ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠣᠯᠭᠤᠯᠲᠠ ᠶᠢ | ᠠᠬᠢᠭᠤᠯᠬᠤ ᠲᠤᠬᠠᠢ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ︽ᠱᠠᠲᠤ ᠬᠤᠪᠢᠶᠠᠨ ᠲᠥᠷᠥᠯ ᠬᠤᠪᠢᠶᠠᠬᠤ︾ ᠲᠥᠷᠥ ᠶᠢᠨ ᠪᠣᠳᠣᠯᠭ᠎ᠠ ᠶᠢᠨ | ᠨᠠᠷᠢᠨ ᠲᠠᠩᠰᠠ᠂ ︽ᠵᠢᠷᠤᠮᠵᠢᠭᠤᠨ ᠪᠥᠭᠡᠳ ᠨᠢᠭᠡᠳᠦᠯᠲᠡᠢ︾ ᠦᠢᠯᠡᠴᠢᠯᠡᠭᠡᠨ ᠤ ᠨᠠᠷᠢᠨ ᠲᠠᠩᠰᠠ᠂ ︽ᠠᠵᠢᠯ ᠪᠠᠶᠢᠭᠠᠳ | ᠬᠢᠬᠦ ᠬᠥᠮᠥᠨ ᠦᠭᠡᠢ︾ ᠠᠵᠢᠯ ᠤᠨ ᠪᠠᠶᠢᠷᠢ ᠶᠢᠨ ᠨᠠᠷᠢᠨ ᠲᠠᠩᠰᠠ᠂ ︽ᠬᠥᠮᠥᠨ ᠪᠠᠶᠢᠭᠠᠳ ᠬᠢᠬᠦ ᠠᠵᠢᠯ ᠦᠭᠡᠢ︾ | ᠬᠥᠮᠥᠰ ᠤᠨ ᠨᠠᠷᠢᠨ ᠲᠠᠩᠰᠠ ᠶᠢ ᠲᠣᠭᠲᠠᠭᠠᠨ ᠨᠡᠶᠢᠲᠡᠯᠡᠵᠦ᠂ ᠠᠵᠢᠯ ᠣᠯᠭᠤᠵᠤ ᠦᠢᠯᠡᠰ ᠪᠣᠰᠬᠠᠬᠤ ᠲᠥᠷᠥ ᠶᠢᠨ | ᠪᠣᠳᠣᠯᠭ᠎ᠠ ᠶᠢ ᠨᠠᠷᠢᠨ ᠲᠠᠶᠢᠯᠪᠤᠷᠢᠯᠠᠵᠤ᠂ ᠦᠢᠯᠡᠴᠢᠯᠡᠭᠡ ᠪᠠ ᠭᠠᠷᠲᠠᠨ ᠭᠦᠢᠴᠡᠳᠬᠡᠬᠦ ᠶᠠᠪᠤᠴᠠ ᠶᠢ ᠲᠣᠳᠣᠷᠬᠠᠶᠢᠯᠠᠨ᠂ | ᠬᠥᠮᠥᠨ ᠪᠠ ᠠᠵᠢᠯ ᠤᠨ ᠪᠠᠶᠢᠷᠢ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠠᠷᠭ᠎ᠠ ᠵᠠᠮ ᠢ ᠰᠢᠯᠤᠭᠤᠳᠬᠠᠵᠤ᠂ | ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠪᠠ ᠦᠢᠯᠡᠴᠢᠯᠡᠭᠡ ᠶᠢ ᠮᠠᠲᠠᠪᠠᠯ ᠵᠣᠬᠢᠬᠤ ᠶᠢ ᠨᠢ ᠪᠦᠭᠦᠨ ᠢ ᠮᠡᠳᠡᠭᠦᠯᠵᠦ᠂ | ᠡᠳ᠋ᠯᠡᠪᠡᠯ ᠵᠣᠬᠢᠬᠤ ᠶᠢ ᠨᠢ ᠪᠦᠭᠦᠨ ᠢ ᠡᠳ᠋ᠯᠡᠭᠦᠯᠭᠦ ᠶᠢ ᠠᠬᠢᠭᠤᠯᠤᠨ᠎ᠠ᠃ | ᠣᠶᠢᠯᠠᠭᠠᠭᠰᠠᠨ ᠢᠶᠠᠷ᠂ ︽ᠱᠠᠲᠤ ᠬᠤᠪᠢᠶᠠᠨ ᠲᠥᠷᠥᠯ ᠬᠤᠪᠢᠶᠠᠬᠤ︾ ᠲᠥᠷᠥ ᠶᠢᠨ ᠪᠣᠳᠣᠯᠭ᠎ᠠ ᠶᠢᠨ ᠨᠠᠷᠢᠨ | ᠳᠠᠩᠰᠠ ᠳᠤ ᠠᠵᠢᠯ ᠣᠯᠬᠤ ᠳᠤ ᠬᠦᠴᠢᠷᠲᠡᠢ ᠬᠥᠮᠥᠰ ᠢ ᠮᠠᠭᠠᠳᠯᠠᠨ ᠲᠣᠭᠲᠠᠭᠠᠬᠤ᠂ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠠᠵᠢᠯ ᠤᠨ ᠪᠠᠶᠢᠷᠢ ᠶᠢᠨ ᠨᠥᠬᠦᠪᠦᠷᠢ ᠭᠤᠶᠤᠴᠢᠯᠠᠬᠤ᠂ ᠠᠵᠤ ᠠᠬᠤᠶᠢᠯᠠᠯ ᠤᠨ ᠠᠵᠢᠯ ᠣᠯᠬᠤ ᠳᠤ | ᠬᠦᠴᠢᠷᠲᠡᠢ ᠬᠥᠮᠥᠰ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ᠂ ᠲᠤᠬᠠᠶᠢᠯᠠᠭᠰᠠᠨ ᠠᠵᠢᠯ ᠤᠨ ᠤᠷ᠎ᠠ ᠮᠡᠷᠭᠡᠵᠢᠯ ᠤᠨ | ᠵᠡᠷᠭᠡ ᠳᠡᠰ ᠢ ᠮᠠᠭᠠᠳᠯᠠᠨ ᠲᠣᠭᠲᠠᠭᠠᠬᠤ᠂ ᠦᠢᠯᠡᠰ ᠪᠣᠰᠬᠠᠬᠤ ᠲᠥᠷᠥᠯ ᠵᠦᠢᠯ ᠤᠨ ᠬᠥᠮᠥᠷᠭᠡ ᠶᠢᠨ | ᠪᠠᠶᠢᠭᠤᠯᠤᠯᠲᠠ ᠶᠢᠨ ᠨᠥᠬᠦᠪᠦᠷᠢ ᠵᠡᠷᠭᠡ 24 ᠵᠦᠢᠯ ᠤᠨ ᠠᠭᠤᠯᠭ᠎ᠠ ᠶᠢ ᠪᠠᠭᠲᠠᠭᠠᠨ᠎ᠠ; ︽ᠵᠢᠷᠤᠮᠵᠢᠭᠤᠨ ᠪᠥᠭᠡᠳ | ᠨᠢᠭᠡᠳᠦᠯᠲᠡᠢ︾ ᠦᠢᠯᠡᠴᠢᠯᠡᠭᠡᠨ ᠤ ᠨᠠᠷᠢᠨ ᠳᠠᠩᠰᠠ ᠳᠤ ᠠᠵᠢᠯ ᠣᠯᠭᠤᠬᠤ ᠲᠤᠰᠠᠯᠠᠮᠵᠢ ᠶᠢᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠬᠦ᠂ ᠡᠭᠦᠷᠭᠡ ᠴᠢᠳᠠᠪᠬᠢ ᠪᠠ ᠳᠠᠳᠤᠯᠭ᠎ᠠ ᠪᠣᠯᠪᠠᠰᠤᠷᠠᠯ ᠤᠨ ᠪᠠᠭᠰᠢ ᠶᠢᠨ ᠪᠣᠯᠪᠠᠰᠤᠷᠠᠯ᠂ ᠠᠵᠢᠯ | ᠡᠷᠢᠬᠦ ᠪᠠ ᠤᠷᠢᠵᠤ ᠡᠯᠰᠡᠬᠦ ᠦᠢᠯᠡᠴᠢᠯᠡᠭᠡ᠂ ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ | ᠨᠥᠬᠦᠪᠦᠷᠢ ᠭᠤᠶᠤᠴᠢᠯᠠᠨ ᠠᠪᠬᠤ ᠦᠢᠯᠡᠴᠢᠯᠡᠭᠡ᠂ ᠲᠤᠬᠠᠶᠢᠯᠠᠭᠰᠠᠨ ᠠᠵᠢᠯ ᠤᠨ ᠤᠷ᠎ᠠ ᠮᠡᠷᠭᠡᠵᠢᠯ ᠤᠨ | ᠤᠷᠤᠯᠳᠤᠭᠠᠨ ᠤ ᠦᠢᠯᠡᠴᠢᠯᠡᠭᠡ᠂ ᠦᠢᠯᠡᠰ ᠪᠣᠰᠬᠠᠬᠤ ᠬᠦᠷᠢᠶᠡᠯᠡᠩ ︵ᠦᠢᠯᠡᠰ ᠪᠣᠰᠬᠠᠵᠤ ᠨᠡᠪᠴᠢᠭᠦᠯᠬᠦ ᠰᠠᠭᠤᠷᠢᠨ︶ | ᠳᠤ ᠣᠷᠣᠵᠤ ᠰᠠᠭᠤᠬᠤ ᠦᠢᠯᠡᠴᠢᠯᠡᠭᠡ ᠵᠡᠷᠭᠡ 22 ᠵᠦᠢᠯ ᠤᠨ ᠠᠭᠤᠯᠭ᠎ᠠ ᠶᠢ ᠪᠠᠭᠲᠠᠭᠠᠨ᠎ᠠ; ︽ᠠᠵᠢᠯ ᠪᠠᠶᠢᠭᠠᠳ | ᠬᠢᠬᠦ ᠬᠥᠮᠥᠨ ᠦᠭᠡᠢ︾ ᠠᠵᠢᠯ ᠤᠨ ᠪᠠᠶᠢᠷᠢ ᠶᠢᠨ ᠨᠠᠷᠢᠨ ᠳᠠᠩᠰᠠ ᠪᠠ ︽ᠬᠥᠮᠥᠨ ᠪᠠᠶᠢᠭᠠᠳ ᠬᠢᠬᠦ ᠠᠵᠢᠯ ᠦᠭᠡᠢ︾ | ᠬᠥᠮᠥᠰ ᠤᠨ ᠨᠠᠷᠢᠨ ᠳᠠᠩᠰᠠ ᠨᠢ ᠠᠵᠤ ᠠᠬᠤᠶᠢᠯᠠᠯ ᠪᠠ ᠡᠯ᠎ᠡ ᠲᠥᠷᠥᠯ ᠤᠨ ᠬᠥᠮᠥᠰ ᠤᠨ ᠺᠣᠳ᠋ ᠰᠢᠷᠪᠢᠵᠦ ᠲᠠᠭᠯᠠᠨ | ᠮᠡᠳᠡᠭᠦᠯᠵᠦ᠂ ᠠᠵᠢᠯ ᠣᠯᠭᠤᠬᠤ ᠦᠢᠯᠡᠴᠢᠯᠡᠭᠡ ᠶᠢ ᠬᠠᠨᠳᠤᠯᠭᠠᠲᠤ ᠴᠢᠨᠠᠷᠲᠠᠢ ᠬᠠᠩᠭᠠᠵᠤ᠂ ᠬᠥᠮᠥᠨ ᠪᠠ ᠠᠵᠢᠯ ᠤᠨ | ᠪᠠᠶᠢᠷᠢ ᠶᠢ ᠨᠠᠷᠢᠯᠢᠭ ᠣᠨᠣᠴᠠᠲᠠᠢ ᠵᠣᠬᠢᠴᠠᠭᠤᠯᠬᠤ ᠶᠢ ᠠᠬᠢᠭᠤᠯᠤᠨ᠎ᠠ᠃ | | |