ᠮᠠᠨ ᠤ ᠣᠷᠣᠨ ᠤ ᠤᠯᠤᠰ ᠤᠨ ᠲᠠᠰ ᠤᠨ ᠫᠤᠰᠲ ᠳ᠋ᠣᠺᠲ᠋ᠣᠷ ᠤᠨ ᠰᠤᠳᠤᠯᠭᠠᠨ ᠤ ᠠᠵᠢᠯᠯᠠᠬᠤ ᠥᠷᠲᠡᠭᠡ 12 ᠰᠢᠨ᠎ᠡ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2025/2/28
     ᠪᠦᠭᠦ ᠤᠯᠤᠰ ᠤᠨ ᠫᠤᠰᠲ ᠳ᠋ᠣᠺᠲ᠋ᠣᠷ ᠤᠨ ᠬᠠᠮᠢᠶᠠᠷᠤᠯᠲᠠ ᠶᠢᠨ ᠵᠥᠪᠯᠡᠯ ᠤᠨ ᠵᠥᠪᠰᠢᠶᠡᠷᠡᠯ ᠢᠶᠠᠷ᠂ ᠣᠶᠢᠷ᠎ᠠ ᠳᠤ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠵᠡᠷᠭᠡ ᠮᠠᠨ ᠤ ᠣᠷᠣᠨ ᠤ 12 ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠤᠯᠤᠰ ᠤᠨ ᠲᠠᠰ ᠤᠨ ᠫᠤᠰᠲ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠬᠤ ᠥᠷᠲᠡᠭᠡ ᠶᠢ ᠰᠢᠨ᠎ᠡ ᠪᠠᠷ ᠪᠠᠶᠢᠭᠤᠯᠵᠤ᠂ ᠡᠨᠧᠷᠭᠢ᠂ ᠪᠠᠷᠢᠯᠭ᠎ᠠ᠂ ᠡᠮ ᠤᠨ ᠵᠦᠢᠯᠡᠰ ᠢ ᠰᠢᠯᠭᠠᠨ ᠪᠠᠶᠢᠴᠠᠭᠠᠬᠤ᠂ ᠮᠠᠯ ᠠᠵᠤ ᠠᠬᠤᠢ ᠲᠠᠷᠢᠶᠠᠯᠠᠩ ᠵᠡᠷᠭᠡ ᠠᠵᠢᠯ ᠲᠥᠷᠥᠯ ᠤᠨ ᠬᠦᠷᠢᠶ᠎ᠡ ᠶᠢ ᠬᠠᠮᠤᠷᠴᠤ᠂ ᠰᠢᠨ᠎ᠡ ᠪᠠᠷ ᠨᠡᠮᠡᠭᠳᠡᠭᠰᠡᠨ ᠲᠤᠭ᠎ᠠ ᠬᠡᠮᠵᠢᠶ᠎ᠡ ᠨᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠬᠦ ᠪᠣᠯᠣᠨ᠎ᠠ᠃      ᠡᠭᠦᠨ ᠳᠤ᠂ ᠤᠯᠠᠭᠠᠨᠴᠠᠪ ᠬᠤᠲᠠ ᠶᠢᠨ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠬᠦᠷᠢᠶᠡᠯᠡᠩ ᠲᠣᠭᠤᠷᠢᠭ ᠤᠨ ᠲᠥᠷᠥᠯ ᠤᠨ ᠫᠤᠰᠲ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠬᠤ ᠥᠷᠲᠡᠭᠡ ᠪᠠᠷ ᠵᠥᠪᠰᠢᠶᠡᠷᠡᠭᠳᠡᠵᠦ᠂ ᠬᠦᠷᠢᠶᠡᠯᠡᠩ ᠲᠣᠭᠤᠷᠢᠭ ᠤᠨ ᠳᠣᠲᠣᠷᠠᠬᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠠᠮᠢᠳᠤᠯᠢᠭ ᠢᠶᠠᠷ ᠬᠤᠪᠢᠶᠠᠷᠢ ᠥᠷᠲᠡᠭᠡ ᠪᠠᠶᠢᠭᠤᠯᠬᠤ ᠶᠢ ᠪᠡᠶᠡᠯᠡᠭᠦᠯᠵᠦ᠂ ︽ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ + ᠴᠢᠳᠠᠪᠤᠷᠢᠲᠠᠨ ᠤ ᠡᠬᠢ ᠪᠠᠶᠠᠯᠢᠭ + ᠲᠥᠷᠥ ᠶᠢᠨ ᠪᠣᠳᠣᠯᠭ᠎ᠠ ᠪᠠᠷ ᠬᠦᠴᠦᠨ ᠣᠯᠭᠤᠬᠤ︾ ᠵᠠᠭᠪᠤᠷ ᠢᠶᠠᠷ ᠳᠠᠮᠵᠢᠨ᠂ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠣᠨ᠎ᠠ᠃      ᠫᠤᠰᠲ ᠳ᠋ᠣᠺᠲ᠋ᠣᠷ ᠤᠨ ᠠᠵᠢᠯᠯᠠᠬᠤ ᠥᠷᠲᠡᠭᠡ ᠪᠣᠯ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠡᠩᠨᠡᠭᠡ ᠶᠢ ᠪᠣᠶᠢᠵᠢᠭᠤᠯᠬᠤ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠥᠷᠨᠢᠭᠦᠯᠬᠦ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠢ ᠪᠦᠲᠦᠮᠵᠢᠲᠡᠶ ᠤᠶᠠᠯᠳᠤᠭᠤᠯᠬᠤ ᠶᠢ ᠠᠬᠢᠭᠤᠯᠬᠤ ᠴᠢᠬᠤᠯᠠ ᠲᠠᠪᠴᠠᠩ ᠪᠣᠯᠣᠨ᠎ᠠ᠃ ᠣᠶᠢᠷ᠎ᠠ ᠶᠢᠨ ᠵᠢᠯ ᠳᠤ᠂  ᠥᠪᠡᠷᠲᠡᠭᠡᠨ ᠵᠠᠰᠠᠬᠤ ᠣᠷᠣᠨ ᠫᠤᠰᠲ ᠳ᠋ᠣᠺᠲ᠋ᠣᠷ ᠤᠨ ᠠᠵᠢᠯ ᠢ ᠦᠷᠭᠦᠯᠵᠢᠯᠡᠨ ᠴᠢᠩᠭᠠᠳᠬᠠᠨ᠂ ᠲᠡᠮᠦᠷᠯᠢᠭ ᠬᠠᠶᠢᠯᠤᠭᠤᠯᠬᠤ᠂ ᠠᠭᠤᠷᠬᠠᠢ ᠶᠢᠨ ᠦᠢᠯᠡᠰ᠂ ᠮᠧᠬᠠᠨᠢᠭ᠂ ᠰᠢᠨ᠎ᠡ ᠡᠨᠧᠷᠭᠢ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠠᠵᠢᠯ ᠲᠥᠷᠥᠯ ᠳᠤ ᠫᠤᠰᠲ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠤᠯ ᠤᠨ 59 ᠠᠵᠢᠯᠯᠠᠬᠤ ᠥᠷᠲᠡᠭᠡ ᠶᠢ ᠪᠠᠶᠢᠭᠤᠯᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ 6 ᠶᠡᠭᠡ ᠳᠡᠭᠡᠳᠦ ᠰᠤᠷᠭᠠᠭᠤᠯᠢ ᠳᠤ ᠰᠠᠭᠤᠷᠢ ᠰᠢᠨᠵᠢᠯᠡᠭᠡᠨ ᠤ ᠰᠠᠯᠠᠭ᠎ᠠ ᠪᠠᠶᠢᠭᠤᠯᠤᠨ᠂ ᠮᠠᠯ ᠠᠵᠤ ᠠᠬᠤᠢ ᠶᠢᠨ ᠰᠤᠳᠤᠯᠭᠠᠨ᠂ ᠲᠠᠷᠢᠶᠠᠯᠠᠩ ᠤᠨ ᠢᠨᠵᠧᠨᠧᠷᠢᠩ᠂ ᠠᠮᠢᠳᠤ ᠪᠣᠳᠠᠰ ᠤᠨ ᠢᠨᠵᠧᠨᠧᠷᠢᠩ ᠵᠡᠷᠭᠡ 31 ᠫᠤᠰᠲ ᠳ᠋ᠣᠺᠲ᠋ᠣᠷ ᠤᠨ ᠰᠤᠳᠤᠯᠭᠠᠨ ᠤ ᠥᠷᠲᠡᠭᠡ᠂ ᠫᠤᠰᠲ ᠳ᠋ᠣᠺᠲ᠋ᠣᠷ ᠤᠨ ᠪᠦᠯᠭᠦᠮ ᠨᠠᠶᠢᠲᠠ ᠶᠢ ᠨᠢᠭᠡᠨᠲᠡ ᠮᠠᠨ ᠤ ᠣᠷᠣᠨ ᠤ ᠳᠡᠭᠡᠳᠦ ᠲᠠᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠨᠥᠭᠡᠴᠡ ᠬᠦᠴᠦᠨ ᠪᠤᠯᠭᠠᠵᠤ᠂ ᠪᠦᠭᠦ ᠣᠷᠣᠨ ᠳᠤ ᠫᠤᠰᠲ ᠳ᠋ᠣᠺᠲ᠋ᠣᠷ ᠤᠨ ᠰᠤᠳᠤᠯᠭᠠᠨ ᠤ ᠠᠵᠢᠯᠲᠠᠨ ᠢ ᠨᠡᠶᠢᠲᠡ 600 ᠭᠠᠷᠤᠢ ᠡᠯᠰᠡᠨ ᠬᠥᠮᠥᠵᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ ᠵᠢᠯ ᠳᠤᠮᠳᠠᠴᠢ ᠪᠠᠷ ᠥᠷᠲᠡᠭᠡᠨ ᠳᠤ ᠣᠷᠣᠭᠰᠠᠨ ᠬᠥᠮᠥᠨ ᠤ ᠲᠤᠭ᠎ᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠤ ᠬᠢ ᠠᠴᠠ 166% ᠪᠠᠷ ᠨᠡᠮᠡᠭᠳᠡᠵᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号