ᠮᠠᠨ ᠤ ᠣᠷᠣᠨ ︽ᠠᠵᠤ ᠠᠬᠤᠶᠢᠯᠠᠯ ᠳᠤ ᠠᠰᠢᠭ ᠬᠦᠷᠲᠡᠭᠡᠬᠦ ᠶᠠᠰᠤ ᠴᠢᠨᠠᠷ ᠤᠨ ᠵᠢᠭᠡᠯᠡᠯᠭᠡ︾ ᠪᠠᠷ ᠠᠵᠤ ᠠᠬᠤᠶᠢᠯᠠᠯ ᠢ ᠲᠡᠳᠬᠦᠵᠦ ᠪᠠᠶᠢᠨ᠎ᠠ
ᠨᠡᠶᠢᠲᠡᠯᠡᠭᠰᠡᠨ ᠴᠠᠭ᠄
2025/2/20
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠶᠠᠰᠤ ᠴᠢᠨᠠᠷ ᠢᠶᠠᠷ ᠪᠡᠯᠡ ᠬᠤᠷᠠᠮᠳᠤᠭᠤᠯᠵᠤ ᠢᠲᠡᠭᠡᠮᠵᠢ ᠶᠢ ᠨᠡᠮᠡᠭᠳᠡᠭᠦᠯᠬᠦ ᠲᠦᠷᠦᠭᠦᠦ ᠪᠦᠯᠦᠭ ᠠᠵᠤ ᠠᠬᠤᠶᠢᠯᠠᠯ ᠤᠨ ᠨᠡᠷᠡᠰ ᠤᠨ ᠬᠥᠮᠥᠷᠭᠡ ᠶᠢ ᠭᠠᠷᠭᠠᠨ᠂ ᠨᠡᠶᠢᠲᠡ 1631 ᠠᠵᠤ ᠠᠬᠤᠶᠢᠯᠠᠯ ᠢ ᠨᠡᠷᠡᠰ ᠤᠨ ᠵᠢᠭᠰᠠᠭᠠᠯᠲᠠ ᠳᠤ ᠣᠷᠣᠭᠤᠯᠵᠤ᠂ ᠨᠡᠷᠡᠰ ᠤᠨ ᠬᠥᠮᠥᠷᠭᠡ ᠶᠢᠨ ᠳᠣᠲᠣᠷᠠᠬᠢ ᠠᠵᠤ ᠠᠬᠤᠶᠢᠯᠠᠯ ᠴᠥᠮ ᠥᠪᠡᠷᠲᠡᠭᠡᠨ ᠵᠠᠰᠠᠬᠤ ᠣᠷᠣᠨ ᠤ ᠪᠡᠯᠡ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ᠂ ᠰᠦᠯᠵᠢᠶᠡᠨ ᠳᠡᠭᠡᠷ᠎ᠡ ︽ᠠᠵᠤ ᠠᠬᠤᠶᠢᠯᠠᠯ ᠳᠤ ᠠᠰᠢᠭ ᠬᠦᠷᠲᠡᠭᠡᠬᠦ ᠶᠠᠰᠤ ᠴᠢᠨᠠᠷ ᠤᠨ ᠵᠢᠭᠡᠯᠡᠯᠭᠡ︾ ᠶᠢ ᠭᠤᠶᠤᠴᠢᠯᠠᠬᠤ  ᠶᠢ ᠵᠥᠪᠰᠢᠶᠡᠷᠡᠵᠦ᠂ ᠠᠵᠤ ᠠᠬᠤᠶᠢᠯᠠᠯ ᠤᠨ ᠪᠡᠯᠡ ᠮᠥᠩᠭᠦ ᠶᠢᠨ ᠲᠠᠯ᠎ᠠ ᠪᠠᠷ ᠬᠢ ᠳᠠᠷᠤᠭᠠᠰᠤ ᠶᠢ ᠬᠥᠩᠭᠡᠷᠡᠭᠦᠯᠪᠡ᠃      ᠣᠶᠢᠯᠠᠭᠠᠭᠰᠠᠨ ᠢᠶᠠᠷ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ ᠬᠥᠭᠵᠢᠭᠡᠵᠦ᠂ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠠᠷᠠᠳ ᠤᠨ ᠪᠠᠩᠬᠢ  ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠶᠠᠰᠤ ᠴᠢᠨᠠᠷ ᠢᠶᠠᠷ ᠪᠡᠯᠡ ᠬᠤᠷᠠᠮᠳᠤᠭᠤᠯᠵᠤ ᠢᠲᠡᠭᠡᠮᠵᠢ ᠨᠡᠮᠡᠭᠳᠡᠭᠦᠯᠬᠦ ︽ᠠᠵᠤ ᠠᠬᠤᠶᠢᠯᠠᠯ ᠳᠤ ᠠᠰᠢᠭ ᠬᠦᠷᠲᠡᠭᠡᠬᠦ ᠶᠠᠰᠤ ᠴᠢᠨᠠᠷ ᠤᠨ ᠵᠢᠭᠡᠯᠡᠯᠭᠡ︾ ᠶᠢᠨ ᠦᠢᠯᠡᠴᠢᠯᠡᠭᠡ ᠲᠣᠬᠢᠷᠠᠭᠤᠯᠵᠤ᠂ ᠭᠤᠣᠯᠳᠠᠭᠤ ᠶᠠᠰᠤ ᠴᠢᠨᠠᠷ ᠤᠨ ᠬᠠᠮᠢᠶᠠᠷᠤᠯᠲᠠ ᠶᠢ ᠴᠢᠬᠤᠯᠠᠴᠢᠯᠠᠭᠰᠠᠨ᠂ ᠶᠠᠰᠤ ᠴᠢᠨᠠᠷ  ᠢ ᠢᠯᠡᠳᠲᠡ ᠳᠡᠭᠡᠭᠰᠢᠯᠡᠭᠦᠯᠦᠭᠰᠡᠨ ᠠᠵᠤ ᠠᠬᠤᠶᠢᠯᠠᠯ ᠳᠤ ᠬᠠᠨᠳᠤᠭᠤᠯᠤᠨ᠂ ᠠᠵᠤ ᠠᠬᠤᠶᠢᠯᠠᠯ ᠤᠨ ᠶᠠᠰᠤ ᠴᠢᠨᠠᠷ ᠤᠨ ᠲᠠᠯ᠎ᠠ ᠪᠠᠷ ᠪᠦᠷᠢᠯᠳᠦᠭᠦᠯᠦᠭᠰᠡᠨ ᠴᠢᠳᠠᠪᠤᠷᠢ᠂ ᠬᠢᠷᠢ ᠭᠡᠮ ᠵᠢᠴᠢ ᠣᠯᠣᠭᠰᠠᠨ ᠢᠷᠠᠭᠤ ᠠᠯᠳᠠᠷ ᠢᠶᠠᠷ ᠦᠨᠳᠦᠰᠦᠯᠡᠯ ᠪᠤᠯᠭᠠᠵᠤ᠂ ᠲᠡᠳᠡᠨ ᠳᠤ ᠵᠢᠭᠡᠯᠡᠯᠭᠡ ᠶᠢᠨ ᠦᠢᠯᠡᠴᠢᠯᠡᠭᠡ ᠬᠠᠩᠭᠠᠵᠤ ᠪᠠᠶᠢᠨ᠎ᠠ᠃ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠠᠵᠤ ᠠᠬᠤᠶᠢᠯᠠᠯ ᠤᠨ ᠵᠠᠰᠠᠭ  ᠤᠨ ᠣᠷᠳᠣᠨ ᠤ ᠶᠠᠰᠤ ᠴᠢᠨᠠᠷ ᠤᠨ ᠱᠠᠩᠨᠠᠯ᠂ ᠪᠠᠷᠢᠮᠵᠢᠶ᠎ᠠ ᠶᠢᠨ ᠲᠠᠯ᠎ᠠ ᠪᠠᠷ ᠲᠦᠷᠦᠭᠦᠯᠡᠭᠰᠡᠨ ᠪᠠᠶᠢᠳᠠᠯ᠂ ᠶᠠᠰᠤ ᠴᠢᠨᠠᠷ  ᠤᠨ ᠬᠢᠷᠢ ᠭᠡᠮ ᠪᠠ ᠴᠢᠳᠠᠪᠤᠷᠢᠲᠠᠨ ᠤ ᠲᠡᠭᠦᠯᠳᠡᠷᠵᠢᠭᠰᠡᠨ ᠪᠠᠶᠢᠳᠠᠯ ᠵᠡᠷᠭᠡ ᠶᠠᠰᠤ ᠴᠢᠨᠠᠷ ᠤᠨ ᠡᠯᠧᠮᠧᠨ᠋ᠲ ᠤᠨ ᠮᠡᠳᠡᠭᠡ ᠵᠠᠩᠭᠢ ᠶᠢ ᠦᠨᠳᠦᠰᠦᠯᠡᠨ᠂ ᠲᠦᠷᠦᠭᠦᠦ ᠪᠦᠯᠦᠭ 1631 ᠠᠵᠤ ᠠᠬᠤᠶᠢᠯᠠᠯ ᠢ ᠶᠠᠰᠤ ᠴᠢᠨᠠᠷ ᠢᠶᠠᠷ ᠪᠡᠯᠡ ᠬᠤᠷᠠᠮᠳᠤᠭᠤᠯᠵᠤ ᠢᠲᠡᠭᠡᠮᠵᠢ ᠨᠡᠮᠡᠭᠳᠡᠭᠦᠯᠬᠦ ᠠᠵᠤ ᠠᠬᠤᠶᠢᠯᠠᠯ ᠤᠨ ᠨᠡᠷᠡᠰ ᠤᠨ ᠬᠥᠮᠥᠷᠭᠡ ᠳᠤ ᠣᠷᠣᠭᠤᠯᠤᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠪᠡᠯᠡ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ  ᠳᠤ ︽ᠠᠵᠤ ᠠᠬᠤᠶᠢᠯᠠᠯ ᠳᠤ ᠠᠰᠢᠭ ᠬᠦᠷᠲᠡᠭᠡᠬᠦ ᠶᠠᠰᠤ ᠴᠢᠨᠠᠷ ᠤᠨ ᠵᠢᠭᠡᠯᠡᠯᠭᠡ︾ ᠶᠢᠨ ᠲᠤᠰᠬᠠᠢ ᠪᠤᠯᠤᠩ ᠭᠠᠷᠭᠠᠵᠤ᠂ ᠰᠦᠯᠵᠢᠶᠡᠨ ᠳᠡᠭᠡᠷᠡᠬᠢ ᠠᠩᠬᠠᠨ ᠤ ᠶᠠᠰᠤ ᠴᠢᠨᠠᠷ ᠤᠨ ᠢᠲᠡᠭᠡᠮᠵᠢ ᠶᠢᠨ ᠵᠢᠭᠡᠯᠡᠯᠭᠡ ᠣᠯᠭᠤᠭᠰᠠᠨ ᠵᠣᠭᠤᠰ ᠤᠨ ᠲᠤᠭ᠎ᠠ 3.5 ᠳ᠋ᠦᠩᠰᠢᠭᠤᠷ ᠲᠥᠭᠦᠷᠢᠭ ᠲᠤ ᠬᠦᠷᠴᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号