ᠰᠤᠷᠭᠠᠭᠤᠯᠢ ᠡᠬᠢᠯᠡᠬᠦ ᠴᠠᠭ ᠬᠦᠷᠴᠦ ᠢᠷᠡᠬᠦ ᠶᠢ ᠳᠠᠭᠠᠯᠳᠤᠨ᠂ ᠰᠣᠷᠣᠬᠴᠢ ᠵᠢᠴᠢ ᠭᠡᠷ ᠤᠨ ᠠᠬᠠᠮᠠᠳ ᠲᠤ | ᠬᠠᠨᠳᠤᠭᠤᠯᠤᠭᠰᠠᠨ ᠮᠡᠬᠡᠯᠡᠯ ᠣᠯᠠᠨ ᠡᠭᠦᠰᠬᠦ ᠪᠣᠯᠣᠨ᠎ᠠ᠃ ᠴᠠᠭᠳᠠᠭᠠᠨ ᠤ ᠲᠠᠯ᠎ᠠ ᠶᠢᠨ ᠬᠢᠨ᠂ ᠬᠠᠪᠰᠤᠷᠤᠨ ᠵᠢᠯᠤᠭᠤᠳᠬᠤ | ᠠᠩᠭᠢ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠂ ᠥᠨᠳᠥᠷ ᠴᠠᠯᠢᠩ ᠲᠠᠢ ᠠᠵᠢᠯ᠂ ᠲᠣᠭᠯᠠᠭᠠᠮ ᠤᠨ ᠲᠠᠩᠰᠠᠨ | ᠨᠣᠮᠧᠷ ᠤᠨ ᠬᠤᠳᠠᠯᠳᠤᠭ᠎ᠠ ᠵᠡᠷᠭᠡ ᠳᠤ ᠬᠤᠯᠪᠣᠭᠳᠠᠭᠰᠠᠨ ᠮᠡᠬᠡᠯᠡᠯ ᠢ ᠰᠡᠷᠡᠮᠵᠢᠯᠡᠵᠦ᠂ ᠵᠣᠭᠤᠰ ᠮᠥᠩᠭᠦ ᠥᠭᠬᠦ ᠳᠡᠭᠡᠨ | ᠤᠷᠢᠳ ᠢᠶᠠᠷ ᠬᠢᠨᠠᠨ ᠬᠠᠷᠭᠤᠭᠤᠯᠵᠤ᠂ ᠵᠠᠷᠢᠮ ᠮᠡᠬᠡᠯᠡᠯ ᠤᠨ ᠤᠨᠠᠭᠤᠯᠢ ᠳᠤ ᠤᠨᠠᠬᠤ ᠠᠴᠠ ᠬᠢᠴᠢᠶᠡᠭᠡᠷᠡᠢ ᠭᠡᠵᠦ | ᠥᠷᠭᠡᠨ ᠣᠯᠠᠨ ᠭᠡᠷ ᠤᠨ ᠠᠬᠠᠮᠠᠳ ᠪᠣᠯᠣᠨ ᠰᠤᠷᠤᠬᠴᠢᠳ ᠲᠤ ᠰᠠᠨᠠᠭᠤᠯᠪᠠ᠃ | ᠲᠢᠶᠠᠨᠵᠢᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠬᠡᠷᠡᠭ ᠲᠠᠩᠨᠠᠨ | ᠪᠠᠶᠢᠴᠠᠭᠠᠬᠤ ᠶᠡᠷᠦᠩᠬᠡᠢ ᠠᠩᠭᠢ ᠶᠢᠨ ᠳᠥᠷᠪᠡᠳᠦᠭᠡᠷ ᠰᠠᠯᠪᠤᠷᠢ ᠠᠩᠭᠢ ᠶᠢᠨ ᠭᠤᠷᠪᠠᠳᠤᠭᠠᠷ ᠶᠡᠭᠡ ᠠᠩᠭᠢ ᠶᠢᠨ ᠳᠡᠳ᠋ | ᠳᠠᠷᠤᠭ᠎ᠠ ᠯᠢ ᠵᠢᠶᠠ ᠯᠦ ᠶᠢᠨ ᠰᠠᠨᠠᠭᠤᠯᠤᠭᠰᠠᠨ ᠢᠶᠠᠷ᠂ ᠰᠤᠷᠭᠠᠭᠤᠯᠢ ᠡᠬᠢᠯᠡᠬᠦ ᠴᠠᠭ ᠪᠣᠯᠵᠤ ᠢᠷᠡᠪᠡᠯ ᠮᠡᠬᠡᠯᠡᠭᠴᠢᠳ ᠤᠨ | ︽ᠪᠠᠰᠢᠷ︾ ᠲᠠᠰᠤᠷᠠᠯᠲᠠ ᠦᠭᠡᠢ ᠭᠠᠷᠴᠤ ᠢᠷᠡᠳᠡᠭ᠃ ᠵᠢᠱᠢᠶᠡᠯᠡᠪᠡᠯ᠂ ᠨᠡᠯᠢᠶᠡᠳ ᠣᠯᠠᠨ ᠡᠭᠦᠰᠳᠡᠭ ᠬᠠᠪᠰᠤᠷᠤᠨ | ᠵᠢᠯᠤᠭᠤᠳᠬᠤ ᠠᠩᠭᠢ ᠶᠢᠨ ᠲᠤᠬᠠᠢ ᠮᠡᠬᠡᠯᠡᠯ ᠳᠤ᠂ ᠮᠡᠬᠡᠯᠡᠭᠴᠢ ᠬᠠᠪᠰᠤᠷᠤᠨ ᠵᠢᠯᠤᠭᠤᠳᠬᠤ ᠪᠠᠶᠢᠭᠤᠯᠤᠮᠵᠢ ᠶᠢᠨ | ᠠᠵᠢᠯᠲᠠᠨ ᠪᠤᠶᠤ ᠰᠣᠷᠣᠬᠴᠢ ᠪᠠᠷ ᠣᠪᠯᠠᠵᠤ᠂ ᠰᠣᠷᠣᠬᠴᠢ ᠶᠢᠨ ᠭᠡᠷ ᠤᠨ ᠠᠬᠠᠮᠠᠳ ᠲᠠᠢ ᠬᠠᠷᠢᠯᠴᠠᠵᠤ᠂ ᠰᠣᠷᠣᠬᠴᠢ ᠶᠢ | ᠬᠠᠪᠰᠤᠷᠤᠨ ᠵᠢᠯᠤᠭᠤᠳᠬᠤ ᠠᠩᠭᠢ ᠳᠤ ᠰᠤᠷᠤᠯᠴᠠᠬᠤ ᠴᠢᠬᠤᠯᠠᠲᠠᠢ ᠬᠡᠮᠡᠨ ᠬᠤᠳᠠᠯ ᠬᠡᠯᠡᠵᠦ᠂ ᠭᠡᠷ ᠤᠨ ᠠᠬᠠᠮᠠᠳ ᠢ | ᠰᠦᠢᠳᠬᠡᠯ ᠲᠤᠰᠢᠶᠠᠬᠤ ᠬᠡᠷᠡᠭᠲᠡᠢ ᠭᠡᠵᠦ ᠱᠠᠭᠠᠷᠳᠠᠳᠠᠭ᠃ ᠮᠡᠬᠡᠯᠡᠭᠴᠢ ︽ᠰᠤᠷᠤᠬᠴᠢ ᠡᠯᠰᠡᠬᠦ ᠣᠷᠣᠨ ᠲᠤᠭ᠎ᠠ | ᠬᠢᠵᠠᠭᠠᠷ ᠲᠠᠢ︾᠂ ︽ᠨᠡᠷ᠎ᠡ ᠮᠡᠳᠡᠭᠦᠯᠬᠦ ᠴᠠᠭ ᠥᠩᠭᠡᠷᠡᠬᠦ ᠪᠣᠯᠣᠯ᠎ᠠ︾ ᠵᠡᠷᠭᠡ ᠰᠢᠯᠲᠠᠭ ᠢᠶᠠᠷ ᠭᠡᠷ ᠤᠨ ᠠᠬᠠᠮᠠᠳ ᠢ | ᠰᠠᠨᠳᠤᠷᠤᠭᠤᠯᠤᠨ᠂ ᠬᠢᠨᠠᠨ ᠬᠠᠷᠭᠤᠭᠤᠯᠬᠤ ᠵᠠᠪ ᠦᠭᠡᠢ ᠪᠤᠯᠭᠠᠬᠤ ᠶᠢᠨ ᠵᠡᠷᠭᠡ ᠪᠠᠷ ᠮᠡᠬᠡᠯᠡᠳᠡᠭ᠃ | ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠮᠡᠬᠡᠯᠡᠯ ᠤᠨ ᠠᠵᠢᠯᠯᠠᠭ᠎ᠠ ᠳᠤ ᠮᠡᠬᠡᠯᠡᠭᠴᠢ ᠰᠤᠷᠭᠠᠭᠤᠯᠢ ᠪᠤᠶᠤ | ᠰᠤᠷᠭᠠᠨ ᠬᠥᠮᠦᠵᠢᠯ ᠤᠨ ᠲᠣᠪᠴᠢᠶᠠᠨ ᠤ ᠠᠵᠢᠯᠲᠠᠨ ᠢᠶᠠᠷ ᠣᠪᠯᠠᠵᠤ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ | ᠣᠷᠣᠨ ᠲᠤᠭ᠎ᠠ ᠲᠠᠢ᠂ ᠮᠡᠳᠡᠭᠡ ᠵᠠᠩᠭᠢ ᠪᠠᠨ ᠬᠠᠩᠭᠠᠵᠤ ᠬᠠᠮᠢᠶ᠎ᠠ ᠪᠦᠬᠦᠢ ᠭᠠᠷᠳᠠᠮ ᠢ ᠭᠦᠢᠴᠡᠳᠬᠡᠪᠡᠯ ᠳᠠᠷᠤᠢ | ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠭᠡᠷ ᠤᠨ ᠠᠬᠠᠮᠠᠳ ᠤᠨ ᠪᠠᠩᠬᠢ ᠶᠢᠨ ᠲᠠᠩᠰᠠᠨ ᠡᠷᠦᠭᠡ ᠳᠤ | ᠣᠷᠣᠭᠤᠯᠵᠤ ᠪᠣᠯᠣᠨ᠎ᠠ ᠭᠡᠵᠦ ᠬᠤᠳᠠᠯ ᠬᠡᠯᠡᠳᠡᠭ᠃ ᠲᠡᠭᠡᠭᠡᠳ ᠭᠡᠷ ᠤᠨ ᠠᠬᠠᠮᠠᠳ ᠤᠨ ᠮᠡᠳᠡᠭᠡ ᠵᠠᠩᠭᠢ ᠶᠢ ᠨᠢ | ᠮᠡᠬᠡᠯᠡᠨ ᠠᠪᠤᠭᠰᠠᠨ ᠤ ᠳᠠᠷᠠᠭ᠎ᠠ᠂ ᠮᠡᠬᠡᠯᠡᠭᠴᠢ ︽ᠬᠤᠯᠪᠣᠭᠳᠠᠯ ᠪᠦᠬᠦᠢ ᠰᠦᠢᠳᠬᠡᠯ ᠲᠤᠰᠢᠶᠠᠪᠠᠯ ᠰᠠᠶ᠋ᠢ ᠰᠤᠷᠤᠯᠭ᠎ᠠ ᠶᠢᠨ | ᠲᠡᠳᠬᠦᠮᠵᠢ ᠶᠢᠨ ᠮᠥᠩᠭᠦ ᠣᠯᠵᠤ ᠪᠣᠯᠣᠨ᠎ᠠ︾ ᠭᠡᠳᠡᠭ ᠢᠶᠠᠷ ᠰᠢᠯᠲᠠᠭ ᠪᠤᠯᠭᠠᠵᠤ᠂ ᠭᠡᠷ ᠤᠨ ᠠᠬᠠᠮᠠᠳ ᠢ ᠵᠣᠭᠤᠰ | ᠰᠢᠯᠵᠢᠭᠦᠯᠬᠦ ᠪᠠᠷ ᠱᠠᠭᠠᠷᠳᠠᠨ᠎ᠠ᠃ | ᠵᠠᠬᠢᠶᠠᠯᠠᠭ᠎ᠠ ᠵᠠᠬᠢᠶᠠᠯᠠᠬᠤ᠂ ᠲᠣᠭᠯᠠᠭᠠᠮ ᠤᠨ ᠲᠠᠩᠰᠠᠨ ᠨᠣᠮᠧᠷ ᠤᠨ ᠮᠡᠬᠡᠯᠡᠯ ᠨᠢ ᠰᠤᠷᠭᠠᠭᠤᠯᠢ ᠡᠬᠢᠯᠡᠬᠦ ᠦᠶ᠎ᠡ | ᠳᠤ ᠶᠡᠭᠡ ᠰᠤᠷᠭᠠᠭᠤᠯᠢ ᠶᠢᠨ ᠬᠦᠷᠢᠶᠡᠨ ᠳᠤ ᠤᠯᠠᠨ ᠡᠭᠦᠰᠳᠡᠭ᠃ ᠬᠠᠤᠯᠢ ᠪᠤᠰᠤ ᠡᠲᠡᠭᠡᠳ ᠥᠨᠳᠥᠷ ᠴᠠᠯᠢᠩ ᠢᠶᠠᠷ | ᠰᠤᠷᠤᠬᠴᠢᠳ ᠢ ᠥᠳᠥᠭᠡᠨ ᠲᠠᠲᠠᠵᠤ ᠰᠦᠯᠵᠢᠶᠡᠨ ᠳᠡᠭᠡᠷ᠎ᠡ ᠵᠠᠬᠢᠶᠠᠯᠠᠭ᠎ᠠ ᠠᠪᠤᠭᠤᠯᠵᠤ᠂ ᠤᠷᠢᠳ ᠢᠶᠠᠷ ᠵᠢᠭᠠᠬᠠᠨ | ᠠᠰᠢᠭ ᠣᠯᠭᠤᠵᠤ᠂ ᠰᠤᠷᠤᠬᠴᠢᠳ ᠶᠡᠭᠡ ᠬᠡᠮᠵᠢᠶᠡᠨ ᠤ ᠪᠡᠯᠡ ᠮᠥᠩᠭᠦ ᠣᠷᠣᠭᠤᠯᠤᠭᠰᠠᠨ ᠤ ᠳᠠᠷᠠᠭ᠎ᠠ᠂ ᠡᠯᠳᠡᠪ | ᠵᠦᠢᠯ ᠤᠨ ᠰᠢᠯᠲᠠᠭ ᠢᠶᠠᠷ ᠴᠠᠯᠢᠩ ᠣᠯᠭᠤᠮᠵᠢ ᠶᠢ ᠨᠢ ᠥᠭᠬᠦ ᠦᠭᠡᠢ ᠪᠣᠯᠵᠤ ᠪᠡᠷ᠎ᠡ ᠰᠤᠷᠠᠭ ᠲᠠᠰᠤᠷᠠᠳᠠᠭ᠃ ᠵᠠᠷᠢᠮ | ᠮᠡᠬᠡᠯᠡᠭᠴᠢ ᠲᠣᠭᠯᠠᠭᠠᠮ ᠤᠨ ᠲᠠᠪᠴᠠᠩ ᠪᠤᠶᠤ ᠨᠡᠶᠢᠭᠡᠮ ᠤᠨ ᠬᠠᠷᠢᠯᠴᠠᠭᠠᠨ ᠤ ᠲᠠᠪᠴᠠᠩ ᠳᠡᠭᠡᠷ᠎ᠡ ᠲᠣᠭᠯᠠᠭᠠᠮ ᠤᠨ | ᠲᠠᠩᠰᠠᠨ ᠨᠣᠮᠧᠷ ᠬᠤᠳᠠᠯᠳᠤᠨ ᠠᠪᠬᠤ ᠵᠠᠷ ᠨᠡᠶᠢᠲᠡᠯᠡᠵᠦ᠂ ᠬᠥᠮᠥᠰ ᠢ ᠱᠠᠭᠠᠷᠳᠠᠨ ᠨᠢᠭᠤᠴᠠ ᠲᠠᠪᠴᠠᠩ ᠳᠤ ᠵᠣᠭᠤᠰ | ᠥᠭᠭᠦᠭᠦᠯᠦᠭᠰᠡᠨ ᠤ ᠳᠠᠷᠠᠭ᠎ᠠ ᠲᠠᠪᠴᠠᠩ ᠠᠰᠠᠭᠤᠳᠠᠯ ᠭᠠᠷᠤᠭᠰᠠᠨ ᠵᠡᠷᠭᠡ ᠰᠢᠯᠲᠠᠭᠠᠨ ᠢᠶᠠᠷ ᠬᠥᠮᠥᠰ ᠢ ᠨᠡᠩ ᠤᠯᠠᠨ | ᠵᠣᠭᠤᠰ ᠦᠭᠭᠦᠭᠦᠯᠭᠦ ᠪᠠᠷ ᠱᠠᠭᠠᠷᠳᠠᠨ᠎ᠠ᠃ | ᠯᠢ ᠵᠢᠶᠠ ᠯᠦ᠂ ᠮᠡᠬᠡᠯᠡᠭᠴᠢ ᠪᠠᠰᠠ ᠪᠠᠭᠰᠢ ᠰᠣᠷᠣᠬᠴᠢ ᠪᠠᠷ ᠣᠪᠯᠠᠨ ᠰᠢᠨ᠎ᠡ ᠰᠣᠷᠣᠬᠴᠢ ᠶᠢᠨ ᠵᠢᠷᠭᠢᠶ᠎ᠡ | ᠬᠤᠯᠪᠤᠭ᠎ᠠ ᠳᠤ ︽ᠬᠤᠳᠬᠤᠨ ᠣᠷᠣᠵᠤ︾᠂ ᠭᠠᠷ ᠤᠲᠠᠰᠤ᠂ ᠤᠲᠠᠰᠤᠨ ᠺᠠᠷᠲ ᠵᠡᠷᠭᠡ ᠡᠳ᠋ ᠪᠣᠳᠠᠰ ᠪᠣᠷᠣᠯᠠᠭᠤᠯᠬᠤ | ᠪᠤᠶᠤ ᠪᠠᠭᠰᠢ ᠪᠠᠷ ᠣᠪᠯᠠᠨ ᠭᠡᠷ ᠤᠨ ᠠᠬᠠᠮᠠᠳ ᠲᠤ ᠬᠠᠤᠯᠢ ᠪᠤᠰᠤ ᠰᠦᠯᠵᠢᠶ᠎ᠡ ᠬᠤᠯᠪᠣᠭᠠᠰᠤ ᠪᠦᠬᠦᠢ ᠴᠢᠮᠡᠭᠡ | ᠶᠠᠪᠤᠭᠤᠯᠵᠤ᠂ ᠬᠤᠪᠢ ᠬᠥᠮᠥᠨ ᠤ ᠮᠡᠳᠡᠭᠡ ᠵᠠᠩᠭᠢ ᠶᠢ ᠬᠤᠯᠠᠭᠠᠶᠢᠯᠠᠨ ᠠᠪᠬᠤ ᠠᠴᠠ ᠰᠡᠷᠭᠡᠶᠢᠯᠡᠬᠦ ᠬᠡᠷᠡᠭᠲᠡᠢ ᠭᠡᠪᠡ᠃ | ︽ᠡᠲᠡᠭᠡᠷ ᠪᠠᠶᠢᠳᠠᠯ ᠲᠤᠯᠭᠠᠷᠠᠪᠠᠯ᠂ ᠡᠩ ᠲᠡᠷᠢᠭᠦᠨ ᠳᠤ ᠠᠯᠪᠠᠨ ᠤ ᠲᠠᠯ᠎ᠠ ᠶᠢᠨ ᠠᠷᠭ᠎ᠠ ᠵᠠᠮ ᠢᠶᠠᠷ ᠳᠠᠮᠵᠢᠨ | ᠬᠢᠨᠠᠨ ᠬᠠᠷᠭᠤᠭᠤᠯᠬᠤ ᠬᠡᠷᠡᠭᠲᠡᠢ︾᠃ ᠯᠢ ᠵᠢᠶᠠ ᠯᠦ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠂ ᠰᠤᠷᠤᠯᠭ᠎ᠠ ᠶᠢᠨ | ᠲᠡᠳᠬᠦᠮᠵᠢ ᠶᠢᠨ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢ ᠶᠡᠷᠦ ᠳᠡᠭᠡᠨ ᠰᠤᠷᠭᠠᠭᠤᠯᠢ ᠶᠢᠨ ᠠᠯᠪᠠᠨ ᠤ | ᠲᠠᠯ᠎ᠠ ᠠᠴᠠ ᠨᠡᠶᠢᠲᠡᠯᠡᠳᠡᠭ᠂ ᠠᠯᠪᠠᠨ ᠤ ᠪᠤᠰᠤ ᠮᠡᠳᠡᠭᠡ ᠵᠠᠩᠭᠢ ᠶᠢ ᠠᠮᠠᠷᠬᠠᠨ ᠢᠲᠡᠭᠡᠵᠦ ᠪᠤᠯᠬᠤ ᠦᠭᠡᠢ᠂ ᠨᠠᠩ ᠴᠤ | ᠲᠠᠨᠢᠯ ᠪᠤᠰᠤ ᠲᠠᠩᠰᠠᠨ ᠡᠷᠦᠭᠡ ᠳᠤ ᠵᠣᠭᠤᠰ ᠭᠤᠪᠢᠭᠤᠯᠵᠤ ᠪᠤᠯᠬᠤ ᠦᠭᠡᠢ᠃ ᠰᠢᠨ᠎ᠡ ᠰᠤᠷᠤᠬᠴᠢᠳ ᠤᠨ ᠳᠤᠮᠳᠠ | ᠰᠦᠢᠳᠬᠡᠯ ᠬᠤᠷᠢᠶᠠᠬᠤ ᠵᠡᠷᠭᠡ ᠶᠠᠪᠤᠳᠠᠯ ᠭᠠᠷᠪᠠᠯ᠂ ᠡᠷᠬᠡᠪᠰᠢ ᠰᠤᠷᠭᠠᠭᠤᠯᠢ ᠶᠢᠨ ᠪᠠᠭᠰᠢ ᠲᠠᠢ ᠬᠠᠷᠢᠯᠴᠠᠵᠤ ᠬᠢᠨᠠᠨ | ᠬᠠᠷᠭᠤᠭᠤᠯᠬᠤ ᠬᠡᠷᠡᠭᠲᠡᠢ᠂ ᠬᠥᠩᠭᠡᠨ ᠬᠠᠭᠤᠳᠠᠮ ᠢᠶᠠᠷ ᠪᠤᠰᠤᠳ ᠢ ᠢᠲᠡᠭᠡᠵᠦ᠂ ᠲᠣᠳᠣᠷᠬᠠᠢ ᠪᠤᠰᠤ ᠰᠦᠯᠵᠢᠶᠡᠨ ᠤ | ᠬᠤᠯᠪᠣᠭᠠᠰᠤ ᠳᠤ ᠣᠷᠣᠵᠤ ᠪᠤᠯᠬᠤ ᠦᠭᠡᠢ᠃ ᠬᠤᠪᠢ ᠬᠥᠮᠥᠨ ᠤ ᠮᠡᠳᠡᠭᠡ ᠵᠠᠩᠭᠢ ᠪᠠᠨ ᠵᠠᠳᠠᠷᠠᠭᠤᠯᠵᠤ ᠪᠤᠯᠬᠤ | ᠦᠭᠡᠢ᠂ ᠵᠣᠭᠤᠰ ᠰᠢᠯᠵᠢᠭᠦᠯᠬᠦ ᠳᠡᠭᠡᠨ ᠢᠯᠡᠭᠦᠬᠡᠨ ᠬᠢᠨᠠᠨ ᠬᠠᠷᠭᠤᠭᠤᠯᠬᠤ ᠬᠡᠷᠡᠭᠲᠡᠢ ᠭᠡᠵᠦ ᠰᠠᠨᠠᠭᠤᠯᠪᠠ᠃ | ︵ᠰᠢᠨᠬᠤᠸᠠ ᠬᠤᠷᠢᠶ᠎ᠠ ᠶᠢᠨ ᠲᠢᠶᠠᠨᠵᠢᠨ ᠤ 2 ᠰᠠᠷ᠎ᠠ ᠶᠢᠨ 16 ᠤ ᠴᠠᠭᠢᠯᠭᠠᠨ ᠮᠡᠳᠡᠭᠡ︶ | | | |