﹇2025﹈ -10 | | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ᠄ | ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ 7 ᠰᠠᠯᠠᠭ᠎ᠠ ᠮᠥᠴᠢᠷ ᠤᠨ 2025 ᠣᠨ ᠤ ᠤᠷᠢᠬᠠᠨ ᠰᠠᠯᠬᠢᠨ ᠤ | ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ﹀ ᠢ ᠤᠯᠠᠮᠵᠢᠯᠠᠨ ᠲᠠᠷᠬᠠᠭᠠᠬᠤ ᠲᠤᠬᠠᠢ ᠮᠡᠳᠡᠭᠳᠡᠯ︾ ︵ᠬᠥᠬᠡᠬᠤᠲᠠ | ᠬᠥᠮᠥᠨ ᠨᠡᠶᠢᠭᠡᠮ ᠠᠯᠪᠠᠨ ᠲᠠᠷᠬᠠᠭᠠᠭᠰᠠᠨ ︹ 2025︺ 11 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠴᠠᠭᠠᠨ ᠰᠠᠷ᠎ᠠ ᠠᠴᠠ ᠳᠠᠷᠠᠭᠠᠬᠢ ᠬᠤᠲᠠ ᠬᠥᠳᠡᠭᠡ ᠶᠢᠨ | ᠬᠥᠳᠡᠯᠮᠦᠷᠢᠴᠢᠳ ᠤᠨ ᠡᠮᠬᠢ ᠵᠢᠷᠤᠮ ᠲᠠᠢ ᠪᠠᠷ ᠠᠵᠢᠯ ᠤᠨ ᠪᠠᠶᠢᠷᠢ ᠰᠣᠯᠢᠵᠤ ᠠᠵᠢᠯ ᠣᠯᠭᠤᠬᠤ ᠶᠢ ᠰᠠᠶᠢᠲᠤᠷ ᠬᠢᠵᠦ᠂ | ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ | ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠬᠡᠷᠡᠭᠵᠢᠭᠦᠯᠦᠭᠰᠡᠨ ︽ᠠᠵᠢᠯ ᠣᠯᠭᠤᠯᠲᠠ ᠶᠢ ᠠᠬᠢᠭᠤᠯᠬᠤ᠂ ᠠᠵᠢᠯᠴᠢᠨ ᠬᠡᠷᠡᠭᠯᠡᠬᠦ ᠶᠢ ᠪᠠᠲᠤᠯᠠᠬᠤ᠂ ᠬᠥᠭᠵᠢᠯᠲᠡ ᠶᠢ | ᠠᠬᠢᠭᠤᠯᠬᠤ︾ ᠶᠡᠷᠦᠩᠬᠡᠢ ᠲᠣᠬᠢᠷᠠᠭᠤᠯᠤᠯᠲᠠ ᠶᠣᠰᠣᠭᠠᠷ᠂ ᠬᠤᠷᠠᠯ ᠠᠴᠠ ᠦᠴᠦᠸᠠᠨ ᠰᠢᠶᠠᠨ ᠤ 2025 ᠣᠨ ᠤ | ︽ᠤᠷᠢᠬᠠᠨ ᠰᠠᠯᠬᠢᠨ ᠤ ᠠᠵᠢᠯᠯᠠᠭ᠎ᠠ︾ ᠶᠢᠨ ᠲᠤᠬᠠᠢ ᠶᠢᠨ ᠲᠠᠯᠠᠪᠤᠷ ᠤᠨ ᠠᠵᠢᠯᠲᠠᠨ ᠡᠯᠰᠡᠬᠦ ᠠᠵᠢᠯᠯᠠᠭ᠎ᠠ ᠶᠢ | ᠥᠷᠨᠢᠭᠦᠯᠬᠦ ᠪᠠᠷ ᠲᠣᠭᠲᠠᠪᠠ᠃ | ᠨᠢᠭᠡ᠂ ᠬᠥᠳᠡᠯᠭᠡᠭᠡᠨ ᠤ ᠭᠤᠣᠯ ᠰᠡᠳᠦᠪ | ︽ᠤᠷᠢᠬᠠᠨ ᠰᠠᠯᠬᠢ ᠠᠵᠢᠯ ᠤᠨ ᠪᠠᠶᠢᠷᠢ ᠬᠦᠷᠭᠡᠵᠦ ᠠᠵᠢᠯ ᠣᠯᠭᠤᠯᠲᠠ ᠶᠢ ᠠᠬᠢᠭᠤᠯᠵᠤ ᠨᠠᠷᠢᠯᠢᠭ ᠣᠨᠣᠪᠴᠢᠲᠠᠢ | ᠦᠢᠯᠡᠴᠢᠯᠡᠭᠡ ᠪᠠᠷ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ︾ | ᠬᠤᠶᠠᠷ᠂ ᠦᠢᠯᠡᠴᠢᠯᠡᠬᠦ ᠡᠲᠡᠭᠡᠳ | 1. ᠠᠵᠢᠯ ᠣᠯᠵᠤ ᠠᠳᠠᠯ ᠦᠢᠯᠡᠰ ᠴᠣᠭᠴᠠᠯᠠᠬᠤ ᠬᠦᠰᠡᠯ ᠡᠷᠡᠮᠡᠯᠵᠡᠯ ᠲᠠᠢ ᠲᠠᠷᠢᠶᠠᠯᠠᠬᠤ ᠮᠠᠯᠵᠢᠬᠤ ᠣᠷᠣᠨ ᠤ | ᠬᠥᠳᠡᠯᠮᠦᠷᠢᠯᠡᠭᠴᠢ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ (ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢ | ᠰᠡᠷᠭᠡᠶᠢᠯᠡᠬᠦ ᠬᠢᠨᠠᠨ ᠰᠢᠨᠵᠢᠬᠦ ᠡᠲᠡᠭᠡᠳ ᠪᠠᠭᠲᠠᠨ᠎ᠠ)᠂ ᠲᠠᠷᠢᠶᠠᠯᠠᠬᠤ ᠮᠠᠯᠵᠢᠬᠤ ᠣᠷᠣᠨ ᠤ ᠣᠷᠣᠯᠭ᠎ᠠ ᠪᠠᠭᠠᠲᠠᠢ ᠬᠥᠮᠥᠨ | ᠠᠮᠠ᠂ ᠲᠠᠷᠢᠶᠠᠯᠠᠬᠤ ᠮᠠᠯᠵᠢᠬᠤ ᠣᠷᠣᠨ ᠤ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ | ᠠᠯᠪᠠᠨ ᠠᠴᠠ ᠪᠠᠭᠤᠭᠰᠠᠳ᠂ ᠠᠵᠢᠯ ᠠᠯᠳᠠᠭᠰᠠᠨ ᠵᠠᠯᠠᠭᠤᠴᠤᠳ᠃ | 2. ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠬᠥᠮᠥᠨ ᠬᠡᠷᠡᠭᠯᠡᠬᠦ ᠨᠢᠭᠡᠴᠢ᠂ ᠢᠯᠠᠩᠭᠤᠶ᠎ᠠ | ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠥᠷᠥᠯ ᠤᠨ ᠬᠥᠮᠥᠨ ᠬᠡᠷᠡᠭᠯᠡᠬᠦ ᠨᠢᠭᠡᠴᠢ ᠵᠢᠴᠢ ᠬᠤᠲᠠ | ᠬᠥᠳᠡᠭᠡ ᠶᠢᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠵᠡᠷᠭᠡ᠃ | 3. ᠠᠵᠢᠯ ᠣᠯᠵᠤ ᠠᠳᠠᠯ ᠦᠢᠯᠡᠰ ᠴᠣᠭᠴᠠᠯᠠᠬᠤ ᠬᠦᠰᠡᠯ ᠡᠷᠡᠮᠡᠯᠵᠡᠯ ᠲᠠᠢ ᠪᠤᠰᠤᠳ ᠬᠥᠳᠡᠯᠮᠦᠷᠢᠴᠢᠳ᠃ | ᠭᠤᠷᠪᠠ᠂ ᠭᠤᠣᠯᠯᠠᠨ ᠡᠷᠬᠢᠯᠡᠭᠰᠡᠨ ᠨᠢᠭᠡᠴᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠨᠠᠮ ᠤᠨ ᠬᠤᠷᠢᠶ᠎ᠠ᠂ ᠦᠴᠦᠸᠠᠨ ᠰᠢᠶᠠᠨ ᠤ | ᠠᠷᠠᠳ ᠤᠨ ᠵᠠᠰᠠᠭ ᠤᠨ ᠣᠷᠳᠣᠨ᠃ | ᠳᠥᠷᠪᠡ᠂ ᠳᠠᠭᠠᠭᠠᠨ ᠭᠦᠢᠴᠡᠳᠬᠡᠬᠦ ᠨᠢᠭᠡᠴᠢ ᠵᠢᠴᠢ ᠪᠦᠷᠢᠯᠳᠦᠭᠦᠨ ᠨᠢᠭᠡᠴᠢ | ᠦᠴᠦᠸᠠᠨ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠮᠧᠨ ᠲᠧᠦ ᠭᠧᠦ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠦᠴᠦᠸᠠᠨ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠦᠴᠦᠸᠠᠨ ᠰᠢᠶᠠᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠦᠴᠦᠸᠠᠨ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠦᠴᠦᠸᠠᠨ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ᠂ ᠦᠴᠦᠸᠠᠨ ᠰᠢᠶᠠᠨ ᠤ ᠠᠵᠢᠯᠴᠢᠨ ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ | ᠦᠴᠦᠸᠠᠨ ᠰᠢᠶᠠᠨ ᠤ ᠬᠤᠷᠢᠶ᠎ᠠ᠂ ᠦᠴᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ᠃ | ᠲᠠᠪᠤ᠂ ᠠᠵᠢᠯᠯᠠᠭᠠᠨ ᠤ ᠴᠠᠭ ᠪᠠ ᠭᠠᠵᠠᠷ | ᠴᠠᠭ᠄ 2025 ᠣᠨ ᠤ 2 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ 9᠄ 00 ᠴᠠᠭ᠃ | ᠭᠠᠵᠠᠷ᠄ ᠦᠴᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠣᠯᠠᠨ | ᠴᠢᠳᠠᠮᠵᠢᠲᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠷᠳᠣᠨ ︵ᠦᠴᠦᠸᠠᠨ ᠰᠢᠶᠠᠨ ᠤ ᠬᠥᠬᠡ ᠡᠷᠭᠢ | ᠪᠠᠯᠭᠠᠰᠤᠨ ᠤ ᠳ᠋ᠦᠩ ᠾᠧ ᠴᠡᠴᠡᠷᠯᠢᠭ ᠤᠨ ᠵᠠᠮ ᠤᠨ ᠪᠠᠷᠠᠭᠤᠨ︶᠃ | ᠵᠢᠷᠭᠤᠭ᠎ᠠ᠂ ᠬᠥᠳᠡᠯᠭᠡᠭᠡᠨ ᠤ ᠡᠳᠦᠷ ᠤᠨ ᠳᠠᠷᠠᠭᠠᠯᠠᠯ | ᠦᠳᠡ ᠶᠢᠨ ᠡᠮᠦᠨᠡᠬᠢ 9᠄ 00-9᠄ 30᠄ ᠡᠬᠢᠯᠡᠯᠲᠡ ᠶᠢᠨ ᠶᠣᠰᠣᠯᠠᠯ᠃ | ᠦᠳᠡ ᠶᠢᠨ ᠡᠮᠦᠨ᠎ᠡ 9᠄ 30 - 12᠄ 00᠄ ᠲᠤᠬᠠᠢ ᠶᠢᠨ ᠲᠠᠯᠠᠪᠤᠷ ᠲᠤ ᠠᠵᠢᠯᠲᠠᠨ ᠡᠯᠰᠡᠬᠦ ᠠᠵᠢᠯᠯᠠᠭ᠎ᠠ᠃ | ᠳᠣᠯᠤᠭ᠎ᠠ᠂ ᠬᠤᠷᠠᠯ ᠳᠤ ᠣᠷᠣᠯᠴᠠᠭᠰᠠᠳ ᠵᠢᠴᠢ ᠠᠵᠤ ᠠᠬᠤᠶᠢᠯᠠᠯ | ︵ᠨᠢᠭᠡ︶ ᠬᠤᠷᠠᠯ ᠳᠤ ᠣᠷᠣᠯᠴᠠᠬᠤ ᠤᠳᠤᠷᠢᠳᠤᠯᠭ᠎ᠠ | 1. ᠦᠴᠦᠸᠠᠨ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠬᠠᠮᠢᠶ᠎ᠠ ᠪᠦᠬᠦᠢ ᠤᠳᠤᠷᠢᠳᠤᠯᠭ᠎ᠠ᠃ | 2. ᠡᠯ᠎ᠡ ᠪᠦᠷᠢᠯᠳᠦᠭᠦᠨ ᠨᠢᠭᠡᠴᠢ ᠶᠢᠨ ᠬᠠᠷᠢᠭᠤᠴᠠᠯᠭᠠᠲᠠᠨ᠃ | ︵ᠬᠤᠶᠠᠷ︶ ᠬᠤᠷᠠᠯ ᠳᠤ ᠣᠷᠣᠯᠴᠠᠬᠤ ᠠᠵᠤ ᠠᠬᠤᠶᠢᠯᠠᠯ | 1. ᠰᠢᠶᠠᠨ ᠤ ᠲᠤᠬᠠᠢ ᠶᠢᠨ ᠭᠠᠵᠠᠷ ᠤᠨ ᠠᠵᠤ ᠠᠬᠤᠶᠢᠯᠠᠯ 30 ᠭᠠᠷᠤᠢ ᠪᠠᠶᠢᠵᠤ᠂ 500 ᠭᠠᠷᠤᠢ ᠠᠵᠢᠯ ᠤᠨ | ᠪᠠᠶᠢᠷᠢ ᠬᠠᠩᠭᠠᠪᠠ᠃ | 2. ᠪᠡᠭᠡᠵᠢᠩ ᠬᠤᠲᠠ ᠶᠢᠨ ᠮᠧᠨ ᠲᠧᠦ ᠭᠧᠦ ᠲᠣᠭᠤᠷᠢᠭ ᠤᠨ ᠠᠵᠤ ᠠᠬᠤᠶᠢᠯᠠᠯ 10 ᠪᠠᠶᠢᠵᠤ᠂ 227 | ᠠᠵᠢᠯ ᠤᠨ ᠪᠠᠶᠢᠷᠢ ᠬᠠᠩᠭᠠᠪᠠ᠃ | ᠨᠠᠢᠮᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠢᠴᠢ ᠬᠠᠷᠢᠭᠤᠴᠠᠯᠭ᠎ᠠ ᠶᠢᠨ ᠬᠤᠪᠢᠶᠠᠷᠢᠯᠠᠯ | ︽2025 ᠣᠨ ᠤ ᠬᠠᠪᠤᠷ ᠤᠨ ᠰᠠᠯᠬᠢᠨ ᠤ ᠠᠵᠢᠯᠯᠠᠭ᠎ᠠ︾ ᠶᠢᠨ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠵᠤ᠂ ᠦᠴᠦᠸᠠᠨ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠳᠤ ᠪᠠᠶᠢᠷᠢᠯᠠᠭᠤᠯᠵᠤ᠂ ᠠᠵᠢᠯᠯᠠᠭ᠎ᠠ ᠶᠢ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠬᠠᠷᠢᠭᠤᠴᠠᠨ᠎ᠠ᠂ | ᠪᠦᠷᠢᠯᠳᠦᠭᠦᠨ ᠨᠢ ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠸᠠᠩ ᠶᠦᠩ ᠴᠢᠩ ᠦᠴᠦᠸᠠᠨ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ | ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠵᠧᠦ ᠶᠠᠨ ᠦᠴᠦᠸᠠᠨ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ | ᠷᠧᠨ ᠵᠢᠶᠦ᠋ᠨ ᠦᠴᠦᠸᠠᠨ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ | ᠪᠦᠷᠢᠯᠳᠦᠭᠦᠨ᠄ ᠸᠠᠩ ᠵᠢᠶᠦ᠋ᠨ ᠬᠤᠩ ︵ᠦᠴᠦᠸᠠᠨ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠤᠨ ᠡᠷᠬᠢᠯᠡᠭᠴᠢ︶᠂ ᠶᠣᠣ ᠷᠦᠢ ᠹᠧᠩ ︵ᠦᠴᠦᠸᠠᠨ | ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ︶᠂ ᠵᠦ ᠸᠧᠨ ᠴᠧᠩ ︵ᠦᠴᠦᠸᠠᠨ | ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ︶᠂ ᠸᠠᠩ ᠵᠢᠶᠠᠨ ᠴᠢᠶᠠᠩ | ︵ᠦᠴᠦᠸᠠᠨ ᠰᠢᠶᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ︶᠂ ᠵᠠᠩ ᠶᠦᠩ | ᠴᠢᠶᠠᠩ ︵ᠦᠴᠦᠸᠠᠨ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠪᠣᠯᠪᠠᠰᠤᠷᠠᠭᠤᠯᠤᠯ ᠤᠨ | ᠬᠠᠷᠢᠭᠤᠴᠠᠯᠭᠠᠲᠠᠨ︶᠂ ᠭᠧᠩ ᠹᠧᠢ ᠹᠧᠢ ︵ᠦᠴᠦᠸᠠᠨ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ ᠤᠨ ᠠᠵᠢᠯᠲᠠᠨ︶᠂ ᠵᠠᠩ ᠶᠠᠨ ᠬᠤᠩ ︵ᠦᠴᠦᠸᠠᠨ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ ᠤᠨ ᠠᠵᠢᠯᠲᠠᠨ︶᠂ ᠵᠠᠩ ᠶᠠᠨ ᠬᠤᠩ ︵ᠦᠴᠦᠸᠠᠨ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ ᠤᠨ ᠠᠵᠢᠯᠲᠠᠨ︶᠂ | ᠤᠳᠤᠷᠢᠳᠬᠤ ᠳᠤᠭᠤᠶᠢᠯᠠᠩ ᠤᠨ ᠳᠣᠣᠷ᠎ᠠ ᠬᠤᠷᠠᠯ ᠤᠨ ᠶᠠᠪᠤᠳᠠᠯ ᠤᠨ ᠳᠤᠭᠤᠶᠢᠯᠠᠩ ᠪᠠ ᠬᠠᠷᠢᠯᠴᠠᠵᠤ ᠬᠦᠯᠢᠶᠡᠨ | ᠠᠪᠬᠤ ᠳᠤᠭᠤᠶᠢᠯᠠᠩ ᠪᠠᠶᠢᠭᠤᠯᠵᠤ᠂ ᠪᠦᠷᠢᠯᠳᠦᠭᠦᠨ ᠪᠠ ᠠᠵᠢᠯ ᠤᠨ ᠡᠭᠦᠷᠭᠡ ᠬᠠᠷᠢᠭᠤᠴᠠᠯᠭ᠎ᠠ ᠨᠢ ᠳᠣᠣᠷᠠᠬᠢ ᠮᠡᠲᠦ᠄ | ︵ᠨᠢᠭᠡ︶ ᠬᠤᠷᠠᠯ ᠤᠨ ᠶᠠᠪᠤᠳᠠᠯ ᠤᠨ ᠳᠤᠭᠤᠶᠢᠯᠠᠩ | 1. ᠪᠦᠷᠢᠯᠳᠦᠭᠦᠨ ᠭᠡᠰᠢᠭᠦᠨ᠄ | ᠬᠠᠷᠢᠭᠤᠴᠠᠯᠭᠠᠲᠠᠨ᠄ ᠵᠦ ᠸᠧᠨ ᠴᠧᠩ | ᠪᠦᠷᠢᠯᠳᠦᠭᠦᠨ᠄ ᠭᠧᠩ ᠹᠧᠢ ᠹᠧᠢ᠂ ᠯᠢᠦ ᠶᠦᠩ ᠰᠢᠶᠠ᠂ ᠵᠠᠩ ᠶᠠᠨ ᠬᠤᠩ᠂ ᠵᠣᠣ ᠰᠢᠨ ᠷᠠᠨ᠂ ᠸᠠᠩ ᠸᠧᠨ ᠯᠢ᠂ | ᠸᠠᠩ ᠶᠤᠸᠠᠢ ᠰᠢᠶᠠ᠂ ᠵᠠᠩ ᠯᠦᠩ ᠮᠧᠶ | 2. ᠠᠵᠢᠯ ᠤᠨ ᠡᠭᠦᠷᠭᠡ ᠬᠠᠷᠢᠭᠤᠴᠠᠯᠭ᠎ᠠ᠄ | ︵1︶ ᠠᠵᠢᠯᠲᠠᠨ ᠡᠯᠰᠡᠬᠦ ᠬᠤᠷᠠᠯ ᠤᠨ ᠲᠥᠰᠥᠯ ᠢ ᠳᠡᠭᠡᠭᠰᠢ ᠮᠡᠳᠡᠭᠦᠯᠬᠦ᠂ ᠠᠵᠢᠯᠲᠠᠨ ᠡᠯᠰᠡᠬᠦ ᠬᠤᠷᠠᠯ ᠤᠨ | ᠮᠡᠳᠡᠭᠳᠡᠯ ᠨᠡᠶᠢᠲᠡᠯᠡᠬᠦ᠂ ᠤᠬᠠᠭᠤᠯᠭ᠎ᠠ ᠶᠢᠨ ᠮᠠᠲ᠋ᠧᠷᠢᠶᠠᠯ ᠴᠤᠭᠯᠠᠭᠤᠯᠬᠤ ᠪᠠ ᠬᠡᠪᠯᠡᠬᠦ ᠶᠢ ᠬᠠᠷᠢᠭᠤᠴᠠᠨ᠎ᠠ᠃ | ︵2︶ ᠴᠤᠤᠷᠢᠶ᠎ᠠ ᠶᠢᠨ ᠨᠣᠮᠧᠷ ᠢ ᠠᠰᠢᠭᠯᠠᠨ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠤᠬᠠᠭᠤᠯᠭ᠎ᠠ ᠬᠢᠨ᠎ᠡ᠃ | | ︵3︶ ᠠᠵᠢᠯ ᠡᠷᠢᠬᠦ ᠳᠠᠩᠰᠠᠯᠠᠯᠲᠠ ᠶᠢᠨ ᠬᠦᠰᠦᠨᠦᠭᠲᠦ ᠶᠢ ᠳᠠᠷᠤᠮᠠᠯᠯᠠᠬᠤ᠂ ᠠᠵᠢᠯᠲᠠᠨ ᠡᠯᠰᠡᠬᠦ ᠬᠤᠷᠠᠯ ᠤᠨ | ᠲᠤᠬᠠᠢ ᠶᠢᠨ ᠲᠠᠯᠠᠪᠠᠢ ᠶᠢᠨ ᠵᠢᠷᠤᠭ ᠪᠠ ᠸᠢᠳᠢᠤ ᠴᠤᠭᠯᠠᠭᠤᠯᠬᠤ ᠶᠢ ᠬᠠᠷᠢᠭᠤᠴᠠᠨ᠎ᠠ᠃ | ︵4︶ ᠠᠵᠢᠯ ᠤᠨ ᠮᠡᠳᠡᠭᠡ ᠵᠠᠩᠭᠢ ᠪᠣᠯᠣᠨ ᠬᠠᠮᠢᠶ᠎ᠠ ᠪᠦᠬᠦᠢ ᠮᠡᠳᠡᠭᠦᠯᠬᠦ ᠬᠦᠰᠦᠨᠦᠭᠲᠦ ᠶᠢ ᠴᠠᠭ ᠲᠤᠬᠠᠢ ᠳᠤᠨᠢ | ᠳᠡᠭᠡᠭᠰᠢ ᠮᠡᠳᠡᠭᠦᠯᠦᠨ᠎ᠡ᠃ | ︵ᠬᠤᠶᠠᠷ︶ ᠬᠠᠷᠢᠯᠴᠠᠵᠤ ᠵᠣᠴᠢᠯᠠᠬᠤ ᠳᠤᠭᠤᠶᠢᠯᠠᠩ | 1. ᠪᠦᠷᠢᠯᠳᠦᠭᠦᠨ ᠭᠡᠰᠢᠭᠦᠨ᠄ | ᠬᠠᠷᠢᠭᠤᠴᠠᠯᠭᠠᠲᠠᠨ᠄ ᠶᠣᠣ ᠷᠦᠢ ᠹᠧᠩ | ᠪᠦᠷᠢᠯᠳᠦᠭᠦᠨ᠄ ᠸᠠᠩ ᠵᠢᠶᠠᠨ ᠴᠢᠶᠠᠩ᠂ ᠵᠠᠩ ᠶᠦᠩ ᠴᠢᠶᠠᠩ᠂ ᠼᠦᠢ ᠴᠦᠨ ᠹᠦ᠋᠂ ᠯᠢᠦ ᠱᠦ ᠴᠢᠩ᠂ ᠦ᠋ ᠵᠢᠶᠦ᠋ᠨ᠂ | ᠭᠦᠸᠧ ᠵᠢᠶᠦ᠋ᠨ ᠯᠢᠶᠠᠨ | 2. ᠠᠵᠢᠯ ᠤᠨ ᠡᠭᠦᠷᠭᠡ ᠬᠠᠷᠢᠭᠤᠴᠠᠯᠭ᠎ᠠ᠄ | ︵1︶ ᠬᠤᠷᠠᠯ ᠳᠤ ᠣᠷᠣᠯᠴᠠᠭᠰᠠᠨ ᠨᠢᠭᠡᠴᠢ ᠪᠣᠯᠣᠨ ᠠᠵᠤ ᠠᠬᠤᠶᠢᠯᠠᠯ ᠴᠠᠭ ᠲᠠᠭᠠᠨ ᠬᠤᠷᠠᠯ ᠳᠤ | ᠣᠷᠣᠯᠴᠠᠬᠤ ᠶᠢ ᠮᠡᠳᠡᠭᠳᠡᠵᠦ᠂ ᠬᠤᠷᠠᠯ ᠳᠤ ᠣᠷᠣᠯᠴᠠᠭᠰᠠᠳ ᠤᠨ ᠭᠠᠷ ᠤᠨ ᠦᠰᠦᠭ ᠵᠢᠷᠤᠵᠤ᠂ ᠬᠤᠷᠠᠯ ᠳᠤ | ᠣᠷᠣᠯᠴᠠᠭᠰᠠᠳ ᠢ ᠬᠥᠲᠥᠯᠥᠨ ᠵᠢᠯᠤᠭᠤᠳᠴᠤ ᠲᠣᠭᠲᠠᠭᠰᠠᠨ ᠣᠷᠣᠨ ᠪᠠᠶᠢᠷᠢ ᠶᠣᠰᠣᠭᠠᠷ ᠰᠠᠭᠤᠯᠭᠠᠨ᠎ᠠ᠃ | ︵2︶ ᠤᠷᠢᠨ ᠬᠡᠷᠡᠭᠯᠡᠬᠦ ᠠᠵᠤ ᠠᠬᠤᠶᠢᠯᠠᠯ ᠳᠤ ᠠᠵᠢᠯᠲᠠᠨ ᠤᠷᠢᠵᠤ ᠡᠯᠰᠡᠬᠦ ᠰᠡᠩᠬᠡᠷᠡᠭᠦᠯᠦᠯ᠂ ᠠᠵᠢᠯᠴᠢᠨ | ᠬᠡᠷᠡᠭᠯᠡᠬᠦ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ᠂ ᠠᠵᠤ ᠠᠬᠤᠶᠢᠯᠠᠯ ᠤᠨ ᠲᠣᠪᠴᠢ ᠲᠠᠨᠢᠯᠴᠠᠭᠤᠯᠭ᠎ᠠ ᠶᠢᠨ ᠵᠢᠷᠤᠭ | ᠪᠤᠶᠤ ᠳᠡᠯᠭᠡᠨ ᠦᠵᠡᠭᠦᠯᠬᠦ ᠲᠠᠯᠪᠢᠭᠤᠷ ᠵᠡᠷᠭᠡ ᠶᠢ ᠦᠢᠯᠡᠳᠬᠦ ᠪᠠᠷ ᠮᠡᠳᠡᠭᠳᠡᠨ᠎ᠡ︔ ᠦᠵᠡᠭᠦᠯᠦᠯᠭᠡ ᠶᠢᠨ ᠪᠠᠶᠢᠷᠢ ᠶᠢᠨ | ᠪᠠᠶᠢᠷᠢᠯᠠᠭᠤᠯᠤᠯᠲᠠ᠂ ᠨᠣᠮᠧᠷᠯᠠᠯ᠂ ᠰᠢᠷᠡᠭᠡᠨ ᠤ ᠭᠠᠷ ᠤᠨ ᠦᠰᠦᠭ ᠵᠢᠷᠤᠵᠤ ᠲᠠᠯᠪᠢᠬᠤ ᠶᠢ ᠬᠠᠷᠢᠭᠤᠴᠠᠨ᠎ᠠ᠃ | ︵3︶ ᠤᠷᠢᠵᠤ ᠡᠯᠰᠡᠬᠦ ᠴᠤᠭᠯᠠᠭᠠᠨ ᠳᠤ ᠬᠡᠷᠡᠭᠰᠡᠬᠦ ᠪᠣᠳᠠᠰ ᠤᠨ ᠪᠡᠯᠡᠳᠬᠡᠯ ᠠᠵᠢᠯ ᠢ ᠬᠠᠷᠢᠭᠤᠴᠠᠨ᠎ᠠ᠃ | ᠶᠢᠰᠦ᠂ ᠬᠠᠮᠢᠶ᠎ᠠ ᠪᠦᠬᠦᠢ ᠱᠠᠭᠠᠷᠳᠠᠯᠭ᠎ᠠ | 1. ᠡᠯ᠎ᠡ ᠪᠦᠷᠢᠯᠳᠦᠭᠦᠨ ᠨᠢᠭᠡᠴᠢ ᠨᠦᠭᠦᠳ ᠲᠣᠰ ᠤᠳᠠᠭᠠᠨ ᠤ ᠠᠵᠢᠯᠲᠠᠨ ᠡᠯᠰᠡᠬᠦ ᠠᠵᠢᠯᠯᠠᠭ᠎ᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠠᠵᠢᠯᠴᠢᠨ ᠡᠯᠰᠡᠬᠦ ᠰᠠᠨᠠᠭ᠎ᠠ ᠲᠠᠢ ᠡᠯ᠎ᠡ ᠲᠥᠷᠥᠯ ᠤᠨ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠶᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠲᠣᠭᠲᠠᠭᠰᠠᠨ ᠴᠠᠭ ᠲᠤ ᠠᠵᠢᠯᠯᠠᠭ᠎ᠠ ᠳᠤ | ᠣᠷᠣᠯᠴᠠᠭᠤᠯᠬᠤ ᠶᠢᠨ ᠬᠠᠮᠲᠤ ᠠᠵᠢᠯᠲᠠᠨ ᠡᠯᠰᠡᠬᠦ ᠬᠤᠷᠠᠯ ᠠᠴᠠ ᠡᠮᠦᠨ᠎ᠡ ᠬᠤᠶᠠᠷ ᠡᠳᠦᠷ ᠲᠤ ᠬᠤᠷᠠᠯ ᠳᠤ | ᠣᠷᠣᠯᠴᠠᠭᠰᠠᠨ ᠠᠵᠤ ᠠᠬᠤᠶᠢᠯᠠᠯ ᠤᠨ ᠮᠡᠳᠡᠭᠡ ᠵᠠᠩᠭᠢ ᠶᠢ ᠦᠴᠦᠸᠠᠨ ᠰᠢᠶᠠᠨ ᠤ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠥᠪ ᠲᠤ ᠮᠡᠳᠡᠭᠦᠯᠦᠨ᠎ᠡ᠃ | 2. ᠪᠦᠷᠢᠯᠳᠦᠭᠦᠨ ᠨᠢᠭᠡᠴᠢ ᠨᠢᠭᠡᠪᠦᠷᠢ ᠭᠤᠷᠪᠠᠨ ᠠᠵᠢᠯᠲᠠᠨ ᠡᠯᠰᠡᠬᠦ ᠠᠵᠤ ᠠᠬᠤᠶᠢᠯᠠᠯ ᠲᠠᠢ ᠬᠠᠷᠢᠯᠴᠠᠨ᠎ᠠ᠂ ᠪᠠᠰᠠ | 5 ᠠᠵᠢᠯᠲᠠᠨ ᠲᠣᠮᠢᠯᠠᠵᠤ ᠠᠵᠢᠯᠲᠠᠨ ᠡᠯᠰᠡᠬᠦ ᠬᠤᠷᠠᠯ ᠳᠤ ᠣᠷᠣᠯᠴᠠᠭᠤᠯᠤᠨ᠎ᠠ᠂ ᠡᠭᠦᠨ ᠳᠤ ᠲᠥᠷᠥ ᠶᠢᠨ | ᠪᠣᠳᠣᠯᠭ᠎ᠠ ᠶᠢᠨ ᠤᠬᠠᠭᠤᠯᠤᠭᠴᠢ 2 ᠪᠠᠶᠢᠨ᠎ᠠ᠃ ᠡᠯ᠎ᠡ ᠪᠦᠷᠢᠯᠳᠦᠭᠦᠨ ᠨᠢᠭᠡᠴᠢ ᠤᠬᠠᠭᠤᠯᠭ᠎ᠠ ᠶᠢᠨ ᠮᠠᠲ᠋ᠧᠷᠢᠶᠠᠯ ᠵᠢᠴᠢ | ᠠᠵᠢᠯᠲᠠᠨ ᠡᠯᠰᠡᠬᠦ ᠴᠤᠭᠯᠠᠭᠠᠨ ᠳᠤ ᠬᠡᠷᠡᠭᠰᠡᠬᠦ ᠵᠡᠭᠦᠯᠲᠡ᠂ ᠡᠯᠭᠦᠭᠡ ᠪᠢᠴᠢᠭᠡᠰᠦ ᠵᠡᠷᠭᠡ ᠬᠡᠷᠡᠭᠰᠡᠯ ᠢ ᠥᠪᠡᠰᠦᠪᠡᠨ | ᠪᠡᠯᠡᠳᠬᠡᠬᠦ ᠶᠢᠨ ᠬᠠᠮᠲᠤ ᠴᠠᠭ ᠲᠤᠬᠠᠢ ᠳᠤᠨᠢ ᠣᠯᠠᠨ ᠵᠦᠢᠯ ᠤᠨ ᠠᠷᠭ᠎ᠠ ᠵᠠᠮ ᠢᠶᠠᠷ ᠠᠵᠤ ᠠᠬᠤᠶᠢᠯᠠᠯ ᠪᠣᠯᠣᠨ | ᠨᠡᠶᠢᠭᠡᠮ ᠤᠨ ᠡᠯ᠎ᠡ ᠡᠲᠡᠭᠡᠳ ᠲᠤ ᠠᠵᠢᠯᠲᠠᠨ ᠡᠯᠰᠡᠬᠦ ᠬᠤᠷᠠᠯ ᠤᠨ ᠠᠯᠪᠠᠨ ᠵᠠᠷ ᠨᠡᠶᠢᠲᠡᠯᠡᠵᠦ᠂ ᠠᠵᠤ ᠠᠬᠤᠶᠢᠯᠠᠯ | ᠪᠣᠯᠣᠨ ᠠᠵᠢᠯ ᠡᠷᠢᠭᠰᠡᠳ ᠢ ᠬᠥᠲᠥᠯᠥᠨ ᠵᠢᠯᠤᠭᠤᠳᠴᠤ ᠳᠠᠶᠢᠴᠢᠯᠠᠨ ᠢᠳᠡᠪᠬᠢᠲᠡᠢ ᠣᠷᠣᠯᠴᠠᠭᠤᠯᠤᠨ᠎ᠠ᠃ | | ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2025 ᠣᠨ ᠤ 2 ᠰᠠᠷ᠎ᠠ ᠶᠢᠨ 20 ᠤ ᠡᠳᠦᠷ | | |