ᠵᠠᠰᠠᠭ ᠤᠨ ᠣᠷᠳᠣᠨ ᠤ ᠠᠯᠪᠠᠨ ᠭᠡᠷ
ᠨᠡᠶᠢᠲᠡᠯᠡᠭᠰᠡᠨ ᠴᠠᠭ᠄
2025/2/3
   ᠨᠢᠭᠡ᠂ ᠭᠤᠣᠯ ᠡᠭᠦᠷᠭᠡ ᠬᠠᠷᠢᠭᠤᠴᠠᠯᠭ᠎ᠠ    ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠪᠣᠯ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠵᠢᠩᠬᠢᠨᠢ ᠰᠠᠯᠠᠭᠠᠨ ᠤ ᠳᠡᠰ ᠪᠣᠯᠣᠨ᠎ᠠ᠂ ᠭᠤᠣᠯ ᠡᠭᠦᠷᠭᠡ ᠬᠠᠷᠢᠭᠤᠴᠠᠯᠭ᠎ᠠ ᠨᠢ᠄    ︵ᠨᠢᠭᠡ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠪᠦᠬᠦ ᠰᠢᠶᠠᠨ ᠤ ᠠᠵᠢᠯ ᠤᠨ ᠪᠠᠶᠢᠳᠠᠯ ᠢ ᠣᠶᠢᠯᠠᠭᠠᠭᠤᠯᠤᠨ᠎ᠠ᠃ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠦᠨᠳᠦᠰᠦᠯᠡᠨ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠪᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠨᠢᠭᠡᠴᠢ ᠶᠢᠨ ᠬᠤᠭᠤᠷᠣᠨᠳᠣᠬᠢ ᠮᠠᠷᠭᠤᠯᠳᠤᠭᠠᠨ ᠲᠠᠢ ᠴᠢᠬᠤᠯᠠ ᠠᠰᠠᠭᠤᠳᠠᠯ ᠢ ᠪᠠᠶᠢᠴᠠᠭᠠᠨ ᠰᠤᠳᠤᠯᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃    ︵ᠬᠤᠶᠠᠷ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠰᠢᠶᠠᠨ ᠤ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ ᠲᠤᠭᠤᠷᠪᠢᠨ ᠪᠢᠴᠢᠬᠦ ᠪᠤᠶᠤ ᠬᠢᠨᠠᠨ ᠬᠠᠷᠭᠤᠭᠤᠯᠤᠨ᠎ᠠ᠃ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠶᠠᠷᠢᠶ᠎ᠠ᠂ ᠠᠵᠢᠯ ᠤᠨ ᠢᠯᠡᠳᠬᠡᠯ ᠵᠡᠷᠭᠡ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ᠎ᠠ᠃    ︵ᠭᠤᠷᠪᠠ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠬᠤᠷᠠᠯ ᠵᠢᠴᠢ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠬᠤᠷᠠᠯ ᠤᠨ ᠲᠣᠭᠲᠠᠭᠠᠭᠰᠠᠨ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠷᠠᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠳᠥᠷᠪᠡ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠴᠢᠬᠤᠯᠠ ᠠᠵᠢᠯᠯᠠᠭ᠎ᠠ ᠶᠢᠨ ᠲᠣᠬᠢᠷᠠᠭᠤᠯᠤᠯᠲᠠ ᠶᠢ ᠬᠠᠷᠢᠭᠤᠴᠠᠨ᠎ᠠ᠃    ︵ᠲᠠᠪᠤ︶ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠵᠦᠢᠯᠡᠰ ᠢ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠰᠢᠢᠳᠪᠦᠷᠢᠯᠡᠬᠦ ᠰᠠᠨᠠᠯ ᠢᠶᠠᠨ ᠳᠤᠷᠠᠳᠴᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃    ︵ᠵᠢᠷᠭᠤᠭ᠎ᠠ︶ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠣᠨ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠭᠦᠢᠴᠡᠳᠬᠡᠬᠦ ᠠᠵᠢᠯ ᠢ ᠬᠠᠷᠢᠭᠤᠴᠠᠨ᠎ᠠ᠃    ︵ᠳᠤᠯᠤᠭ᠎ᠠ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠣᠯᠣᠨ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠣᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠵᠦᠢᠯᠡᠰ ᠵᠢᠴᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠴᠣᠬᠤᠯᠠᠪᠤᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠴᠠᠭ ᠲᠤᠬᠠᠢ ᠳᠤᠨᠢ ᠮᠡᠳᠡᠭᠦᠯᠦᠨ᠎ᠡ᠃    ︵ᠨᠠᠢᠮᠠ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠭᠡ ᠬᠠᠩᠭᠠᠨ᠎ᠠ᠃    ︵ᠶᠢᠰᠦ︶ ᠠᠵᠤ ᠠᠬᠤᠢ ᠠᠮᠢ ᠠᠬᠤᠢ ᠶᠢᠨ ᠬᠦᠷᠢᠶᠡᠨ ᠤ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠲᠦᠷᠦ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠰᠢᠶᠠᠨ ᠤ ᠠᠵᠤ ᠠᠬᠤᠢ ᠶᠢᠨ ᠠᠮᠢ ᠠᠬᠤᠢ ᠶᠢᠨ ᠬᠦᠷᠢᠶᠡᠨ ᠤ ᠥᠭᠡᠷᠡᠴᠢᠯᠡᠯᠲᠡ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠤᠭᠤᠷᠪᠢᠵᠤ᠂ ᠪᠦᠬᠦ ᠰᠢᠶᠠᠨ ᠤ ᠠᠵᠤ ᠠᠬᠤᠢ ᠶᠢᠨ ᠠᠮᠢ ᠠᠬᠤᠢ ᠶᠢᠨ ᠬᠦᠷᠢᠶᠡᠨ ᠤ ᠥᠭᠡᠷᠡᠴᠢᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ᠂ ᠦᠨᠡᠯᠡᠨ ᠵᠢᠱᠢᠬᠦ ᠪᠠ ᠰᠢᠮᠳᠠᠭᠤᠯᠤᠨ ᠪᠠᠶᠢᠴᠠᠭᠠᠨ᠎ᠠ᠃    ︵ᠠᠷᠪᠠ︶ ᠬᠠᠷᠢᠭᠤᠴᠠᠬᠤ ᠳᠦᠷᠢᠮ ᠢᠶᠠᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠡᠷᠬᠢᠯᠡᠭᠰᠡᠨ ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠢ ᠳᠠᠭᠠᠭᠠᠨ ᠡᠷᠬᠢᠯᠡᠨ᠎ᠡ᠃    ︵ᠠᠷᠪᠠᠨ ᠨᠢᠭᠡ︶ ᠪᠦᠬᠦ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠲᠥᠯᠦᠪᠵᠢᠭᠦᠯᠭᠡ ᠶᠢ ᠵᠢᠯᠤᠭᠤᠳᠬᠤ᠂ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ ᠵᠠᠰᠠᠭ ᠤᠨ ᠣᠷᠳᠣᠨ ᠤ ᠰᠦᠯᠵᠢᠶᠡᠨ ᠤ ᠡᠷᠴᠢᠮᠵᠢᠭᠦᠯᠦᠭᠰᠡᠨ ᠪᠠᠶᠢᠭᠤᠯᠤᠯᠲᠠ ᠪᠠ ᠰᠢᠯᠭᠠᠨ ᠦᠨᠡᠯᠡᠬᠦ ᠬᠢᠨᠠᠨ ᠰᠢᠯᠭᠠᠬᠤ᠂ ᠬᠢᠨᠠᠨ ᠬᠠᠮᠢᠶᠠᠷᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ᠃    ︵ᠠᠷᠪᠠᠨ ᠬᠤᠶᠠᠷ︶ ᠰᠢᠶᠠᠨ ᠤ ᠲᠣᠰ ᠱᠠᠲᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠨ᠎ᠠ᠃ ᠡᠯ᠎ᠡ ᠰᠢᠶᠠᠩ ᠪᠠᠯᠭᠠᠰᠤ᠂ ᠰᠢᠶᠠᠨ ᠤ ᠱᠠᠲᠤᠨ ᠤ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠢᠴᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠵᠢᠯᠤᠭᠤᠳᠴᠤ᠂ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃    ︵ᠠᠷᠪᠠᠨ ᠭᠤᠷᠪᠠ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠶᠡᠷᠦᠩᠬᠡᠢ ᠥᠷᠲᠡᠭ ᠤᠨ ᠠᠩᠭᠢ ᠶᠢᠨ ᠠᠵᠢᠯ ᠢ ᠬᠠᠷᠢᠭᠤᠴᠠᠵᠤ᠂ ᠴᠢᠬᠤᠯᠠ ᠪᠠᠶᠢᠳᠠᠯ ᠢ ᠴᠠᠭ ᠲᠤᠬᠠᠢ ᠳᠤᠨᠢ ᠮᠡᠳᠡᠭᠦᠯᠵᠦ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠤᠯᠪᠣᠭᠳᠠᠯ ᠪᠦᠬᠦᠢ ᠵᠢᠭᠠᠪᠤᠷᠢ ᠪᠠ ᠴᠣᠬᠤᠯᠠᠪᠤᠷᠢ ᠶᠢ ᠳᠠᠮᠵᠢᠭᠤᠯᠬᠤ ᠪᠠ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃    ︵ᠠᠷᠪᠠᠨ ᠳᠥᠷᠪᠡ︶ ᠵᠠᠬᠢᠳᠠᠯ ᠰᠣᠷᠪᠤᠯᠵᠢᠯᠠᠭ᠎ᠠ ᠶᠢ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠵᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠲᠤᠰᠢᠶᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠳᠠᠭᠠᠭᠠᠨ ᠭᠦᠢᠴᠡᠳᠬᠡᠨ᠎ᠡ᠃    ︵ᠠᠷᠪᠠᠨ ᠲᠠᠪᠤ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ᠬᠤᠶᠠᠷ᠂ ᠳᠣᠲᠣᠭᠠᠳᠤ ᠶᠢᠨ ᠪᠠᠶᠢᠭᠤᠯᠤᠮᠵᠢ    ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠶᠡᠷᠦᠩᠬᠡᠶᠢᠯᠡᠭᠰᠡᠨ ᠠᠯᠪᠠᠨ ᠭᠡᠷ᠂ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠂ ᠪᠢᠴᠢᠭ ᠮᠠᠲ᠋ᠧᠷᠢᠶᠠᠯ ᠤᠨ ᠲᠠᠰᠤᠭ᠂ ᠰᠢᠮᠳᠠᠭᠤᠯᠤᠨ ᠪᠠᠶᠢᠴᠠᠭᠠᠬᠤ ᠲᠠᠰᠤᠭ᠂ ᠵᠠᠬᠢᠳᠠᠯ ᠰᠣᠷᠪᠤᠯᠵᠢᠯᠠᠭ᠎ᠠ ᠶᠢᠨ ᠲᠠᠰᠤᠭ ᠵᠡᠷᠭᠡ 5 ᠳᠣᠲᠣᠭᠠᠳᠤ ᠪᠠᠶᠢᠭᠤᠯᠤᠮᠵᠢ ᠪᠠᠶᠢᠭᠤᠯᠪᠠ᠃    ︵ᠨᠢᠭᠡ︶ ᠶᠡᠷᠦᠩᠬᠡᠶᠢᠯᠡᠭᠰᠡᠨ ᠠᠯᠪᠠᠨ ᠭᠡᠷ᠃ ᠠᠯᠪᠠᠨ ᠭᠡᠷ ᠤᠨ ᠡᠷᠬᠢᠯᠡᠭᠴᠢ᠂ ᠳᠡᠳ᠋ ᠡᠷᠬᠢᠯᠡᠭᠴᠢ ᠶᠢ ᠬᠠᠪᠰᠤᠷᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠡᠳᠦᠷ ᠲᠤᠲᠤᠮ ᠤᠨ ᠵᠠᠰᠠᠭ ᠤᠨ ᠶᠠᠪᠤᠳᠠᠯ ᠪᠠ ᠬᠡᠷᠡᠭ ᠶᠠᠪᠤᠳᠠᠯ ᠢ ᠳᠠᠭᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠡᠯ᠎ᠡ ᠲᠥᠷᠥᠯ ᠤᠨ ᠪᠢᠴᠢᠭ ᠮᠠᠲ᠋ᠧᠷᠢᠶᠠᠯ᠂ ᠮᠠᠲ᠋ᠧᠷᠢᠶᠠᠯ ᠢ ᠲᠤᠭᠤᠷᠪᠢᠬᠤ᠂ ᠡᠬᠡ ᠨᠣᠣᠷᠠᠭ ᠢ ᠬᠢᠨᠠᠨ ᠲᠣᠭᠲᠠᠭᠠᠬᠤ᠂ ᠳᠠᠷᠤᠮᠠᠯᠯᠠᠨ ᠶᠠᠪᠤᠭᠤᠯᠬᠤ ᠵᠡᠷᠭᠡ ᠠᠵᠢᠯ ᠢ ᠬᠠᠷᠢᠭᠤᠴᠠᠨ᠎ᠠ᠃    ︵ᠬᠤᠶᠠᠷ︶ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠪᠠ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠪᠡ᠃ ︽ᠭᠤᠷᠪᠠᠨ ᠬᠤᠷᠠᠯ ᠨᠢᠭᠡ ᠬᠢᠴᠢᠶᠡᠯ︾ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠵᠢᠴᠢ ᠳᠣᠣᠷ᠎ᠠ ᠡᠯ᠎ᠡ ᠨᠠᠮ ᠤᠨ ᠡᠭᠦᠷ ᠤᠨ ᠠᠵᠢᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠮ ᠤᠨ ᠡᠭᠦᠷ ᠤᠨ ᠰᠢᠢᠳᠪᠦᠷᠢ ᠶᠢ ᠨᠠᠶᠢᠳᠠᠪᠤᠷᠢᠵᠢᠭᠤᠯᠤᠨ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ᠎ᠠ᠃ ᠨᠠᠮ ᠤᠨ ᠡᠭᠦᠷ ᠤᠨ ᠡᠯ᠎ᠡ ᠲᠦᠷᠦᠯ ᠤᠨ ᠬᠤᠷᠠᠯ ᠤᠨ ᠵᠣᠬᠢᠶᠠᠨ ᠪᠠᠶᠢᠭᠤᠯᠤᠯᠲᠠ᠂ ᠲᠡᠮᠳᠡᠭᠯᠡᠯ ᠢ ᠰᠠᠶᠢᠲᠤᠷ ᠬᠢᠬᠦ ᠶᠢ ᠬᠠᠷᠢᠭᠤᠴᠠᠵᠤ᠂ ᠨᠠᠮ ᠤᠨ ᠭᠡᠰᠢᠭᠦᠨ ᠤ ᠦᠵᠡᠯ ᠰᠠᠨᠠᠭᠠᠨ ᠤ ᠪᠠᠶᠢᠳᠠᠯ ᠵᠢᠴᠢ ᠠᠵᠢᠯ ᠤᠨ ᠰᠤᠷᠤᠯᠴᠠᠯᠭ᠎ᠠ ᠶᠢᠨ ᠪᠠᠶᠢᠳᠠᠯ ᠢ ᠴᠠᠭ ᠲᠤᠬᠠᠢ ᠳᠤᠨᠢ ᠣᠶᠢᠯᠠᠭᠠᠨ ᠡᠵᠡᠮᠰᠢᠵᠦ᠂ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠠᠵᠢᠯ ᠢ ᠰᠠᠶᠢᠲᠤᠷ ᠬᠢᠨ᠎ᠡ᠃ ᠨᠠᠮ ᠤᠨ ᠶᠠᠪᠤᠳᠠᠯ ᠤᠨ ᠰᠢᠰᠲ᠋ᠧᠮ ᠤᠨ ᠮᠠᠲ᠋ᠧᠷᠢᠶᠠᠯ ᠢ ᠣᠷᠣᠭᠤᠯᠬᠤ᠂ ᠬᠠᠮᠠᠭᠠᠯᠠᠬᠤ᠂ ᠰᠢᠨᠡᠳᠬᠡᠬᠦ ᠵᠡᠷᠭᠡ ᠠᠵᠢᠯ ᠢ ᠬᠠᠷᠢᠭᠤᠴᠠᠨ᠎ᠠ᠃ ᠳᠡᠰ ᠳᠠᠷᠠᠭᠠᠯᠠᠯ ᠪᠠ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠨᠠᠮ ᠳᠤ ᠣᠷᠣᠬᠤ ᠢᠳᠡᠪᠬᠢᠲᠡᠨ᠂ ᠪᠡᠯᠡᠳᠬᠡᠯ ᠨᠠᠮ ᠤᠨ ᠭᠡᠰᠢᠭᠦᠨ ᠢ ᠬᠥᠮᠥᠵᠢᠭᠦᠯᠦᠨ ᠬᠥᠮᠥᠵᠢᠭᠦᠯᠬᠦ ᠪᠠ ᠰᠢᠨᠵᠢᠯᠡᠨ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ ᠵᠠᠰᠠᠭ ᠤᠨ ᠣᠷᠳᠣᠨ ᠤ ᠠᠯᠪᠠᠨ ᠭᠡᠷ ᠤᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃      ︵ᠭᠤᠷᠪᠠ︶ ᠪᠢᠴᠢᠭ ᠮᠠᠲ᠋ᠧᠷᠢᠶᠠᠯ ᠤᠨ ᠲᠠᠰᠤᠭ᠃ ᠳᠡᠭᠡᠳᠦ ᠳᠣᠣᠷᠠᠳᠤ ᠱᠠᠲᠤ ᠪᠠ ᠬᠤᠯᠪᠣᠭᠳᠠᠯ ᠪᠦᠬᠦᠢ ᠨᠢᠭᠡᠴᠢ ᠶᠢᠨ ᠢᠷᠡᠭᠦᠯᠦᠭᠰᠡᠨ ᠪᠢᠴᠢᠭ ᠮᠠᠲ᠋ᠧᠷᠢᠶᠠᠯ ᠢ ᠳᠠᠩᠰᠠᠯᠠᠬᠤ᠂ ᠬᠤᠷᠢᠶᠠᠵᠤ ᠬᠦᠷᠭᠡᠬᠦ᠂ ᠳᠠᠮᠵᠢᠭᠤᠯᠤᠨ ᠦᠵᠡᠬᠦ᠂ ᠱᠠᠭᠠᠷᠳᠠᠨ ᠦᠵᠡᠬᠦ᠂ ᠳᠠᠩᠰᠠ ᠡᠪᠬᠡᠮᠡᠯ ᠳᠤ ᠣᠷᠣᠭᠤᠯᠬᠤ᠂ ᠨᠢᠭᠤᠴᠠ ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠬᠤᠷᠠᠯ ᠪᠠ ᠲᠧᠯᠸᠢᠰ ᠳ᠋ᠢᠶᠠᠩᠬᠤᠸᠠ ᠬᠤᠷᠠᠯ ᠤᠨ ᠮᠡᠳᠡᠭᠳᠡᠯ ᠢ ᠬᠠᠷᠢᠭᠤᠴᠠᠨ ᠬᠠᠮᠢᠶᠠᠷᠤᠨ᠎ᠠ᠃ ᠵᠠᠰᠠᠭ ᠤᠨ ᠣᠷᠳᠣᠨ ᠵᠢᠴᠢ ᠠᠯᠪᠠᠨ ᠭᠡᠷ ᠤᠨ ᠤᠳᠤᠷᠢᠳᠬᠤ ᠨᠥᠬᠦᠳ ᠤᠨ ᠠᠯᠪᠠᠨ ᠶᠠᠪᠤᠳᠠᠯ ᠤᠨ ᠠᠵᠢᠯᠯᠠᠭ᠎ᠠ ᠶᠢᠨ ᠪᠠᠶᠢᠳᠠᠯ ᠢ ᠡᠵᠡᠮᠰᠢᠵᠦ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠡᠷᠬᠢᠯᠡᠭᠴᠢ ᠶᠢᠨ ᠬᠤᠷᠠᠯ ᠤᠨ ᠵᠣᠬᠢᠶᠠᠨ ᠪᠠᠶᠢᠭᠤᠯᠤᠯᠲᠠ᠂ ᠲᠡᠮᠳᠡᠭᠯᠡᠯ᠂ ᠨᠣᠣᠷᠠᠭ ᠢ ᠳᠠᠷᠤᠮᠠᠯᠯᠠᠨ ᠲᠠᠷᠬᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠠᠯᠪᠠᠨ ᠭᠡᠷ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠵᠢᠴᠢ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠬᠠᠷᠢᠭᠤᠴᠠᠵᠤ᠂ ᠰᠢᠶᠠᠨ ᠤ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠭᠡᠷ ᠤᠨ ᠤᠳᠤᠷᠢᠳᠤᠯᠭ᠎ᠠ ᠶᠢᠨ ᠠᠯᠪᠠᠨ ᠶᠠᠪᠤᠳᠠᠯ ᠤᠨ ᠠᠵᠢᠯᠯᠠᠭ᠎ᠠ ᠶᠢᠨ ᠮᠡᠳᠡᠭᠡ ᠵᠠᠩᠭᠢ ᠶᠢ ᠡᠵᠡᠮᠰᠢᠵᠦ᠂ ᠡᠯ᠎ᠡ ᠰᠢᠶᠠᠩ ᠪᠠᠯᠭᠠᠰᠤ ᠶᠢ ᠪᠠᠲᠤᠯᠠᠵᠤ᠂ ᠡᠯ᠎ᠡ ᠰᠠᠯᠠᠭ᠎ᠠ ᠮᠥᠴᠢᠷ ᠪᠣᠯᠣᠨ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠠᠮᠤᠷ ᠲᠦᠪᠰᠢᠨ ᠤ ᠪᠠᠲᠤᠯᠠᠭ᠎ᠠ᠂ ᠢᠷᠡᠭᠰᠡᠨ ᠵᠣᠴᠢᠳ ᠢ ᠳᠠᠩᠰᠠᠯᠠᠬᠤ᠂ ᠵᠠᠬᠢᠳᠠᠯ ᠰᠤᠷᠪᠤᠯᠵᠢᠯᠠᠯ ᠤᠨ ᠬᠦᠯᠢᠶᠡᠨ ᠵᠣᠴᠢᠯᠠᠬᠤ᠂ ᠪᠠᠶᠢᠭᠤᠯᠭ᠎ᠠ ᠶᠢᠨ ᠶᠡᠷᠦᠩᠬᠡᠶᠢᠯᠡᠨ ᠵᠠᠰᠠᠬᠤ ᠪᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠵᠢᠵᠢᠭᠦᠷ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠠᠯᠪᠠᠨ ᠭᠡᠷ ᠤᠨ ᠡᠳᠦᠷ ᠲᠤᠲᠤᠮ ᠤᠨ ᠪᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠵᠢᠵᠢᠭᠦᠷ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠠᠯᠪᠠᠨ ᠭᠡᠷ ᠤᠨ ᠲᠤᠰᠢᠶᠠᠨ ᠰᠢᠢᠳᠪᠦᠷᠢᠯᠡᠭᠦᠯᠬᠦ ᠠᠵᠢᠯ ᠢ ᠬᠠᠷᠢᠭᠤᠴᠠᠨ᠎ᠠ᠃    ︵ᠳᠥᠷᠪᠡ︶ ᠰᠢᠮᠳᠠᠭᠤᠯᠤᠨ ᠪᠠᠶᠢᠴᠠᠭᠠᠬᠤ ᠲᠠᠰᠤᠭ᠃ ︽ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ︾ ᠨᠢ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠤᠯᠪᠣᠭᠳᠠᠨ᠎ᠠ᠃ ᠰᠢᠶᠠᠨ ᠤ ᠵᠠᠰᠠᠭ ᠤᠨ ᠣᠷᠳᠣᠨ ᠤ ᠪᠥᠬᠦᠳᠡ ᠬᠤᠷᠠᠯ᠂ ᠪᠠᠶᠢᠩᠭᠤ ᠶᠢᠨ ᠬᠤᠷᠠᠯ ᠢᠶᠠᠷ ᠲᠣᠭᠲᠠᠭᠠᠭᠰᠠᠨ ᠵᠦᠢᠯᠡᠰ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠡᠷᠬᠢᠯᠡᠨ ᠬᠤᠷᠠᠯᠳᠤᠭᠤᠯᠤᠭᠰᠠᠨ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ᠂ ᠲᠤᠰᠬᠠᠢ ᠰᠡᠳᠦᠪᠲᠦ ᠬᠤᠷᠠᠯ ᠢᠶᠠᠷ ᠲᠣᠭᠲᠠᠭᠠᠭᠰᠠᠨ ᠵᠦᠢᠯᠡᠰ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠶᠢ ᠬᠠᠷᠢᠭᠤᠴᠠᠨ᠎ᠠ᠃ ᠤᠳᠤᠷᠢᠳᠬᠤ ᠨᠥᠬᠦᠳ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠪᠠᠶᠢᠳᠠᠯ ᠢᠶᠠᠨ ᠮᠡᠳᠡᠭᠦᠯᠦᠨ᠎ᠡ᠃ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠤᠳᠤᠷᠢᠳᠬᠤ ᠨᠥᠬᠦᠳ ᠤᠨ ᠴᠣᠬᠤᠯᠠᠪᠤᠷᠢᠯᠠᠭᠰᠠᠨ᠂ ᠲᠤᠰᠢᠶᠠᠨ ᠰᠢᠢᠳᠪᠦᠷᠢᠯᠡᠭᠦᠯᠦᠭᠰᠡᠨ ᠵᠦᠢᠯᠡᠰ ᠢ ᠬᠠᠷᠢᠭᠤᠴᠠᠬᠤ ᠶᠢᠨ ᠬᠠᠮᠲᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ ᠲᠤᠬᠠᠢ ᠳᠤᠨᠢ ᠬᠠᠷᠢᠭᠤ ᠲᠤᠰᠬᠠᠨ᠎ᠠ᠃ ᠰᠢᠶᠠᠨ ᠤ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠠᠯᠪᠠᠨ ᠪᠢᠴᠢᠭ ᠲᠤ ᠰᠢᠮᠳᠠᠭᠤᠯᠤᠨ ᠪᠠᠶᠢᠴᠠᠭᠠᠬᠤ ᠲᠠᠰᠤᠭ ᠠᠴᠠ ᠰᠢᠮᠳᠠᠭᠤᠯᠤᠨ ᠰᠢᠢᠳᠪᠦᠷᠢᠯᠡᠭᠦᠯᠬᠦ ᠵᠦᠢᠯᠡᠰ ᠢ ᠬᠠᠷᠢᠭᠤᠴᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠠᠯᠪᠠᠨ ᠭᠡᠷ ᠤᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃    ︵ᠲᠠᠪᠤ︶ ᠵᠠᠬᠢᠳᠠᠯ ᠰᠣᠷᠪᠤᠯᠵᠢᠯᠠᠭ᠎ᠠ ᠶᠢᠨ ᠲᠠᠰᠤᠭ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ︽ᠵᠠᠬᠢᠳᠠᠯ ᠰᠣᠷᠪᠤᠯᠵᠢᠯᠠᠭ᠎ᠠ ᠶᠢᠨ ᠳᠦᠷᠢᠮ︾ ᠢ ᠤᠬᠠᠭᠤᠯᠬᠤ᠂ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠠᠴᠠ ᠰᠢᠯᠵᠢᠭᠦᠯᠦᠨ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠬᠠᠷᠢᠭᠤᠴᠠᠨ ᠰᠢᠢᠳᠪᠦᠷᠢᠯᠡᠵᠦ᠂ ᠵᠠᠬᠢᠳᠠᠯ ᠰᠣᠷᠪᠤᠯᠵᠢᠯᠠᠭ᠎ᠠ ᠶᠢᠨ ᠠᠷᠭ᠎ᠠ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠴᠠᠭ ᠲᠤᠬᠠᠢ ᠳᠤᠨᠢ ᠣᠨᠣᠪᠴᠢᠲᠠᠶ ᠬᠠᠷᠢᠭᠤ ᠮᠡᠳᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠴᠣᠬᠤᠯᠠᠪᠤᠷᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ ᠡᠯ᠎ᠡ ᠰᠢᠶᠠᠩ ᠪᠠᠯᠭᠠᠰᠤ᠂ ᠰᠠᠯᠠᠭ᠎ᠠ ᠮᠥᠴᠢᠷ ᠲᠤ ᠲᠤᠰᠢᠶᠠᠨ ᠥᠭᠴᠦ ᠰᠢᠢᠳᠪᠦᠷᠢᠯᠡᠭᠦᠯᠬᠦ ᠪᠠ ᠬᠤᠯᠪᠣᠭᠳᠠᠯ ᠪᠦᠬᠦᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠲᠤᠰᠢᠶᠠᠨ ᠥᠭᠴᠦ ᠰᠢᠢᠳᠪᠦᠷᠢᠯᠡᠭᠦᠯᠬᠦ ᠠᠵᠢᠯ ᠢ ᠰᠢᠮᠳᠠᠭᠤᠯᠤᠨ ᠪᠠᠶᠢᠴᠠᠭᠠᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠡᠯ᠎ᠡ ᠵᠦᠢᠯ ᠤᠨ ᠵᠦᠢᠯᠡᠰ ᠢ ᠰᠢᠢᠳᠪᠦᠷᠢᠯᠡᠭᠰᠡᠨ ᠦᠷ᠎ᠡ ᠳ᠋ᠦᠩ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠡᠯ᠎ᠡ ᠲᠥᠷᠥᠯ ᠤᠨ ᠵᠠᠬᠢᠳᠠᠯ ᠰᠣᠷᠪᠤᠯᠵᠢᠯᠠᠭ᠎ᠠ ᠶᠢᠨ ᠰᠢᠢᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠢ ᠳᠤᠨᠢ ᠬᠤᠷᠢᠶᠠᠩᠭᠤᠶᠢᠯᠠᠵᠤ᠂ ᠡᠯ᠎ᠡ ᠲᠥᠷᠥᠯ ᠤᠨ ᠵᠠᠬᠢᠳᠠᠯ ᠰᠣᠷᠪᠤᠯᠵᠢᠯᠠᠭ᠎ᠠ ᠶᠢᠨ ᠮᠡᠳᠡᠭᠡ ᠵᠠᠩᠭᠢ ᠶᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠠᠯᠪᠠᠨ ᠭᠡᠷ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠪᠤᠰᠤᠳ ᠠᠵᠢᠯ ᠢ ᠰᠢᠢᠳᠪᠦᠷᠢᠯᠡᠨ᠎ᠡ᠃    ᠭᠤᠷᠪᠠ᠂ ᠠᠵᠢᠯᠲᠠᠨ ᠤ ᠣᠷᠣᠨ ᠲᠤᠭ᠎ᠠ ᠵᠢᠴᠢ ᠤᠳᠤᠷᠢᠳᠬᠤ ᠲᠤᠰᠢᠶᠠᠯ ᠤᠨ ᠲᠤᠭ᠎ᠠ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠠᠰᠠᠭ ᠵᠠᠬᠢᠷᠭᠠᠨ ᠤ ᠣᠷᠣᠨ ᠲᠤᠭ᠎ᠠ 18 ᠬᠥᠮᠥᠨ᠃ ᠡᠷᠭᠢᠯᠡᠭᠴᠢ 1᠂ ᠳᠡᠳ᠋ ᠡᠷᠭᠢᠯᠡᠭᠴᠢ 6  ᠪᠣᠢ᠃    ᠳᠥᠷᠪᠡ᠂ ᠠᠵᠢᠯᠯᠠᠬᠤ ᠬᠠᠶ᠋ᠢᠭ᠄ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠡᠮᠦᠨ᠎ᠡ ᠶᠡᠭᠡ ᠵᠡᠭᠡᠯᠢ ᠶᠢᠨ 15 ᠳ᠋ᠤᠭᠠᠷ ᠲᠣᠭᠠᠲᠤ    ᠲᠠᠪᠤ᠂ ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30-12᠄ 00 14᠄ 30-17᠄ 30    ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ᠄ 0471 - 8812203    ᠲᠤᠯᠤᠭ᠎ᠠ᠂ ᠬᠠᠷᠢᠭᠤᠴᠠᠯᠭᠠᠲᠠᠨ᠄ ᠭᠦᠸᠧ ᠵᠢᠶᠠ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号