2 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2025 ᠣᠨ ᠤ | ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠴᠦᠸᠠᠨ ᠰᠢᠶᠠᠨ ᠤ | ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠦᠴᠦᠸᠠᠨ ᠰᠢᠶᠠᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠪᠣᠯᠣᠨ | ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ | ᠢᠮᠠᠭᠲᠠ ᠪᠠᠲᠤ ᠴᠡᠭᠡᠵᠢᠯᠡᠵᠦ᠂ ᠤᠯᠤᠰ ᠲᠦᠷᠦ ᠶᠢᠨ ᠤᠬᠠᠮᠰᠠᠷ ᠪᠣᠯᠣᠨ ᠡᠭᠦᠷᠭᠡ ᠬᠠᠷᠢᠭᠤᠴᠠᠯᠭ᠎ᠠ ᠪᠠᠨ ᠦᠨᠡᠨᠬᠦ | ᠴᠢᠩᠭᠠᠳᠬᠠᠵᠤ᠂ ᠦᠴᠦᠸᠠᠨ ᠰᠢᠶᠠᠨ ᠤ ᠲᠡᠦᠬᠡ ᠶᠢᠨ ᠳᠤᠷᠠᠰᠬᠠᠯᠲᠤ ᠵᠦᠢᠯᠡᠰ ᠪᠣᠯᠣᠨ ᠰᠣᠶᠣᠯ ᠤᠨ ᠥᠪ ᠢ | ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠦᠴᠦᠸᠠᠨ | ᠰᠢᠶᠠᠨ ᠤ ᠲᠡᠦᠬᠡ ᠰᠣᠶᠣᠯ ᠤᠨ ᠡᠬᠢ ᠪᠠᠶᠠᠯᠢᠭ ᠢ ᠪᠦᠬᠦ ᠲᠠᠯ᠎ᠠ ᠪᠠᠷ ᠡᠮᠬᠢᠯᠡᠵᠦ᠂ ᠲᠡᠦᠬᠡ ᠰᠣᠶᠣᠯ ᠤᠨ ᠥᠪ ᠢ | ᠠᠭᠤᠳᠠᠯᠬᠤ᠂ ᠡᠮᠬᠢᠳᠬᠡᠬᠦ᠂ ᠬᠠᠮᠠᠭᠠᠯᠠᠬᠤ ᠪᠠ ᠰᠤᠳᠤᠯᠤᠨ ᠲᠠᠶᠢᠯᠪᠤᠷᠢᠯᠠᠬᠤ ᠠᠵᠢᠯ ᠢ ᠦᠷᠭᠦᠯᠵᠢᠯᠡᠨ ᠰᠠᠶᠢᠲᠤᠷ | ᠠᠳᠬᠤᠵᠤ᠂ ᠦᠴᠦᠸᠠᠨ ᠤ ᠣᠨᠴᠠᠯᠢᠭ ᠲᠠᠢ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ | ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠡᠳᠦᠷ ᠲᠤᠳᠤᠮ ᠤᠨ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠠᠰᠠᠭᠤᠳᠠᠯ ᠢ ᠢᠯᠡᠷᠡᠭᠦᠯᠵᠦ᠂ ᠴᠠᠭ ᠲᠤᠬᠠᠢ ᠳᠤᠨᠢ ᠰᠢᠢᠳᠪᠦᠷᠢᠯᠡᠵᠦ᠂ ᠲᠡᠦᠬᠡ ᠶᠢᠨ | ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠦᠬᠦ ᠲᠠᠯ᠎ᠠ ᠪᠠᠷ ᠪᠠᠲᠤᠳᠬᠠᠬᠤ ᠶᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠢᠨᠠᠨ ᠪᠤᠳᠤᠬᠤ | ᠲᠠᠯ᠎ᠠ ᠶᠢᠨ ᠠᠵᠢᠯ ᠢ ᠰᠤᠳᠤᠯᠪᠠ᠃ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |