ᠮᠠᠨ ᠤ ᠣᠷᠣᠨ 1426 ᠲᠦᠮᠡᠨ ᠲᠥᠭᠦᠷᠢᠭ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠪᠡᠯᠡ ᠮᠥᠩᠭᠦ ᠪᠠᠭᠤᠯᠭᠠᠪᠠ
ᠨᠡᠶᠢᠲᠡᠯᠡᠭᠰᠡᠨ ᠴᠠᠭ᠄
2025/2/22
     ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠠᠴᠠ 2025 ᠣᠨ ᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠪᠡᠯᠡ ᠮᠥᠩᠭᠦ ᠶᠢ 1426 ᠲᠦᠮᠡᠨ ᠲᠥᠭᠦᠷᠢᠭ ᠪᠠᠭᠤᠯᠭᠠᠪᠠ᠃      ᠲᠣᠰ ᠤᠳᠠᠭ᠎ᠠ ᠶᠢᠨ ᠪᠠᠭᠤᠯᠭᠠᠭᠰᠠᠨ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ 287 ᠲᠦᠮᠡᠨ ᠲᠥᠭᠦᠷᠢᠭ ᠬᠤᠪᠢᠶᠠᠷᠢᠯᠠᠨ᠂ ᠡᠯ᠎ᠡ ᠠᠶᠢᠮᠠᠭ ᠬᠤᠲᠠ ᠳᠤ 1139 ᠲᠦᠮᠡᠨ ᠲᠥᠭᠦᠷᠢᠭ ᠬᠤᠪᠢᠶᠠᠷᠢᠯᠠᠵᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ  ᠳᠤ ᠣᠷᠣᠭᠰᠠᠨ ᠬᠠᠮᠢᠶ᠎ᠠ ᠪᠦᠬᠦᠢ ᠤᠯᠤᠰ ᠤᠨ ᠲᠠᠰ ᠤᠨ ᠲᠥᠷᠥᠯ ᠵᠦᠢᠯ᠂ ᠡᠩ ᠤᠨ ᠲᠥᠷᠥᠯ ᠵᠦᠢᠯ ᠢ ᠬᠠᠮᠠᠭᠠᠯᠠᠨ ᠤᠯᠠᠮᠵᠢᠯᠠᠬᠤ ᠪᠠ ᠳᠡᠯᠭᠡᠷᠡᠭᠦᠯᠬᠦ ᠶᠢ ᠭᠤᠣᠯᠳᠠᠯᠭ᠎ᠠ ᠲᠠᠢ ᠳᠡᠮᠵᠢᠵᠦ᠂ ᠮᠠᠨ ᠤ ᠣᠷᠣᠨ ᠤ ᠤᠯᠤᠰ ᠤᠨ ᠲᠠᠰ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠢ ᠬᠠᠮᠠᠭᠠᠯᠠᠨ ᠤᠯᠠᠮᠵᠢᠯᠠᠬᠤ᠂ ᠣᠨᠣᠯ ᠤᠨ ᠰᠤᠳᠤᠯᠭᠠᠨ ᠬᠢᠬᠦ᠂ ᠤᠬᠠᠭᠤᠯᠤᠨ ᠤᠯᠠᠮᠵᠢᠯᠠᠬᠤ ᠲᠦᠪᠰᠢᠨ ᠢ ᠳᠡᠭᠡᠭᠰᠢᠯᠡᠭᠦᠯᠦᠨ᠎ᠡ᠃ ᠤᠯᠤᠰ ᠤᠨ ᠲᠠᠰ ᠤᠨ ᠲᠥᠯᠥᠭᠡᠯᠡᠬᠦ ᠴᠢᠨᠠᠷᠲᠠᠢ ᠥᠪᠯᠡᠨ ᠤᠯᠠᠮᠵᠢᠯᠠᠭᠴᠢ ᠨᠠᠷ ᠤᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠠᠵᠢᠯ ᠥᠷᠨᠢᠭᠦᠯᠬᠦ  ᠶᠢ ᠳᠡᠮᠵᠢᠵᠦ᠂ ᠤᠳᠤ ᠶᠢᠨ ᠪᠠᠶᠢᠭ᠎ᠠ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠥᠪᠯᠡᠨ ᠤᠯᠠᠮᠵᠢᠯᠠᠭᠴᠢᠳ ᠲᠤ ᠵᠠᠷᠤᠳᠠᠯ ᠨᠥᠬᠦᠪᠦᠷᠢ ᠥᠭᠴᠦ᠂ ᠲᠡᠳᠡᠨ ᠤ ᠱᠠᠪᠢ ᠡᠯᠰᠡᠵᠦ ᠡᠷᠳᠡᠮ ᠵᠢᠭᠠᠬᠤ ᠵᠡᠷᠭᠡ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠳᠡᠯᠭᠡᠷᠡᠭᠦᠯᠬᠦ ᠠᠵᠢᠯ ᠥᠷᠨᠢᠭᠦᠯᠬᠦ ᠶᠢ ᠳᠡᠮᠵᠢᠨ᠎ᠠ᠃ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠥᠪᠯᠡᠨ ᠤᠯᠠᠮᠵᠢᠯᠠᠭᠴᠢᠳ ᠪᠣᠯᠣᠨ ᠬᠠᠮᠢᠶ᠎ᠠ ᠪᠦᠬᠦᠢ ᠤᠷ᠎ᠠ ᠮᠡᠷᠭᠡᠰᠢᠯ ᠤᠨ ᠠᠵᠢᠯᠲᠠᠳ ᠲᠤ ᠬᠠᠨᠳᠤᠭᠤᠯᠤᠭᠰᠠᠨ ᠰᠤᠳᠤᠯᠤᠨ ᠰᠤᠷᠤᠯᠴᠠᠬᠤ ᠪᠣᠯᠪᠠᠰᠤᠷᠠᠯ  ᠤᠨ ᠠᠵᠢᠯ ᠥᠷᠨᠢᠭᠦᠯᠬᠦ ᠶᠢ ᠳᠡᠮᠵᠢᠵᠦ᠂ ᠲᠥᠯᠥᠭᠡᠯᠡᠬᠦ ᠴᠢᠨᠠᠷᠲᠠᠢ ᠲᠥᠷᠥᠯ ᠵᠦᠢᠯ ᠢ ᠤᠯᠠᠮᠵᠢᠯᠠᠨ ᠵᠠᠯᠭᠠᠮᠵᠢᠯᠠᠬᠤ ᠦᠢᠯᠡᠳᠦᠯᠭᠡ ᠶᠢᠨ ᠠᠵᠢᠯ ᠢ ᠡᠮᠬᠢ ᠵᠢᠷᠤᠮ ᠲᠠᠢ ᠠᠬᠢᠭᠤᠯᠬᠤ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠥᠪᠯᠡᠨ ᠤᠯᠠᠮᠵᠢᠯᠠᠭᠴᠢ ᠶᠢ ᠲᠡᠮᠳᠡᠭᠯᠡᠬᠦ ᠢᠨᠵᠧᠨᠧᠷᠢᠩ ᠤᠨ ᠠᠵᠢᠯ ᠥᠷᠨᠢᠭᠦᠯᠬᠦ ᠶᠢ ᠳᠡᠮᠵᠢᠨ᠎ᠠ᠃      ᠲᠣᠰ ᠪᠡᠯᠡ ᠮᠥᠩᠭᠦ ᠶᠢ ᠪᠠᠭᠤᠯᠭᠠᠭᠰᠠᠨ ᠨᠢ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ  ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ᠂ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ ᠪᠠ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠪᠦᠲᠦᠮᠵᠢᠲᠡᠶ ᠠᠬᠢᠭᠤᠯᠵᠤ᠂ ᠡᠯ᠎ᠡ ᠭᠠᠵᠠᠷ ᠤᠨ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠪᠠ ᠠᠵᠢᠯ ᠣᠯᠭᠤᠯᠲᠠ ᠶᠢ ᠠᠬᠢᠭᠤᠯᠬᠤ ᠶᠢᠨ ᠬᠠᠮᠲᠤ᠂ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠠᠯᠳᠠᠷᠰᠢᠯ᠂ ᠢᠷᠠᠭᠤ ᠠᠯᠳᠠᠷ ᠤᠨ ᠬᠡᠮᠵᠢᠶ᠎ᠡ ᠪᠠ ᠨᠥᠯᠥᠭᠡᠯᠡᠬᠦ ᠬᠦᠴᠦᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠪᠦᠭᠦ ᠣᠷᠣᠨ ᠤ ᠰᠣᠶᠣᠯ ᠤᠨ ᠣᠯᠠᠨ ᠶᠠᠩᠵᠤᠲᠤ ᠴᠢᠨᠠᠷ ᠪᠠ ᠡᠯᠪᠡᠭ ᠪᠠᠶᠠᠯᠢᠭ ᠴᠢᠨᠠᠷ ᠢ ᠢᠯᠡᠷᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠢ ᠰᠢᠨ᠎ᠡ ᠴᠠᠭ ᠦᠶ᠎ᠡ ᠳᠤ ᠨᠠᠩ ᠭᠡᠷᠡᠯ ᠭᠢᠯᠪᠠᠭ᠎ᠠ ᠰᠠᠴᠤᠷᠠᠭᠤᠯᠬᠤ ᠶᠢ ᠠᠬᠢᠭᠤᠯᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号