2 ᠰᠠᠷ᠎ᠠ ᠶᠢᠨ 20 ᠤ ᠡᠳᠦᠷ ᠬᠤᠷᠠᠯᠳᠤᠭᠰᠠᠨ ᠪᠦᠭᠦ ᠣᠷᠣᠨ ᠤ ᠤᠯᠤᠰ ᠤᠨ ᠦᠮᠴᠢᠯᠡᠯ ᠤᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ᠂ | 2024 ᠣᠨ ᠳᠤ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠶᠡᠷᠦᠩᠬᠡᠢ ᠬᠥᠷᠥᠩᠭᠡ ᠠᠩᠬ᠎ᠠ | ᠤᠳᠠᠭ᠎ᠠ ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ | ᠠᠩᠬ᠎ᠠ ᠤᠳᠠᠭ᠎ᠠ ᠮᠢᠩᠭᠠᠨ ᠳ᠋ᠦᠩᠰᠢᠭᠤᠷ ᠲᠥᠭᠦᠷᠢᠭ ᠢ ᠳᠠᠪᠠᠨ᠂ ᠶᠡᠷᠦᠩᠬᠡᠢ ᠠᠰᠢᠭ ᠣᠯᠵᠠᠪᠤᠷᠢ ᠨᠢ ᠠᠩᠬ᠎ᠠ | ᠤᠳᠠᠭ᠎ᠠ 130 ᠳ᠋ᠦᠩᠰᠢᠭᠤᠷ ᠲᠥᠭᠦᠷᠢᠭ ᠢ ᠳᠠᠪᠠᠵᠤ᠂ ᠠᠶᠢᠮᠠᠭ ᠬᠤᠳᠠ ᠶᠢᠨ ᠱᠠᠲᠤᠨ ᠤ ᠤᠯᠤᠰ ᠤᠨ | ᠦᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠤᠷᠤᠯᠭ᠎ᠠ ᠪᠠ ᠶᠡᠷᠦᠩᠬᠡᠢ ᠠᠰᠢᠭ ᠣᠯᠵᠠᠪᠤᠷᠢ ᠶᠢᠨ | ᠨᠡᠮᠡᠭᠳᠡᠯ ᠤᠨ ᠨᠤᠷᠮ᠎ᠠ 30% ᠶᠢ ᠳᠠᠪᠠᠭᠰᠠᠨ ᠪᠠᠶᠢᠨ᠎ᠠ᠃ | ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠪᠦᠭᠦ ᠣᠷᠣᠨ ᠤ ᠤᠯᠤᠰ ᠤᠨ ᠦᠮᠴᠢᠯᠡᠯ ᠤᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠢᠨ ᠲᠥᠰᠥᠪ ᠤᠨ ᠬᠠᠮᠢᠶᠠᠷᠤᠯᠲᠠ ᠪᠠ ᠣᠷᠴᠢᠯ ᠢ | ᠬᠢᠨᠠᠨ ᠡᠵᠡᠮᠳᠡᠬᠦ ᠶᠢ ᠴᠢᠩᠭᠠᠳᠬᠠᠨ᠂ ᠡᠵᠡᠮᠳᠡᠵᠦ ᠪᠤᠯᠬᠤ ᠥᠪᠡᠷ ᠤᠨ ᠦᠷᠳᠡᠭ ᠢ ᠳᠠᠭᠢᠨ 5% ᠪᠠᠷ ᠪᠠᠭᠤᠷᠠᠭᠤᠯᠵᠤ᠂ | ᠡᠳ᠋ ᠬᠥᠷᠥᠩᠭᠡ ᠪᠡᠯᠡ ᠮᠥᠩᠭᠦ ᠶᠢ ᠡᠵᠡᠩᠨᠡᠬᠦ ᠲᠦᠪᠰᠢᠨ ᠢ ᠳᠡᠭᠡᠭᠰᠢᠯᠡᠭᠦᠯᠦᠨ᠂ ᠡᠯ᠎ᠡ ᠲᠦᠷᠦᠯ ᠤᠨ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ 10 ᠶᠡᠭᠡ ᠠᠵᠤ ᠦᠢᠯᠡᠰ ᠤᠨ ᠪᠦᠯᠦᠭᠵᠢᠯ᠂ 34 ᠠᠵᠤ ᠦᠢᠯᠡᠰ ᠤᠨ | ᠬᠥᠭᠵᠢᠯᠲᠡ ᠶᠢᠨ ᠬᠠᠨᠳᠤᠰᠢ ᠶᠢᠨ ᠲᠣᠭᠤᠷᠢᠨ ᠳᠤ᠂ ᠭᠤᠣᠯ ᠲᠤᠬᠠᠶᠢᠯᠠᠭᠰᠠᠨ ᠠᠵᠢᠯ ᠢ ᠲᠣᠪᠤᠶᠢᠯᠭᠠᠨ ᠪᠣᠳᠠᠲᠤ | ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠤᠯᠠᠮᠵᠢᠯᠠᠯᠲᠤ ᠠᠵᠤ ᠦᠢᠯᠡᠰ ᠲᠤ ᠥᠭᠡᠷᠡᠴᠢᠯᠡᠯᠲᠡ ᠬᠢᠵᠦ ᠳᠡᠰ | ᠳᠡᠪᠰᠢᠭᠦᠯᠬᠦ ᠶᠢ ᠭᠦᠨᠵᠡᠭᠡᠢ ᠠᠬᠢᠭᠤᠯᠤᠨ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ | ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠶᠢ ᠠᠬᠢᠭᠤᠯᠵᠤ᠂ ᠢᠷᠡᠭᠡᠳᠦᠢ ᠶᠢᠨ ᠠᠵᠤ ᠦᠢᠯᠡᠰ ᠢ ᠱᠠᠯᠠᠪᠳᠠᠨ | ᠪᠤᠶᠢᠵᠢᠭᠤᠯᠤᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠳᠠᠬᠢ | ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠨ᠂ ᠰᠤᠳᠤᠯᠭᠠᠨ ᠳᠠᠬᠢ ᠪᠡᠯᠡ ᠤᠷᠤᠭᠤᠯᠤᠯᠳᠠ ᠪᠠ | ᠦᠢᠯᠡᠳᠬᠦᠨ ᠤ ᠭᠠᠷᠤᠯᠲᠠ ᠶᠢ ᠵᠡᠷᠭᠡ ᠪᠠᠷ ᠰᠢᠯᠭᠠᠨ ᠦᠨᠡᠯᠡᠬᠦ ᠠᠵᠢᠯ ᠥᠷᠨᠢᠭᠦᠯᠵᠦ᠂ ᠰᠢᠨ᠎ᠡ ᠶᠢ ᠡᠭᠦᠳᠬᠦ ᠬᠡᠯᠬᠢᠶ᠎ᠡ | ᠠᠵᠤ ᠦᠢᠯᠡᠰ ᠤᠨ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ | ᠠᠭᠤᠰᠤᠯᠴᠠᠬᠤ ᠶᠢ ᠠᠬᠢᠭᠤᠯᠵᠤ᠂ ᠤᠯᠤᠰ ᠤᠨ ᠦᠮᠴᠢᠯᠡᠯ ᠤᠨ ᠡᠳ᠋ ᠬᠥᠷᠥᠩᠭᠡ ᠤᠯᠤᠰ ᠤᠨ ᠦᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠪᠣᠯᠣᠨ᠎ᠠ᠃ | | |