᠮᠡ ᠠᠴᠠ ᠳᠡᠭᠡᠭᠰᠢ ᠰᠢᠨ᠎ᠡ ᠪᠠᠷ ᠨᠡᠭᠡᠭᠡᠵᠦ᠂ 600 ᠳᠤᠮᠳᠠ ᠪᠠᠭ᠎ᠠ | ᠭᠡᠯᠪᠡᠷᠢ ᠶᠢᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ 200 ᠳᠤᠮᠳᠠ ᠪᠠᠭ᠎ᠠ ᠭᠡᠯᠪᠡᠷᠢ ᠶᠢᠨ ᠬᠤᠷᠰᠢᠶ᠎ᠠ ᠶᠢ | ᠭᠤᠣᠯᠳᠠᠯᠭ᠎ᠠ ᠲᠠᠢ ᠲᠡᠳᠬᠦᠵᠦ᠂ 2025 ᠣᠨ ᠤ ᠡᠴᠦᠰ ᠪᠤᠯᠬᠤ ᠳᠤ ᠬᠥᠮᠥᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠦᠢᠯᠡᠰ ᠤᠨ ᠠᠵᠤ ᠦᠢᠯᠡᠰ ᠤᠨ ᠬᠡᠪᠴᠢᠶ᠎ᠡ ᠶᠢ 200 ᠳ᠋ᠦᠩᠰᠢᠭᠤᠷ ᠲᠥᠭᠦᠷᠢᠭ ᠠᠴᠠ | ᠳᠠᠪᠠᠭᠤᠯᠤᠨ᠎ᠠ; ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠪᠤᠶᠤ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠭᠡ ᠳᠤ 2 ᠲᠦᠮᠡᠨ ᠲᠥᠭᠦᠷᠢᠭ ᠤᠨ ᠨᠢᠭᠡᠯᠡ ᠤᠳᠠᠭ᠎ᠠ ᠶᠢᠨ ᠴᠢᠨᠠᠷᠲᠠᠢ ᠦᠢᠯᠡᠰ | ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠨᠥᠬᠦᠪᠦᠷᠢ ᠪᠠ 2 ᠲᠦᠮᠡᠨ ᠲᠥᠭᠦᠷᠢᠭ ᠤᠨ ᠦᠢᠯᠡᠰ ᠪᠣᠰᠬᠠᠬᠤ | ᠨᠥᠬᠦᠪᠦᠷᠢ ᠣᠯᠭᠤᠵᠤ᠂ ᠪᠦᠭᠦ ᠣᠷᠣᠨ ᠤ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢᠨ ᠠᠵᠢᠯ | ᠰᠤᠷᠤᠯᠴᠠᠯᠭ᠎ᠠ ᠶᠢ ᠨᠢᠭᠡ ᠴᠣᠭᠴᠠᠵᠢᠭᠤᠯᠤᠭᠰᠠᠨ ᠲᠤᠰᠬᠠᠢ ᠮᠡᠷᠭᠡᠵᠢᠯ ᠤᠨ ᠡᠵᠡᠯᠡᠬᠦ ᠬᠠᠷᠢᠴᠠᠯ ᠢ 50% ᠠᠴᠠ | ᠳᠡᠭᠡᠭᠰᠢ ᠪᠤᠯᠲᠠᠯ᠎ᠠ ᠳᠡᠭᠡᠭᠰᠢᠯᠡᠭᠦᠯᠦᠨ᠂ ᠡᠯ᠎ᠡ ᠠᠵᠢᠯ ᠲᠥᠷᠥᠯ ᠤᠨ ᠲᠤᠬᠠᠶᠢᠯᠠᠭᠰᠠᠨ ᠠᠵᠢᠯ ᠤᠨ ᠤᠷ᠎ᠠ ᠮᠡᠷᠭᠡᠵᠢᠯ ᠤᠨ | ᠪᠣᠯᠪᠠᠰᠤᠷᠠᠯ ᠤᠨ ᠬᠡᠪᠴᠢᠶ᠎ᠡ ᠶᠢ 35 ᠲᠦᠮᠡᠨ ᠬᠥᠮᠥᠨ ᠤᠳᠠᠭ᠎ᠠ ᠠᠴᠠ ᠳᠡᠭᠡᠭᠰᠢ ᠳᠤ ᠬᠦᠷᠦᠭᠦᠯᠵᠦ᠂ ᠥᠪᠡᠷᠲᠡᠭᠡᠨ | ᠵᠠᠰᠠᠬᠤ ᠣᠷᠣᠨ ᠤ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠶᠢᠨ ᠡᠯᠰᠡᠬᠦ ᠬᠡᠪᠴᠢᠶ᠎ᠡ ᠶᠢ 3000 | ᠬᠥᠮᠥᠨ ᠳᠤ ᠭᠦᠷᠲᠡᠯ᠎ᠡ ᠥᠷᠭᠡᠳᠬᠡᠨ᠎ᠡ᠃ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠶᠡᠭᠡ | ᠳᠡᠭᠡᠳᠦ ᠰᠤᠷᠭᠠᠭᠤᠯᠢ᠂ ᠠᠷᠰᠠᠷ ᠠᠵᠢᠯ ᠤᠨ ᠵᠠᠬ᠎ᠠ ᠳᠡᠯᠭᠡᠭᠦᠷ ᠵᠡᠷᠭᠡ ᠳᠤ ᠲᠦᠰᠢᠭᠯᠡᠨ 300 ︽ᠭᠡᠷ ᠤᠨ ᠡᠭᠦᠳᠡ︾ | ᠳᠤ ᠠᠵᠢᠯ ᠣᠯᠭᠤᠬᠤ ᠦᠢᠯᠡᠴᠢᠯᠡᠭᠡᠨ ᠤ ᠥᠷᠲᠡᠭᠡ ᠶᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ︽ᠠᠵᠢᠯ | ᠣᠯᠭᠤᠯᠲᠠ ᠶᠢᠨ ᠥᠪᠥᠷ ᠮᠣᠩᠭᠤᠯ︾ ᠠᠵᠢᠯ ᠡᠷᠢᠬᠦ ᠤᠷᠢᠨ ᠡᠯᠰᠡᠬᠦ ᠲᠠᠪᠴᠠᠩ ᠵᠡᠷᠭᠡ ᠶᠢ ᠪᠦᠷᠢᠯᠳᠦᠭᠦᠯᠵᠦ᠂ ᠠᠵᠢᠯ | ᠣᠯᠭᠤᠯᠲᠠ ᠶᠢᠨ ᠮᠡᠳᠡᠭᠡ ᠵᠠᠩᠭᠢᠴᠢᠯᠠᠯᠲᠠ ᠶᠢᠨ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ | ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠪᠣᠯᠣᠨ᠎ᠠ᠃ | | |