ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠣᠶᠢᠷ᠎ᠠ ᠳᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ | ᠲᠠᠷᠬᠠᠭᠠᠵᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠣᠳᠣᠬᠢ ᠪᠠᠶᠢᠳᠠᠯ ᠳᠤ ᠰᠠᠭᠤᠷᠢᠯᠠᠨ ᠣᠯᠠᠨ ᠠᠷᠭ᠎ᠠ | ᠬᠡᠮᠵᠢᠶ᠎ᠡ ᠪᠠᠷ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠢ | ᠳᠡᠭᠡᠭᠰᠢᠯᠡᠭᠦᠯᠭᠦ ᠶᠢ ᠱᠠᠭᠠᠷᠳᠠᠵᠤ᠂ ᠪᠦᠭᠦ ᠣᠷᠣᠨ ᠪᠦᠰᠡ ᠶᠢᠨ ᠤᠰᠤ ᠠᠷᠪᠢᠯᠠᠬᠤ ᠤᠷᠤᠭᠰᠢᠯᠠᠯᠲᠠ ᠶᠢᠨ ᠪᠦᠷᠢᠶ᠎ᠡ ᠶᠢ | ᠬᠠᠩᠭᠢᠨᠠᠭᠤᠯᠤᠯᠠ᠃ | ᠣᠶᠢᠷ᠎ᠠ ᠶᠢᠨ ᠵᠢᠯ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠰᠤᠨ | ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠤᠰᠤ ᠠᠷᠪᠢᠯᠠᠬᠤ ᠠᠵᠢᠯᠯᠠᠭ᠎ᠠ ᠶᠢ 2025 ᠣᠨ ᠳᠤ ᠵᠣᠬᠢᠶᠠᠨ ᠪᠠᠶᠢᠭᠤᠯᠤᠨ ᠥᠷᠨᠢᠭᠦᠯᠬᠦ | ︽ᠵᠢᠷᠭᠤᠭᠠᠨ ᠠᠵᠢᠯᠯᠠᠭ᠎ᠠ︾ ᠳᠤ ᠵᠢᠭᠰᠠᠭᠠᠨ ᠣᠷᠣᠭᠤᠯᠬᠤ ᠶᠢᠨ ᠬᠠᠮᠲᠤ 2025 ᠣᠨ ᠤ ᠪᠦᠭᠦ ᠣᠷᠣᠨ ᠤ ᠤᠰᠤ | ᠬᠡᠷᠡᠭᠯᠡᠬᠦ ᠶᠡᠷᠦᠩᠬᠡᠢ ᠬᠡᠮᠵᠢᠶ᠎ᠡ ᠶᠢ 196.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ | ᠬᠢᠵᠠᠭᠠᠷᠯᠠᠨ᠎ᠠ ᠭᠡᠵᠦ ᠳᠤᠷᠠᠳᠴᠠᠢ᠃ | ᠡᠨᠡ ᠬᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢᠨ | ᠬᠡᠷᠡᠭᠵᠢᠭᠦᠯᠬᠦ ᠲᠥᠰᠥᠯ︾ ᠳᠤ᠂ ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠯᠠᠬᠤ ᠲᠠᠯ᠎ᠠ ᠪᠠᠷ ᠲᠠᠷᠢᠶᠠᠯᠠᠩ ᠤᠨ ᠤᠰᠤ | ᠠᠷᠪᠢᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ︽ᠨᠡᠯᠦᠶᠢᠲᠡᠯ᠎ᠡ ᠤᠰᠤᠯᠠᠬᠤ︾ ᠠᠰᠠᠭᠤᠳᠠᠯ | ᠢ ᠭᠦᠨᠵᠡᠭᠡᠢ ᠰᠢᠢᠳᠪᠦᠷᠢᠯᠡᠬᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠵᠡᠷᠭᠡ ᠠᠷᠭ᠎ᠠ ᠭᠡᠯᠪᠡᠷᠢ ᠪᠠᠷ ᠲᠠᠮᠵᠢᠨ ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ ᠶᠢ 2.5 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠎ᠡ᠃ ᠠᠵᠤ ᠦᠢᠯᠡᠳᠪᠦᠷᠢ ᠳᠤ ᠬᠡᠷᠡᠭᠯᠡᠬᠦ | ᠤᠰᠤ ᠶᠢ ᠠᠷᠪᠢᠯᠠᠬᠤ ᠲᠠᠯ᠎ᠠ ᠪᠠᠷ ᠭᠤᠣᠯᠳᠠᠯᠭ᠎ᠠ ᠲᠠᠢ ᠠᠵᠢᠯ ᠲᠥᠷᠥᠯ ᠤᠨ ᠤᠰᠤ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ ᠶᠢ ᠠᠬᠢᠭᠤᠯᠵᠤ᠂ ᠠᠵᠤ ᠦᠢᠯᠡᠳᠪᠦᠷᠢ ᠶᠢᠨ ᠲᠦᠮᠡᠨ ᠲᠥᠭᠦᠷᠢᠭ ᠤᠨ ᠨᠡᠮᠡᠭᠳᠡᠯ ᠥᠷᠲᠡᠭ ᠢ | ᠪᠡᠶᠡᠯᠡᠭᠦᠯᠬᠦ ᠪᠦᠷᠢ ᠳᠤ ᠬᠡᠷᠡᠭᠯᠡᠬᠦ ᠤᠰᠤᠨ ᠤ ᠬᠡᠮᠵᠢᠶ᠎ᠡ ᠶᠢ 2020 ᠣᠨ ᠤ ᠬᠢ ᠠᠴᠠ 13% ᠠᠴᠠ ᠳᠡᠭᠡᠭᠰᠢ | ᠪᠠᠭᠤᠷᠠᠭᠤᠯᠤᠨ᠎ᠠ; ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠡᠷᠡᠭᠯᠡᠬᠦ ᠤᠰᠤ ᠶᠢ ᠠᠷᠪᠢᠯᠠᠬᠤ ᠲᠠᠯ᠎ᠠ ᠪᠠᠷ | ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠤᠰᠤ ᠭᠤᠭᠤᠵᠢᠵᠤ ᠰᠦᠢᠳᠬᠦ | ᠨᠣᠷᠮ᠎ᠠ ᠶᠢ 9% ᠶᠢᠨ ᠳᠣᠲᠣᠷ᠎ᠠ ᠬᠢᠵᠠᠭᠠᠷᠯᠠᠵᠤ᠂ ᠳᠠᠬᠢᠯᠲᠠ ᠤᠰᠤ ᠶᠢ ᠠᠰᠢᠭᠯᠠᠬᠤ ᠨᠣᠷᠮ᠎ᠠ ᠶᠢ 48% ᠠᠴᠠ | ᠳᠡᠭᠡᠭᠰᠢ ᠬᠦᠷᠭᠡᠨ᠎ᠡ ᠭᠡᠵᠦ ᠳᠤᠷᠠᠳᠴᠠᠢ᠃ | ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠪᠠᠰᠠ ᠤᠰᠤᠨ ᠤ ᠡᠬᠢ ᠪᠠᠶᠠᠯᠢᠭ ᠤᠨ ᠳᠠᠭᠠᠭᠠᠴᠠ ᠪᠣᠯᠣᠨ | ᠠᠵᠤ ᠠᠬᠤᠢ ᠨᠡᠶᠢᠭᠡᠮ ᠤᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠠᠵᠤ ᠦᠢᠯᠡᠳᠪᠦᠷᠢ | ᠶᠢᠨ ᠬᠠᠶᠠᠭᠳᠠᠮᠠᠯ ᠤᠰᠤ᠂ ᠠᠮᠢᠳᠤᠷᠠᠯ ᠤᠨ ᠪᠣᠬᠢᠷ ᠤᠰᠤ ᠵᠡᠷᠭᠡ ᠬᠡᠪ ᠤᠨ ᠪᠤᠰᠤ ᠤᠰᠤᠨ ᠰᠤᠷᠪᠤᠯᠵᠢ ᠶᠢᠨ ᠳᠠᠯᠳᠠ | ᠬᠦᠴᠦᠨ ᠢ ᠭᠦᠨᠵᠡᠭᠡᠢ ᠠᠭᠤᠳᠠᠯᠵᠤ᠂ ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠥᠨᠳᠥᠷ ᠪᠦᠲᠦᠮᠵᠢᠲᠡᠶ | ᠠᠰᠢᠭᠯᠠᠬᠤ ᠶᠢ ᠪᠡᠶᠡᠯᠡᠭᠦᠯᠦᠨ᠎ᠡ᠃ ᠬᠡᠪ ᠤᠨ ᠪᠤᠰᠤ ᠤᠰᠤᠨ ᠰᠤᠷᠪᠤᠯᠵᠢ ᠶᠢᠨ ᠠᠰᠢᠭᠯᠠᠯᠲᠠ ᠶᠢᠨ ᠬᠡᠮᠵᠢᠶ᠎ᠡ ᠶᠢ 7. | 68 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠬᠦᠷᠭᠡᠨ᠎ᠡ᠂ ᠡᠭᠦᠨ ᠳᠤ ᠬᠠᠲᠤᠨ ᠭᠤᠣᠯ ᠤᠨ | ᠰᠠᠪᠠ ᠭᠠᠵᠠᠷ ᠲᠠᠬᠢ ᠳᠠᠬᠢᠯᠲᠠ ᠤᠰᠤᠨ ᠤ ᠠᠰᠢᠭᠯᠠᠯᠲᠠ ᠶᠢᠨ ᠬᠡᠮᠵᠢᠶ᠎ᠡ ᠪᠠ ᠪᠦᠭᠦ ᠣᠷᠣᠨ ᠤ ᠠᠭᠤᠷᠬᠠᠢ ᠶᠢᠨ | ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ ᠴᠥᠮ 60% ᠠᠴᠠ ᠳᠡᠭᠡᠭᠰᠢ ᠬᠦᠷᠭᠡᠬᠦ ᠪᠠᠷ | ᠴᠢᠷᠮᠠᠶᠢᠬᠤ ᠪᠣᠯᠣᠨ᠎ᠠ᠃ | | |