2025 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠨᠡᠶᠢᠲᠡᠯᠡᠵᠦ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠳᠤᠷᠠᠳᠪᠠ
ᠨᠡᠶᠢᠲᠡᠯᠡᠭᠰᠡᠨ ᠴᠠᠭ᠄
2025/2/24
     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠵᠢᠯᠤᠭᠤᠳᠬᠤ ᠠᠷᠪᠠᠨ ᠭᠤᠷᠪᠠᠳᠠᠭᠢ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ 23 ᠤ ᠡᠳᠦᠷ ᠰᠢᠨᠬᠤᠸᠠ ᠬᠤᠷᠢᠶ᠎ᠠ ᠡᠷᠬᠡ ᠶᠢ ᠭᠥᠯᠢᠶᠡᠨ ᠨᠡᠶᠢᠲᠡᠯᠡᠵᠦ᠂ ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠳᠤᠷᠠᠳᠪᠠ᠃      ᠪᠢᠴᠢᠭ ᠮᠠᠲ᠋ᠧᠷᠢᠶᠠᠯ ᠨᠢ ︽ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠭᠡᠬᠦ ᠭᠠᠷᠴᠠᠭ ᠲᠠᠢ᠂ ᠪᠢᠴᠢᠭ ᠮᠠᠲ᠋ᠧᠷᠢᠶᠠᠯ ᠤᠨ ᠪᠦᠭᠦ ᠠᠭᠤᠯᠭ᠎ᠠ ᠨᠡᠶᠢᠲᠡ ᠵᠢᠷᠭᠤᠭᠠᠨ ᠬᠡᠰᠡᠭ  ᠢᠶᠠᠷ ᠪᠦᠷᠢᠯᠳᠦᠵᠡᠢ᠂ ᠲᠤᠬᠠᠶᠢᠯᠠᠪᠠᠯ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠦᠷᠭᠦᠯᠵᠢᠯᠡᠨ ᠴᠢᠩᠭᠠᠳᠬᠠᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ᠂ ᠰᠢᠶᠠᠨ ᠤ ᠬᠡᠪᠴᠢᠶᠡᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠬᠦᠴᠦᠯᠡᠨ ᠪᠤᠵᠠᠭᠠᠶᠢᠷᠠᠭᠤᠯᠬᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠬᠤ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠬᠦᠴᠦᠯᠡᠨ ᠪᠦᠷᠢᠨᠰᠢᠭᠦᠯᠬᠦ᠂ ᠡᠯᠧᠮᠧᠨ᠋ᠲ ᠤᠨ ᠪᠠᠲᠤᠯᠠᠭ᠎ᠠ ᠪᠠ ᠰᠢᠯᠢᠳᠡᠭᠵᠢᠭᠦᠯᠦᠨ ᠲᠣᠬᠢᠷᠠᠭᠤᠯᠬᠤ ᠪᠠᠶᠢᠭᠤᠯᠤᠯ ᠲᠣᠭᠲᠠᠴᠠ ᠶᠢ ᠬᠦᠴᠦᠯᠡᠨ ᠪᠦᠷᠢᠨᠰᠢᠭᠦᠯᠬᠦ ᠵᠡᠷᠭᠡ ᠪᠣᠯᠣᠨ᠎ᠠ᠃      ᠪᠢᠴᠢᠭ ᠮᠠᠲ᠋ᠧᠷᠢᠶᠠᠯ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠡᠷᠬᠡᠪᠰᠢ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠲᠣᠭᠲᠠᠭᠠᠵᠤ᠂ ᠥᠭᠡᠷᠡᠴᠢᠯᠡᠯᠲᠡ ᠨᠡᠭᠡᠭᠡᠯᠲᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠤᠯᠭᠠᠵᠤ᠂ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠪᠠᠶᠢᠭᠤᠯᠤᠯ ᠢ ᠪᠠᠬᠢᠵᠢᠭᠦᠯᠦᠨ ᠲᠡᠭᠦᠯᠳᠡᠷᠵᠢᠭᠦᠯᠵᠦ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠢ ᠰᠤᠷᠤᠯᠴᠠᠨ ᠬᠡᠷᠡᠭᠯᠡᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠷᠭ᠎ᠠ ᠪᠦᠭᠦᠨ ᠢ ᠰᠦᠪᠡᠭᠴᠢᠯᠡᠨ ᠬᠥᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠠᠭᠤᠷᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃      ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠠᠷᠢᠭᠤᠴᠠᠯᠭᠠᠲᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ 2025 ᠣᠨ ᠤ ᠭᠤᠣᠯᠳᠠᠯᠭ᠎ᠠ ᠲᠠᠢ ᠠᠵᠢᠯ ᠢ ᠦᠨᠡᠨ ᠬᠦ ᠠᠳᠬᠤᠨ ᠪᠣᠳᠠᠲᠠᠢ ᠬᠢᠵᠦ ᠰᠠᠶᠢᠲᠤᠷ ᠠᠬᠢᠭᠤᠯᠤᠨ᠂  ᠬᠥᠳᠡᠭᠡ ᠠᠵᠤ ᠠᠬᠤᠢ ᠶᠢᠨ ᠰᠠᠭᠤᠷᠢ ᠶᠢ ᠨᠠᠩ ᠪᠠᠬᠢᠵᠢᠭᠦᠯᠬᠦ᠂ ᠬᠥᠳᠡᠭᠡ ᠲᠤᠰᠬᠤᠨ ᠤ ᠭᠠᠵᠠᠷ ᠣᠷᠣᠨ ᠢ ᠨᠠᠩ ᠴᠡᠴᠡᠭᠯᠡᠭᠦᠯᠬᠦ᠂ ᠲᠠᠷᠢᠶᠠᠴᠢᠳ ᠤᠨ ᠠᠮᠢᠳᠤᠷᠠᠯ ᠢ ᠨᠠᠩ ᠥᠭᠡᠳᠡ ᠡᠰᠡᠷᠡᠭ ᠪᠤᠯᠭᠠᠬᠤ ᠶᠢ ᠠᠬᠢᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠲᠡᠶᠢᠰᠢ ᠯᠠᠪᠳᠠᠭᠤᠨ ᠪᠠᠲᠤᠲᠠᠢ ᠤᠷᠤᠭᠰᠢᠯᠠᠬᠤ ᠬᠡᠷᠡᠭᠲᠡᠢ ᠭᠡᠵᠦ ᠢᠯᠡᠳᠬᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号