ᠣᠳᠣᠬᠠᠨ ᠤ ᠬᠤᠷᠴᠠ ᠰᠢᠷᠦᠭᠦᠨ ᠬᠤᠲᠠ ᠶᠢᠨ ᠥᠷᠢᠰᠦᠯᠳᠦᠭᠡᠨ ᠳᠤ ᠴᠢᠳᠠᠪᠤᠷᠢᠲᠠᠨ ᠨᠢ ᠬᠥᠭᠵᠢᠯᠲᠡ ᠶᠢ | ᠠᠬᠢᠭᠤᠯᠬᠤ ᠭᠤᠣᠯ ᠬᠦᠴᠦᠨ ᠪᠣᠯᠵᠠᠢ᠃ ᠣᠶᠢᠷ᠎ᠠ ᠶᠢᠨ ᠵᠢᠯ ᠳᠤ ᠭᠦᠭᠡᠬᠤᠲᠠ ᠴᠢᠳᠠᠪᠤᠷᠢᠲᠠᠨ ᠢᠶᠠᠷ ᠬᠤᠲᠠ ᠪᠠᠨ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠤᠶᠢᠪᠢᠰᠢ ᠦᠭᠡᠢ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ | ᠶᠢᠨ ᠭᠤᠶᠢᠳᠠ ᠰᠠᠶᠢᠬᠠᠨ ᠵᠢᠷᠤᠭ ᠢ ᠵᠢᠷᠤᠭᠯᠠᠵᠤ ᠪᠠᠶᠢᠨ᠎ᠠ᠃ | ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠪᠣᠯ ᠴᠢᠳᠠᠪᠤᠷᠢᠲᠠᠨ ᠢ ᠲᠠᠲᠠᠬᠤ ︽ᠰᠣᠷᠢᠨᠵᠢᠨ︾ ᠮᠥᠨ᠃ | ᠭᠦᠭᠡᠬᠤᠲᠠ ᠰᠢᠰᠲ᠋ᠧᠮᠵᠢᠭᠰᠡᠨ᠂ ᠯᠤᠲᠤ ᠶᠡᠭᠡ ᠲᠠᠲᠠᠬᠤ ᠬᠦᠴᠦᠨ ᠲᠠᠢ ᠴᠢᠳᠠᠪᠤᠷᠢᠲᠠᠨ ᠤ ᠲᠥᠷᠥ ᠶᠢᠨ ᠪᠣᠳᠣᠯᠭ᠎ᠠ | ᠶᠢᠨ ᠰᠢᠰᠲ᠋ᠧᠮ ᠢ ᠰᠡᠳᠬᠢᠯ ᠲᠠᠯᠪᠢᠨ ᠪᠠᠶᠢᠭᠤᠯᠵᠤ᠂ ᠴᠢᠳᠠᠪᠤᠷᠢᠲᠠᠨ ᠤ ᠶᠡᠷᠦᠩᠬᠡᠢ ᠬᠡᠮᠵᠢᠶ᠎ᠡ ᠶᠢ ᠥᠷᠭᠡᠳᠬᠡᠬᠦ᠂ ᠲᠠᠰ | ᠳᠠᠪᠬᠤᠷᠭ᠎ᠠ ᠶᠢ ᠳᠡᠭᠡᠭᠰᠢᠯᠡᠭᠦᠯᠭᠦ᠂ ᠠᠵᠤ ᠦᠢᠯᠡᠰ ᠪᠠ ᠴᠢᠳᠠᠪᠤᠷᠢᠲᠠᠨ ᠢ ᠠᠭᠤᠰᠤᠯᠴᠠᠭᠤᠯᠬᠤ ᠵᠡᠷᠭᠡ ᠵᠠᠩᠭᠢᠯᠠᠭ᠎ᠠ ᠶᠢᠨ | ᠬᠦᠷᠢᠶᠡᠨ ᠳᠤ ︽ᠰᠢᠨ᠎ᠡ ᠴᠠᠭ ᠦᠶ᠎ᠡ ᠶᠢᠨ ᠣᠷᠣᠨ ᠤ ᠲᠥᠪ ᠤᠨ ᠴᠢᠳᠠᠪᠤᠷᠢᠲᠠᠨ ᠤ ᠠᠵᠢᠯ ᠢ ᠴᠢᠨᠠᠷ ᠰᠠᠶᠢᠲᠠᠢ | ᠠᠬᠢᠭᠤᠯᠬᠤ ᠲᠤᠬᠠᠢ ᠰᠠᠨᠠᠯ︾᠂ ᠲᠤᠬᠠᠶᠢᠯᠠᠪᠠᠯ ︽ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ 25 ᠵᠤᠷᠪᠤᠰ︾ | ᠢ ᠨᠡᠶᠢᠲᠡᠯᠡᠪᠡ᠃ ᠪᠦᠭᠦ ᠬᠤᠲᠠ ᠶᠢᠨ ᠳᠡᠭᠡᠳᠦ ᠲᠠᠰ ᠤᠨ ᠴᠢᠳᠠᠪᠤᠷᠢᠲᠠᠨ ᠢ ᠲᠥᠷᠥᠯ ᠬᠤᠪᠢᠶᠠᠨ ᠮᠠᠭᠠᠳᠯᠠᠨ | ᠲᠣᠭᠲᠠᠭᠠᠬᠤ ᠠᠵᠢᠯ ᠤᠨ ᠭᠥᠯᠢᠶᠡᠨ ᠠᠪᠴᠤ ᠰᠢᠢᠳᠪᠦᠷᠢᠯᠡᠬᠦ ᠵᠠᠮ ᠢ ᠨᠡᠭᠡᠭᠡᠵᠦ᠂ ︽ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠬᠦᠴᠦᠷᠬᠡᠭ ᠬᠤᠲᠠ ᠶᠢ ᠪᠦᠲᠦᠭᠡᠨ ᠪᠠᠶᠢᠭᠤᠯᠵᠤ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ | ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠴᠦ ᠵᠢᠩᠬᠢᠨᠢ ᠪᠠᠷ ᠨᠠᠶᠢᠳᠠᠪᠤᠷᠢᠵᠢᠭᠤᠯᠪᠠ᠃ 2024 ᠣᠨ ᠳᠤ | ᠲᠣᠭᠠᠴᠢᠯᠠᠭᠰᠠᠨ ᠣᠷᠣᠨ ᠤ ᠲᠥᠪ ᠤᠨ ᠴᠢᠳᠠᠪᠤᠷᠢᠲᠠᠨ ᠤ ᠦᠢᠯᠡᠴᠢᠯᠡᠭᠡᠨ ᠤ ᠲᠠᠪᠴᠠᠩ ᠢᠶᠠᠷ ᠳᠠᠮᠵᠢᠨ ᠲᠥᠷᠥ ᠶᠢᠨ | ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠳ᠋ᠦᠩᠰᠢᠭᠤᠷ ᠲᠥᠭᠦᠷᠢᠭ ᠤᠨ | ᠴᠢᠳᠠᠪᠤᠷᠢᠲᠠᠨ ᠤ ᠠᠵᠢᠯ ᠤᠨ ᠵᠠᠷᠤᠳᠠᠯ ᠪᠠᠭᠤᠯᠭᠠᠨ᠂ ᠴᠢᠳᠠᠪᠤᠷᠢᠲᠠᠨ ᠤ ᠪᠠᠲᠤᠯᠠᠭ᠎ᠠ ᠶᠢᠨ ᠣᠷᠣᠨ ᠰᠠᠭᠤᠴᠠ ᠶᠢ 1.5 | ᠲᠦᠮᠡ ᠭᠠᠷᠤᠢ ᠢᠵᠢ ᠬᠠᠩᠭᠠᠪᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠪᠣᠯ ᠴᠢᠳᠠᠪᠤᠷᠢᠲᠠᠨ ᠤ ᠡᠷᠳᠡᠮ | ᠴᠢᠳᠠᠪᠤᠷᠢ ᠪᠠᠨ ᠪᠠᠳᠠᠷᠠᠭᠤᠯᠬᠤ ︽ᠲᠣᠮᠣ ᠲᠠᠪᠴᠠᠩ︾ ᠮᠥᠨ᠃ ᠭᠦᠭᠡᠬᠤᠳᠠ ᠶᠢᠨ ᠬᠤᠷᠢᠨᠭᠡᠷ ᠴᠢᠳᠠᠪᠤᠷᠢᠲᠠᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠠᠮᠢᠵᠢᠷᠠᠯ ᠤᠨ ᠬᠦᠴᠦᠨ ᠢᠶᠠᠷ ᠪᠢᠯᠬᠠᠵᠤ᠂ | ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠣᠶᠤᠨᠴᠢ ᠦᠢᠯᠡᠳᠬᠦ ᠦᠢᠯᠡᠰ ᠤᠨ ᠰᠤᠳᠤᠯᠭᠠᠨ ᠤ | ᠬᠦᠷᠢᠶᠡᠯᠡᠩ ᠤᠨ ᠪᠣᠳᠠᠲᠤ ᠴᠣᠭᠴᠠ ᠶᠢᠨ ᠡᠵᠡᠩᠨᠡᠯᠲᠡ ᠶᠢ ᠪᠦᠭᠦ ᠬᠦᠴᠦᠨ ᠢᠶᠠᠷ ᠢᠶᠠᠨ ᠳᠡᠮᠵᠢᠨ ᠲᠤᠰ ᠰᠤᠷᠭᠠᠭᠤᠯᠢ | ᠶᠢᠨ ᠨᠠᠷᠢᠯᠢᠭ ᠪᠢᠴᠢᠯ ᠦᠢᠯᠡᠳᠬᠦ ᠮᠡᠷᠭᠡᠵᠢᠯ ᠤᠨ ᠪᠦᠭᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ | ᠤᠨ ᠪᠦᠯᠭᠦᠮ ᠢ ᠣᠷᠣᠭᠤᠯᠤᠨ ᠠᠪᠴᠢᠷᠠᠵᠤ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠳᠡᠯᠡᠬᠡᠢ ᠶᠢᠨ ᠲᠡᠷᠢᠭᠦᠨ | ᠤ ᠪᠠᠷᠢᠮᠵᠢᠶ᠎ᠠ ᠪᠦᠬᠦᠢ ᠠᠭᠠᠷ ᠣᠭᠲᠠᠷᠭᠤᠢ ᠶᠢᠨ ᠠᠯᠭᠠᠰᠠᠯ ᠬᠡᠮᠵᠢᠯᠲᠡ ᠶᠢᠨ ᠰᠠᠭᠤᠷᠢ ᠪᠠᠷᠢᠮᠵᠢᠶᠠᠲᠤ ᠲᠣᠮᠣ ᠰᠢᠨᠵᠢᠯᠡᠬᠦ | ᠤᠬᠠᠭᠠᠨ ᠤ ᠲᠣᠨᠣᠭᠯᠠᠯ ᠪᠠ ᠬᠡᠮᠵᠢᠯᠲᠡ ᠶᠢᠨ ᠰᠠᠭᠤᠷᠢ ᠪᠠᠷᠢᠮᠵᠢᠶᠠᠲᠤ ᠲᠠᠰ ᠤᠨ ᠥᠨᠳᠥᠷ ᠴᠢᠳᠠᠪᠬᠢᠲᠤ ᠭᠡᠷᠡᠯ ᠤᠨ | ᠰᠠᠷᠠᠯᠵᠢ ᠶᠢ ᠰᠤᠳᠤᠯᠤᠨ ᠨᠡᠭᠡᠭᠡᠵᠦ ᠦᠢᠯᠡᠳᠬᠦ ᠰᠠᠭᠤᠷᠢᠨ ᠢ ᠪᠠᠶᠢᠭᠤᠯᠪᠠ᠃ 2024 ᠣᠨ ᠳᠤ ᠳᠤᠮᠳᠠᠳᠤ ᠤᠯᠤᠰ | ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠬᠤᠸᠠᠩ ᠸᠧᠢ᠂ ᠰᠢ ᠠᠨ ᠤ ᠵᠠᠮ ᠬᠠᠷᠢᠯᠴᠠᠭᠠᠨ ᠤ | ᠶᠡᠭᠡ ᠰᠤᠷᠭᠠᠭᠤᠯᠢ ᠶᠢᠨ ᠫᠷᠤᠹᠧᠰᠰᠤᠷ ᠯᠢᠦ ᠬᠤᠩ ᠵᠦᠩ ᠵᠡᠷᠭᠡ ᠳᠡᠭᠡᠳᠦ ᠲᠡᠰ ᠤᠨ ᠴᠢᠳᠠᠪᠤᠷᠢᠲᠠᠨ ᠤ ᠪᠦᠯᠭᠦᠮ ᠢ | ᠵᠠᠯᠭᠠᠭ᠎ᠠ ᠪᠠᠷ ᠣᠷᠣᠭᠤᠯᠤᠨ ᠠᠪᠴᠢᠷᠠᠵᠤ᠂ ᠪᠦᠭᠦ ᠵᠢᠯ ᠳᠤ ᠰᠢᠨ᠎ᠡ ᠪᠠᠷ 10 ᠴᠢᠳᠠᠪᠤᠷᠢᠲᠠᠨ ᠤ ᠪᠦᠯᠭᠦᠮ ᠨᠡᠮᠡᠭᠳᠡᠭᠡᠳ | ᠶᠡᠷᠦᠩᠬᠡᠢ ᠲᠤᠭ᠎ᠠ ᠨᠢ 52 ᠪᠣᠯᠵᠤ᠂ ᠰᠢᠨ᠎ᠡ ᠪᠠᠷ ᠨᠡᠮᠡᠭᠳᠡᠭᠰᠡᠨ ᠴᠢᠳᠠᠪᠤᠷᠢᠲᠠᠨ 1300 ᠪᠠᠶᠢᠵᠤ᠂ ᠶᠡᠷᠦᠩᠬᠡᠢ ᠲᠤᠭ᠎ᠠ | ᠨᠢ 1.94 ᠲᠦᠮᠡ ᠳᠤ ᠬᠦᠷᠴᠡᠢ᠃ | ︽ᠤᠯᠤᠰ ᠤᠨ ᠨᠡᠷᠡᠮᠵᠢᠲᠤ︾ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠠᠪᠴᠠᠩ ᠪᠣᠯ ᠴᠢᠳᠠᠪᠤᠷᠢᠲᠠᠨ ᠤ | ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠬᠤ ︽ᠠᠯᠳᠠᠨ ᠬᠥᠭᠦᠷᠭᠡ︾ ᠮᠥᠨ᠃ ᠭᠦᠭᠡᠬᠤᠳᠠ ᠳᠤ ᠪᠠᠶᠢᠭ᠎ᠠ | ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠦᠷᠢᠨ ᠲᠡᠭᠦᠯᠳᠡᠷ ᠵᠠᠬ᠎ᠠ | ᠳᠡᠯᠭᠡᠭᠦᠷᠴᠢᠯᠡᠭᠰᠡᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠪᠡᠯᠡ ᠮᠥᠩᠭᠦ ᠨᠡᠪᠴᠢᠭᠦᠯᠬᠦ ᠲᠠᠲᠠᠭᠠᠯ ᠪᠠᠶᠢᠭᠤᠯᠤᠨ᠂ | ᠳᠡᠭᠡᠳᠦ ᠳᠣᠣᠷᠠᠳᠤ ᠤᠷᠤᠰᠬᠠᠯ ᠤᠨ 123 ᠠᠵᠤ ᠠᠬᠤᠶᠢᠯᠠᠯ ᠢ ᠪᠦᠳᠤᠮᠵᠢᠳᠠᠢ ᠬᠤᠯᠪᠣᠵᠤ᠂ 239 ᠲᠥᠷᠥᠯ | ᠵᠦᠢᠯ ᠢ ᠬᠡᠷᠡᠭᠵᠢᠭᠦᠯᠦᠨ᠂ 10 ᠵᠦᠢᠯ ᠤᠨ ᠳᠡᠯᠡᠬᠡᠢ ᠶᠢᠨ ᠲᠡᠷᠢᠭᠦᠨ ᠤ ᠲᠦᠪᠰᠢᠨ ᠪᠦᠬᠦᠢ ᠰᠢᠨ᠎ᠡ ᠶᠢ ᠡᠭᠦᠳᠦᠭᠰᠡᠨ | ᠦᠷ᠎ᠡ ᠪᠦᠲᠦᠭᠡᠯ ᠢ ᠣᠯᠣᠭᠰᠠᠨ ᠪᠥᠭᠡᠳ ᠠᠵᠤ ᠦᠢᠯᠡᠰᠵᠢᠯᠲᠡ ᠶᠢ ᠪᠡᠶᠡᠯᠡᠭᠦᠯᠪᠡ᠃ ᠤᠯᠤᠰ ᠤᠨ ᠡᠪᠡᠰᠦᠨ ᠤ | ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠡᠯ᠎ᠡ ᠲᠠᠯ᠎ᠠ ᠶᠢᠨ ᠠᠵᠢᠯ ᠯᠠᠪᠳᠠᠭᠤᠨ ᠲᠣᠭᠲᠠᠭᠤᠨ | ᠢᠶᠠᠷ ᠤᠷᠤᠭᠰᠢ ᠠᠬᠢᠵᠤ᠂ ᠪᠦᠭᠦ ᠤᠯᠤᠰ ᠤᠨ ᠡᠪᠡᠰᠦᠨ ᠤ ᠠᠵᠤ ᠦᠢᠯᠡᠰ ᠤᠨ ᠠᠩᠬᠠᠳᠠᠭᠴᠢ ᠮᠡᠳᠡᠯᠭᠡ ᠶᠢᠨ | ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ ᠪᠣᠯᠣᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠣᠷᠣ | ᠴᠠᠷᠭᠠᠰᠤ ᠶᠢᠨ ᠠᠮᠢᠳᠤ ᠪᠣᠳᠠᠰ ᠤᠨ ᠠᠮᠤᠷ ᠲᠦᠪᠰᠢᠨ ᠤ ᠦᠨᠡᠯᠡᠯᠲᠡ ᠶᠢᠨ ᠵᠠᠪᠰᠠᠷ ᠤᠨ ᠲᠤᠷᠰᠢᠯᠲᠠ ᠶᠢᠨ | ᠰᠠᠭᠤᠷᠢᠨ ᠢᠶᠠᠷ ᠵᠥᠪᠰᠢᠶᠡᠷᠡᠭᠳᠡᠵᠦ᠂ ᠮᠧᠩ ᠼᠤᠤ ᠺᠤᠮᠫᠠᠨᠢ ᠲᠦᠷᠦᠭᠦᠯᠡᠨ ᠡᠯ᠎ᠡ ᠲᠠᠯ᠎ᠠ ᠶᠢᠨ ᠬᠢᠨ ᠲᠠᠢ ᠬᠤᠯᠪᠤᠭᠠᠯᠠᠨ | ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠵᠤ᠂ ᠴᠠᠷᠭᠠᠰᠤ ᠶᠢᠨ ᠶᠠᠰᠤ ᠴᠢᠨᠠᠷ ᠤᠨ | ᠰᠤᠳᠤᠯᠭᠠᠨ ᠥᠷᠨᠢᠭᠦᠯᠵᠦ ᠪᠠᠶᠢᠨ᠎ᠠ᠃ ᠬᠠᠭᠠᠰ ᠳᠠᠮᠵᠢᠭᠤᠯᠤᠭᠴᠢ ᠶᠢᠨ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ | ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠣᠳᠠᠲᠤ ᠬᠦᠴᠦᠨ ᠲᠠᠰᠤᠷᠠᠯᠲᠠ ᠦᠭᠡᠢ ᠳᠡᠭᠡᠭᠰᠢᠯᠡᠵᠦ᠂ ᠵᠥᠩ ᠬᠤᠸᠠᠨ | ᠯᠢᠩ ᠰᠢᠶᠠᠨ ᠤ ᠯᠧᠦ ᠵᠥᠩ ᠱᠢ ᠬᠤᠲᠠ ᠶᠢᠨ ᠲᠠᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ | ᠡᠭᠦᠳᠴᠦ ᠦᠢᠯᠡᠰ ᠪᠣᠰᠬᠠᠬᠤ ᠴᠢᠳᠠᠪᠤᠷᠢᠲᠠᠨ ᠢᠶᠠᠷ ᠦᠨᠡᠯᠡᠭᠳᠡᠵᠦ᠂ ᠵᠥᠩ ᠬᠤᠸᠠᠨ ᠲᠠᠯᠠᠰᠲᠤ ᠪᠡᠶ᠎ᠡ ᠪᠠ ᠵᠥᠩ | ᠬᠤᠸᠠᠨ ᠭᠡᠷᠡᠯᠴᠢ ᠴᠡᠨᠡᠭ ᠢ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠪᠦᠯᠭᠦᠮ ᠴᠦ ᠲᠣᠰ ᠲᠣᠰ ᠬᠤᠲᠠ ᠶᠢᠨ | ᠲᠠᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠪᠦᠯᠭᠦᠮ ᠢᠶᠠᠷ | ᠰᠣᠩᠭᠤᠭᠳᠠᠪᠠ᠃ | ᠤᠳᠤ ᠭᠦᠭᠡᠬᠤᠲᠠ ᠳᠤ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 594᠂ ᠤᠯᠤᠰ ᠤᠨ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ 852᠂ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ 8᠂ ᠬᠤᠲᠠ | ᠶᠢᠨ ᠲᠠᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ 44 ᠪᠤᠶ᠃ | ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ + ᠠᠵᠤ ᠠᠬᠤᠶᠢᠯᠠᠯ︾ ᠤᠨ | ᠦᠢᠯᠡᠴᠢᠯᠡᠭᠡᠨ ᠤ ᠵᠠᠭᠪᠤᠷ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠳᠠᠩᠰᠠᠯᠠᠭᠤᠯᠤᠭᠰᠠᠨ ᠠᠵᠤ ᠠᠬᠤᠶᠢᠯᠠᠯ | ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠥᠷᠲᠡᠭᠡ 32 | ᠪᠣᠯᠵᠤ᠂ ᠥᠷᠲᠡᠭᠡᠨ ᠳᠤ ᠣᠷᠣᠭᠰᠠᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠣᠨᠴᠠ | ᠲᠣᠮᠢᠯᠠᠭᠳᠠᠭᠰᠠᠳ 853 ᠪᠣᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ | ᠤᠨ ︽ᠨᠢᠭᠡ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ + ᠨᠢᠭᠡ ᠰᠢᠨ᠎ᠡ ᠶᠢ ᠡᠭᠦᠳᠬᠦ ᠪᠦᠯᠭᠦᠮ ᠨᠡᠶᠢᠲᠡ ᠶᠢ | ᠬᠥᠮᠥᠵᠢᠭᠦᠯᠬᠦ︾ ᠬᠥᠭᠵᠢᠯᠲᠡ ᠶᠢᠨ ᠵᠠᠭᠪᠤᠷ ᠢ ᠪᠤᠶ ᠪᠤᠯᠭᠠᠬᠤ ᠳᠤ ᠬᠦᠴᠦᠨ ᠨᠡᠮᠡᠷᠢᠯᠡᠪᠡ᠃ | 2024 ᠣᠨ ᠤ 12 ᠰᠠᠷ᠎ᠠ ᠶᠢᠨ 26 ᠤ ᠡᠳᠦᠷ᠂ ᠭᠦᠭᠡᠬᠤᠲᠠ ︽ᠭᠦᠭᠡᠬᠤᠲᠠ ᠶᠢᠨ ᠴᠢᠳᠠᠪᠤᠷᠢᠲᠠᠨ ᠢᠶᠠᠷ | ᠬᠤᠲᠠ ᠪᠠᠨ ᠬᠦᠴᠦᠷᠬᠡᠭᠵᠢᠭᠦᠯᠬᠦ 25 ᠵᠤᠷᠪᠤᠰ︾ ᠢ ᠵᠢᠩᠬᠢᠨᠢ ᠪᠠᠷ ᠨᠡᠶᠢᠲᠡᠯᠡᠭᠰᠡᠨ ᠪᠥᠭᠡᠳ ᠢᠵᠢ ᠪᠦᠷᠢᠳᠦᠭᠦᠯᠬᠦ | ᠬᠡᠷᠡᠭᠵᠢᠭᠦᠯᠬᠦ ᠨᠠᠷᠢᠨ ᠳᠦᠷᠢᠮ ᠪᠠ ᠪᠣᠳᠠᠲᠠᠢ ᠭᠦᠢᠴᠡᠳᠬᠡᠬᠦ ᠳᠡᠰ ᠳᠠᠷᠠᠭᠠᠯᠠᠯ ᠢ ᠵᠠᠯᠭᠠᠭ᠎ᠠ ᠪᠠᠷ ᠨᠡᠶᠢᠲᠡᠯᠡᠪᠡ᠃ | ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | ᠢᠳᠡᠪᠬᠢᠲᠡᠢ ᠬᠥᠳᠡᠯᠦᠯᠴᠡᠵᠦ᠂ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ ︽ᠦᠢᠯᠡᠴᠢᠯᠡᠭᠡ ᠬᠤᠭᠤᠰᠤᠨ ᠬᠦᠷᠢᠶ᠎ᠡ︾ | ᠪᠠ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ︽ᠬᠠᠯᠠᠮᠰᠢᠯ ᠬᠦᠷᠢᠶ᠎ᠡ︾ ᠶᠢ ᠭᠦᠨᠵᠡᠭᠡᠢ ᠠᠭᠤᠳᠠᠯᠤᠨ᠂ | ᠴᠢᠳᠠᠪᠤᠷᠢᠲᠠᠨ ᠤ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠲᠠᠪᠴᠠᠩ ᠤᠨ ᠬᠤᠶᠠᠳᠤᠭᠠᠷ ᠬᠤᠭᠤᠴᠠᠭᠠᠨ ᠤ | ᠪᠠᠶᠢᠭᠤᠯᠤᠯᠲᠠ ᠶᠢ ᠠᠬᠢᠭᠤᠯᠪᠠ᠃ ᠳᠡᠭᠡᠳᠦ ᠲᠠᠰ ᠤᠨ ᠴᠢᠳᠠᠪᠤᠷᠢᠲᠠᠨ ᠢ ᠲᠥᠷᠥᠯ ᠬᠤᠪᠢᠶᠠᠨ ᠮᠠᠭᠠᠳᠯᠠᠨ | ᠲᠣᠭᠲᠠᠭᠠᠬᠤ ᠶᠢ ᠠᠬᠢᠭᠤᠯᠵᠤ᠂ ᠠᠵᠢᠯᠯᠠᠭᠠᠨ ᠤ ᠵᠦᠭᠯᠡᠭᠦᠷ ᠨᠡᠶᠢᠲᠡᠯᠡᠨ᠂ ᠰᠦᠯᠵᠢᠶᠡᠨ ᠳᠡᠭᠡᠷ᠎ᠡ ᠭᠤᠶᠤᠴᠢᠯᠠᠬᠤ᠂ | ᠰᠠᠯᠠᠭ᠎ᠠ ᠮᠥᠴᠢᠷ ᠠᠩᠬᠠᠨ ᠤ ᠬᠢᠨᠠᠯᠲᠠ ᠬᠢᠵᠦ ᠳᠠᠭᠢᠨ ᠬᠢᠨᠠᠬᠤ ᠲᠠᠰ ᠳᠠᠷᠠᠭᠠᠯᠠᠯ ᠢ ᠬᠡᠷᠡᠭᠵᠢᠭᠦᠯᠪᠡ᠃ ᠣᠷᠣᠨ | ᠰᠠᠭᠤᠴᠠ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠥᠬᠦᠴᠡᠯ ᠳᠤ ᠨᠡᠶᠢᠴᠡᠬᠦ ᠳ᠋ᠣᠺᠲ᠋ᠣᠷᠠᠨᠲ᠂ ᠠᠰᠫᠢᠷᠠᠨᠲ᠂ ᠵᠢᠩᠬᠢᠨᠢ ᠠᠩᠭᠢ ᠶᠢᠨ | ᠣᠶᠤᠲᠠᠨ᠂ ᠲᠤᠰᠬᠠᠢ ᠮᠡᠷᠭᠡᠵᠢᠯ ᠤᠨ ᠠᠩᠭᠢ ᠶᠢᠨ ᠰᠣᠷᠣᠬᠴᠢ ᠶᠢᠨ ᠣᠷᠣᠨ ᠰᠠᠭᠤᠴᠠ ᠬᠤᠳᠠᠯᠳᠤᠨ ᠠᠪᠬᠤ ᠳᠤ | ᠲᠣᠰᠪᠦᠷᠢ 10 ᠲᠦᠮᠡᠨ ᠲᠥᠭᠦᠷᠢᠭ᠂ 5 ᠲᠦᠮᠡᠨ ᠲᠥᠭᠦᠷᠢᠭ᠂ 3 ᠲᠦᠮᠡᠨ ᠲᠥᠭᠦᠷᠢᠭ ᠪᠠ 2 ᠲᠦᠮᠡᠨ ᠲᠥᠭᠦᠷᠢᠭ | ᠨᠥᠬᠦᠪᠦᠷᠢᠯᠡᠵᠦ᠂ ᠣᠷᠣᠨ ᠰᠠᠭᠤᠴᠠ ᠲᠦᠷᠢᠶᠡᠰᠦᠯᠡᠬᠦ ᠳᠤ 24 ᠰᠠᠷ᠎ᠠ ᠶᠢᠨ ᠳᠣᠲᠣᠷ᠎ᠠ ᠲᠣᠰ ᠲᠣᠰ ᠰᠠᠷ᠎ᠠ ᠪᠦᠷᠢ | 1000 ᠲᠥᠭᠦᠷᠢᠭ᠂ 800 ᠲᠥᠭᠦᠷᠢᠭ᠂ 500 ᠲᠥᠭᠦᠷᠢᠭ ᠪᠠ 300 ᠲᠥᠭᠦᠷᠢᠭ ᠤᠨ ᠨᠥᠬᠦᠪᠦᠷᠢ ᠥᠭᠴᠦ ᠪᠤᠢ᠃ | ᠡᠨᠡ ᠵᠢᠯ ᠤᠨ 2 ᠰᠠᠷ᠎ᠠ ᠶᠢᠨ ᠳᠤᠮᠳᠠᠴᠢ ᠪᠤᠯᠲᠠᠯ᠎ᠠ ᠨᠢᠭᠡᠨᠲᠡ 177 ᠬᠥᠮᠥᠨ ᠤᠳᠠᠭ᠎ᠠ ᠶᠢᠨ ᠭᠡᠷ ᠪᠠᠶᠢᠰᠢᠩ | ᠬᠤᠳᠠᠯᠳᠤᠨ ᠠᠪᠬᠤ ᠨᠥᠬᠦᠪᠦᠷᠢ ᠶᠢᠨ ᠭᠤᠶᠤᠴᠢᠯᠠᠯ᠂ 78 ᠬᠥᠮᠥᠨ ᠤᠳᠠᠭ᠎ᠠ ᠶᠢᠨ ᠭᠡᠷ ᠪᠠᠶᠢᠰᠢᠩ ᠲᠦᠷᠢᠶᠡᠰᠦᠯᠡᠬᠦ | ᠨᠥᠬᠦᠪᠦᠷᠢ ᠶᠢᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠵᠦ᠂ ᠵᠢᠱᠢᠯᠲᠡ ᠪᠠᠷ ᠵᠢᠯ ᠤᠨ ᠰᠡᠭᠦᠯᠴᠢ ᠪᠤᠯᠲᠠᠯ᠎ᠠ | 1000 ᠣᠷᠴᠢᠮ ᠬᠥᠮᠥᠨ ᠳᠤ ᠨᠥᠬᠦᠪᠦᠷᠢ ᠣᠯᠭᠤᠬᠤ ᠪᠣᠯᠣᠨ᠎ᠠ᠃ | ᠭᠦᠭᠡᠬᠤᠲᠠ ᠳᠦᠷᠢᠮ ᠤᠨ ᠰᠢᠨ᠎ᠡ ᠡᠭᠦᠳᠦᠯᠲᠡ ᠪᠠᠷ ᠴᠢᠳᠠᠪᠤᠷᠢᠲᠠᠨ ᠢ ᠴᠤᠭᠯᠠᠷᠠᠭᠤᠯᠤᠨ᠂ ᠴᠢᠳᠠᠪᠤᠷᠢᠲᠠᠨ ᠤ | ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠵᠠᠮ | ᠢᠶᠠᠷ ᠡᠷᠡᠮᠡᠬᠡᠶᠢᠯᠡᠨ ᠤᠷᠤᠭᠰᠢᠯᠠᠵᠤ᠂ ᠴᠠᠭ ᠦᠶ᠎ᠡ ᠶᠢᠨ ᠬᠠᠮᠤᠭ ᠤᠨ ᠬᠦᠴᠦᠷᠬᠡᠭ ᠳᠠᠭᠤᠨ ᠢ ᠬᠠᠩᠭᠢᠨᠠᠭᠤᠯᠪᠠ᠃ | ᠢᠷᠡᠭᠡᠳᠦᠢ ᠳᠤ ᠭᠦᠭᠡᠬᠤᠲᠠ ᠦᠷᠭᠦᠯᠵᠢᠯᠡᠨ ᠴᠢᠳᠠᠪᠤᠷᠢᠲᠠᠨ ᠢᠶᠠᠷ ᠬᠥᠳᠡᠯᠭᠡᠭᠦᠷ ᠪᠣᠯᠭᠠᠨ ᠬᠤᠲᠠ ᠶᠢᠨ ᠰᠢᠨ᠎ᠡ ᠶᠢ | ᠡᠭᠦᠳᠬᠦ ᠬᠥᠭᠵᠢᠯᠲᠡ ᠶᠢᠨ ᠠᠶᠠᠨ ᠳᠤ ᠲᠠᠰᠤᠷᠠᠯᠲᠠ ᠦᠭᠡᠢ ᠰᠢᠨ᠎ᠡ ᠥᠨᠳᠥᠷᠴᠡ ᠳᠤ ᠭᠠᠷᠴᠤ᠂ ᠨᠠᠩ ᠰᠠᠶᠢᠨ | ᠰᠠᠶᠢᠬᠠᠨ ᠮᠠᠷᠭᠠᠰᠢ ᠲᠡᠶᠢᠰᠢ ᠡᠷᠡᠯᠬᠡᠭᠯᠡᠨ ᠤᠷᠤᠭᠰᠢᠯᠠᠬᠤ ᠪᠣᠯᠣᠨ᠎ᠠ᠃ | | |