ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠡᠷᠴᠢᠮ ᠢ | ᠴᠢᠩᠭᠠᠷᠠᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠮ | ᠨᠢᠭᠡ ᠠᠯᠬᠤᠮ ᠪᠠᠬᠢᠵᠢᠭᠦᠯᠬᠦ ᠶᠢᠨ ᠲᠥᠯᠥᠭᠡ᠂ 2 ᠰᠠᠷ᠎ᠠ ᠶᠢᠨ 24 ᠤ ᠡᠳᠦᠷ᠂ ᠦᠴᠦᠸᠠᠨ ᠰᠢᠶᠠᠨ 2025 ᠣᠨ ᠤ | ᠪᠡᠯᠴᠢᠭᠡᠷᠯᠡᠭᠦᠯᠬᠦ ᠶᠢ ᠵᠤᠭᠰᠤᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠥᠬᠦ ᠰᠢᠶᠠᠨ ᠤ ᠪᠡᠯᠴᠢᠭᠡᠷᠯᠡᠭᠦᠯᠬᠦ ᠶᠢ ᠵᠤᠭᠰᠤᠭᠠᠬᠤ ᠠᠵᠢᠯ ᠢ | ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠡᠨᠡ ᠵᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ᠂ ᠦᠴᠦᠸᠠᠨ ᠰᠢᠶᠠᠨ ᠨᠢ ᠲᠥᠪ ᠬᠤᠲᠠ ᠶᠢᠨ ᠤᠮᠠᠷᠠᠲᠤ ᠬᠡᠰᠡᠭ ᠤᠨ ᠴᠢᠬᠤᠯᠠ ᠠᠮᠢ | ᠠᠬᠤᠢ ᠶᠢᠨ ᠴᠢᠳᠠᠮᠵᠢᠲᠤ ᠣᠷᠣᠨ ᠪᠣᠯᠤᠭᠰᠠᠨ ᠤ ᠬᠤᠪᠢ ᠳᠤ᠂ ᠭᠤᠣᠯᠳᠠᠯᠭ᠎ᠠ ᠲᠠᠢ ᠣᠷᠣᠨ ᠪᠦᠰᠡ ᠶᠢᠨ | ᠪᠡᠯᠴᠢᠭᠡᠷᠯᠡᠭᠦᠯᠬᠦ ᠶᠢ ᠵᠤᠭᠰᠤᠭᠠᠬᠤ ᠶᠢ ᠬᠡᠷᠡᠭᠵᠢᠭᠦᠯᠬᠦ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠠᠬᠢᠭᠤᠯᠬᠤ ᠶᠢᠨ ᠵᠠᠶᠢᠯᠠᠰᠢ ᠦᠭᠡᠢ ᠶᠠᠪᠤᠬᠤ ᠵᠠᠮ ᠮᠥᠨ᠂ ᠣᠷᠣᠨ ᠤ ᠲᠥᠪ ᠬᠤᠲᠠ ᠶᠢᠨ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠪᠦᠬᠦ ᠰᠢᠶᠠᠨ ᠤ ᠡᠯ᠎ᠡ | ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠨᠠᠢᠮᠠᠨ ᠶᠡᠭᠡ | ᠪᠣᠭᠤᠮᠲᠠ ᠰᠢᠪᠲᠤᠯᠬᠤ ᠳᠠᠶᠢᠯᠠᠯᠳᠤᠭᠠᠨ︾ ᠳᠠᠬᠢ ︽ᠪᠡᠯᠴᠢᠭᠡᠷᠯᠡᠭᠦᠯᠬᠦ ᠶᠢ ᠵᠤᠭᠰᠤᠭᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ︾ ᠤ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠪᠡᠯᠴᠢᠭᠡᠷᠯᠡᠭᠦᠯᠬᠦ ᠶᠢ ᠵᠤᠭᠰᠤᠭᠠᠬᠤ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠤᠯᠤᠰ ᠲᠥᠷᠥ ᠶᠢᠨ | ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠶᠢ ᠨᠡᠩ | ᠴᠢᠬᠤᠯᠠ᠂ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠥᠩᠭᠡᠷᠡᠭᠰᠡᠨ ᠤ ᠲᠤᠷᠰᠢᠯᠭ᠎ᠠ ᠠᠷᠭ᠎ᠠ ᠬᠢᠳᠡᠯ ᠢᠶᠠᠨ ᠪᠦᠬᠦ | ᠲᠠᠯ᠎ᠠ ᠪᠠᠷ ᠳ᠋ᠦᠩᠨᠡᠵᠦ᠂ ᠰᠠᠨᠠᠭᠠᠴᠢᠯᠠᠭ᠎ᠠ ᠠᠴᠠ ᠪᠠᠨ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠦᠷᠢᠯᠡᠵᠦ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠬᠤ ᠬᠡᠷᠡᠭᠲᠡᠢ᠃ ᠤᠬᠠᠭᠤᠯᠭ᠎ᠠ ᠬᠥᠮᠦᠵᠢᠯ ᠪᠠ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠢᠳᠡᠪᠬᠢᠲᠡᠢ ᠰᠠᠶᠢᠲᠤᠷ ᠬᠢᠵᠦ᠂ ᠣᠯᠠᠨ ᠲᠦᠮᠡᠨ ᠢ ᠬᠥᠲᠥᠯᠥᠨ | ᠵᠢᠯᠤᠭᠤᠳᠴᠤ ᠪᠠᠶᠢᠭᠠᠳ ᠣᠶ ᠰᠢᠭᠤᠢ ᠨᠤᠲᠤᠭ ᠪᠡᠯᠴᠢᠭᠡᠷ ᠢ ᠬᠠᠮᠠᠭᠠᠯᠠᠬᠤ ᠡᠭᠦᠷᠭᠡ ᠶᠢ ᠤᠬᠠᠮᠰᠠᠷ ᠠᠴᠠ ᠪᠠᠨ | ᠭᠦᠢᠴᠡᠳᠬᠡᠯᠭᠡᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ | ᠪᠡᠯᠴᠢᠭᠡᠷ ᠢ ᠰᠡᠷᠭᠦᠭᠡᠬᠦ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠭᠤᠣᠯᠳᠠᠯᠭ᠎ᠠ ᠲᠠᠢ ᠪᠡᠯᠴᠢᠭᠡᠷᠯᠡᠭᠦᠯᠬᠦ ᠶᠢ | ᠵᠤᠭᠰᠤᠭᠠᠬᠤ ᠣᠷᠣᠨ ᠳᠤ ᠲᠡᠮᠳᠡᠭ ᠫᠠᠶᠢᠰᠠ ᠪᠠᠶᠢᠷᠢᠯᠠᠭᠤᠯᠵᠤ᠂ ᠡᠯ᠎ᠡ ᠰᠢᠶᠠᠩ ᠪᠠᠯᠭᠠᠰᠤ ᠶᠢ ᠵᠢᠭᠰᠠᠭᠠᠨ ᠪᠠᠶᠢᠴᠠᠭᠠᠵᠤ᠂ | ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠪᠦᠰᠡ ᠶᠢ ᠪᠦᠷᠢᠯᠳᠦᠭᠦᠯᠬᠦ ᠶᠢ ᠦᠨᠡᠨᠬᠦ ᠪᠠᠲᠤᠯᠠᠵᠤ᠂ ᠰᠦᠷᠳᠡᠭᠦᠯᠬᠦ | ᠡᠷᠴᠢᠮ ᠢᠶᠠᠨ ᠳᠡᠭᠡᠭᠰᠢᠯᠡᠭᠦᠯᠬᠦ ᠬᠡᠷᠡᠭᠲᠡᠢ᠃ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠡᠯᠴᠢᠭᠡᠷᠯᠡᠭᠦᠯᠬᠦ ᠶᠢ ᠵᠤᠭᠰᠤᠭᠠᠬᠤ ᠠᠵᠢᠯ ᠤᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠲᠣᠭᠤᠷᠢᠨ ᠪᠠᠶᠢᠴᠠᠭᠠᠯᠲᠠ ᠪᠠ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠲᠣᠭᠲᠠᠭᠠᠯ ᠠᠴᠠ ᠵᠥᠷᠢᠴᠡᠨ ᠮᠠᠯ ᠮᠠᠯᠵᠢᠬᠤ ᠦᠢᠯᠡ ᠠᠵᠢᠯᠯᠠᠭ᠎ᠠ ᠶᠢ ᠡᠷᠡᠰ | ᠬᠤᠷᠢᠭᠯᠠᠵᠤ᠂ ᠣᠶᠢᠲᠤ ᠭᠠᠵᠠᠷ ᠨᠤᠲᠤᠭ ᠪᠡᠯᠴᠢᠭᠡᠷ ᠤᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠦᠨᠡᠨᠬᠦ ᠰᠠᠶᠢᠲᠤᠷ ᠪᠠᠬᠢᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠡᠭᠡᠷ᠎ᠡ᠂ ᠬᠡᠰᠡᠭ ᠰᠢᠶᠠᠩ ᠪᠠᠯᠭᠠᠰᠤ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠠᠮᠠᠷᠠᠭᠤᠯᠬᠤ | ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢᠨ ᠶᠠᠷᠢᠶ᠎ᠠ ᠲᠠᠯᠪᠢᠪᠠ᠃ | ᠰᠢᠶᠠᠨ ᠤ ᠵᠠᠰᠠᠭ ᠤᠨ ᠣᠷᠳᠣᠨ ᠡᠯ᠎ᠡ ᠰᠢᠶᠠᠩ ᠪᠠᠯᠭᠠᠰᠤ ᠲᠠᠢ ᠪᠡᠯᠴᠢᠭᠡᠷᠯᠡᠭᠦᠯᠬᠦ ᠶᠢ ᠵᠤᠭᠰᠤᠭᠠᠬᠤ | ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃ ︵ᠰᠤᠷᠪᠤᠯᠵᠢᠯᠠᠭᠴᠢ᠄ ᠯᠢᠦ ᠪᠠᠢ ᠢᠦᠢ ᠵᠠᠩ ᠵᠠᠨ | ᠹᠧᠩ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |