ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | | | ᠥᠪᠥᠷ ᠵᠠᠰᠠᠭ ᠠᠯᠪᠠᠨ ᠲᠠᠷᠬᠠᠭᠠᠭᠰᠠᠨ ﹇2024﹈ 62 ᠳ᠋ᠤᠭᠠᠷ ᠲᠣᠭᠠᠲᠤ | | | ︽ᠣᠶᠤᠨᠲᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠰᠠᠨᠠᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ | ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠪᠥᠬᠦ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠪᠠ | ᠬᠢᠷᠢ ᠲᠦᠪᠰᠢᠨ ᠢ ᠲᠦᠷᠭᠡᠬᠡᠨ ᠳᠡᠭᠡᠭᠰᠢᠯᠡᠭᠦᠯᠵᠦ᠂ ᠳ᠋ᠢᠭᠢᠲ ᠮᠡᠷᠭᠡᠵᠢᠯ ᠤᠨ ᠰᠢᠨ᠎ᠡ ᠶᠢ ᠡᠭᠦᠳᠦᠭᠰᠡᠨ ᠬᠡᠷᠡᠭᠯᠡᠯᠲᠡ ᠪᠠᠷ | ᠳᠠᠮᠵᠢᠨ ᠲᠤᠬᠠᠶᠢᠯᠠᠭᠰᠠᠨ ᠠᠵᠢᠯ ᠤᠨ ᠴᠤᠪᠤᠷᠠᠯ ᠪᠠ ᠠᠵᠢᠯ ᠤᠨ ᠬᠡᠪ ᠵᠠᠭᠪᠤᠷ ᠲᠤ ᠥᠭᠡᠷᠡᠴᠢᠯᠡᠯᠲᠡ ᠬᠢᠵᠦ ᠰᠢᠨ᠎ᠡ | ᠡᠭᠦᠳᠦᠯᠲᠡ ᠭᠠᠷᠭᠠᠬᠤ ᠶᠢ ᠬᠥᠲᠥᠯᠥᠨ ᠳᠠᠭᠠᠭᠤᠯᠵᠤ᠂ ᠪᠥᠬᠦ ᠣᠷᠣᠨ ᠤ ᠳ᠋ᠢᠬᠢᠲᠴᠢᠯᠡᠭᠰᠡᠨ᠂ ᠣᠶᠤᠨᠴᠢᠯᠠᠭᠰᠠᠨ ᠭᠠᠯ | ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢᠨ ᠲᠣᠭᠲᠠᠯᠴᠠᠭ᠎ᠠ ᠶᠢ ᠪᠠᠶᠢᠭᠤᠯᠬᠤ ᠶᠢᠨ | ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ | ︽ᠣᠶᠤᠨᠲᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠬᠤ ᠲᠤᠬᠠᠢ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ | ᠲᠣᠭᠤᠷᠢᠨ ᠳᠤ ᠴᠢᠩᠭ᠎ᠠ ᠨᠢᠭᠲᠠᠷᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠭᠠᠯ ᠲᠦᠢᠮᠡᠷ ᠰᠡᠷᠭᠡᠶᠢᠯᠡᠨ | ᠤᠨᠲᠠᠷᠠᠭᠠᠬᠤ ᠠᠮᠤᠷ ᠲᠦᠪᠰᠢᠨ ᠤ ᠠᠵᠢᠯ ᠳᠤ ᠬᠦᠴᠦᠨ ᠴᠢᠳᠠᠮᠵᠢ ᠡᠷᠴᠢᠮᠯᠡᠨ᠂ ᠬᠠᠮᠲᠤ ᠪᠠᠷ ᠵᠥᠪᠳᠡᠯᠴᠡᠬᠦ᠂ | ᠬᠠᠮᠲᠤ ᠪᠠᠷ ᠪᠠᠶᠢᠭᠤᠯᠬᠤ᠂ ᠬᠠᠮᠲᠤ ᠳᠤ ᠪᠠᠨ ᠭᠦᠷᠲᠡᠬᠦ ᠪᠠ ᠡᠷᠴᠢᠮᠵᠢᠭᠦᠯᠦᠨ ᠪᠦᠲᠦᠭᠡᠨ ᠪᠠᠶᠢᠭᠤᠯᠬᠤ ᠵᠠᠷᠴᠢᠮ | ᠶᠣᠰᠣᠭᠠᠷ᠂ 3 ᠵᠢᠯ ᠤᠨ ᠴᠠᠭ ᠬᠤᠭᠤᠴᠠᠭ᠎ᠠ ᠶᠢ ᠠᠰᠢᠭᠯᠠᠨ ᠪᠦᠬᠦ ᠣᠷᠣᠨ ᠤ ︽ᠣᠶᠤᠨᠲᠤ ᠭᠠᠯ ᠲᠦᠢᠮᠡᠷ ᠰᠡᠷᠭᠡᠶᠢᠯᠡᠨ | ᠤᠨᠲᠠᠷᠠᠭᠠᠬᠤ︾ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠭᠠᠯ ᠲᠦᠢᠮᠡᠷ ᠢ ᠰᠡᠷᠭᠡᠶᠢᠯᠡᠨ | ᠤᠨᠲᠠᠷᠠᠭᠠᠬᠤ ᠬᠦᠷᠢᠶ᠎ᠡ ᠴᠠᠷᠠᠭᠠᠨ ᠳᠠᠬᠢ ᠲᠣᠮᠣ ᠳ᠋ᠠᠶᠢᠲ᠋ᠠ᠂ ᠪᠣᠳᠠᠰᠯᠢᠭ ᠬᠤᠯᠪᠣᠭᠠᠲᠤ ᠰᠦᠯᠵᠢᠶ᠎ᠡ᠂ ᠵᠣᠬᠢᠶᠠᠮᠠᠯ ᠣᠶᠤᠨ | ᠵᠡᠷᠭᠡ ᠲᠡᠷᠢᠭᠦᠨ ᠤ ᠮᠡᠷᠭᠡᠵᠢᠯ ᠤᠨ ᠬᠡᠷᠡᠭᠯᠡᠯᠲᠡ ᠶᠢ ᠴᠢᠩᠭᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠢᠶᠠᠷ ᠳᠠᠮᠵᠢᠭᠤᠯᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ | ᠲᠠᠪᠴᠠᠩ ᠤᠨ ᠳ᠋ᠠᠶᠢᠲ᠋ᠠ ᠶᠢ ᠬᠤᠷᠠᠮᠳᠤᠭᠤᠯᠬᠤ ᠪᠠ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠣᠮᠣ ᠳ᠋ᠠᠶᠢᠲ᠋ᠠ ᠶᠢᠨ | ᠲᠠᠪᠴᠠᠩ ᠢᠶᠠᠷ ᠳᠠᠮᠵᠢᠭᠤᠯᠤᠨ ᠢᠨᠲ᠋ᠧᠷ ᠰᠦᠯᠵᠢᠶ᠎ᠡ᠂ ᠪᠣᠳᠠᠰᠯᠢᠭ ᠬᠤᠯᠪᠣᠭᠠᠲᠤ ᠰᠦᠯᠵᠢᠶᠡᠨ ᠤ ᠳ᠋ᠠᠶᠢᠲ᠋ᠠ ᠶᠢᠨ ᠡᠬᠢ | ᠪᠠᠶᠠᠯᠢᠭ ᠢ ᠬᠤᠷᠠᠮᠳᠤᠭᠤᠯᠵᠤ᠂ ᠭᠠᠯ ᠲᠦᠢᠮᠡᠷ ᠤᠨᠲᠠᠷᠠᠭᠠᠵᠤ ᠠᠪᠤᠷᠠᠨ ᠲᠤᠰᠠᠯᠠᠬᠤ ᠮᠡᠳᠡᠭᠡ ᠵᠠᠩᠭᠢ ᠶᠢᠨ | ᠰᠢᠰᠲ᠋ᠧᠮ ᠢ ᠪᠦᠳᠦᠮᠵᠢᠳᠡᠢ ᠡᠮᠬᠢᠯᠡᠨ ᠨᠡᠶᠢᠯᠡᠭᠦᠯᠵᠦ᠂ ᠭᠠᠯ ᠲᠦᠢᠮᠡᠷ ᠤᠨ ᠲᠦᠭᠰᠢᠭᠦᠷᠢ ᠶᠢ ᠦᠨᠡᠯᠡᠨ ᠵᠢᠱᠢᠬᠦ | ᠣᠶᠤᠨᠲᠤ ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠤᠨ᠂ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠮᠤᠷ | ᠲᠦᠪᠰᠢᠨ ᠢ ᠬᠠᠮᠠᠭᠠᠯᠠᠬᠤ ᠲᠤᠰᠬᠠᠢ ᠰᠡᠳᠦᠪᠲᠦ ᠳ᠋ᠠᠶᠢᠲ᠋ᠠ ᠬᠥᠮᠥᠷᠭᠡ ᠶᠢ ᠴᠣᠭᠴᠠᠯᠠᠨ ᠪᠠᠶᠢᠭᠤᠯᠵᠤ᠂ ᠳ᠋ᠠᠶᠢᠲ᠋ᠠ ᠪᠠᠷ | ᠵᠠᠰᠠᠬᠤ᠂ ᠬᠤᠯᠪᠣᠯᠳᠤᠭᠤᠯᠤᠨ ᠠᠭᠤᠰᠤᠯᠴᠠᠭᠤᠯᠬᠤ ᠪᠠ ᠭᠤᠣᠯᠯᠠᠬᠤ ᠲᠤᠬᠠᠶᠢᠯᠠᠭᠰᠠᠨ ᠠᠵᠢᠯ ᠤᠨ ᠳ᠋ᠠᠶᠢᠲ᠋ᠠ ᠶᠢ | ᠨᠠᠷᠢᠯᠢᠭᠵᠢᠭᠤᠯᠬᠤ ᠪᠠᠨ ᠠᠬᠢᠭᠤᠯᠵᠤ᠂ ᠭᠠᠯ ᠲᠦᠢᠮᠡᠷ ᠰᠡᠷᠭᠡᠶᠢᠯᠡᠬᠦ᠂ ᠭᠠᠯ ᠲᠦᠢᠮᠡᠷ ᠤᠨᠲᠠᠷᠠᠭᠠᠬᠤ ᠪᠦᠷᠢᠨ ᠵᠠᠩᠭᠢ ᠶᠢᠨ | ᠳ᠋ᠠᠶᠢᠲ᠋ᠠ ᠶᠢ ᠴᠠᠭ ᠲᠤᠬᠠᠢ ᠳᠤ ᠨᠢ ᠬᠤᠷᠠᠮᠳᠤᠭᠤᠯᠬᠤ ᠪᠠ ᠨᠢᠭᠡᠳᠦᠯᠲᠡᠢ ᠠᠰᠢᠭᠯᠠᠬᠤ ᠶᠢ ᠪᠡᠶᠡᠯᠡᠭᠦᠯᠦᠨ᠂ ᠭᠠᠯ ᠲᠦᠢᠮᠡᠷ | ᠰᠡᠷᠭᠡᠶᠢᠯᠡᠨ ᠤᠨᠲᠠᠷᠠᠭᠠᠵᠤ ᠠᠮᠤᠷ ᠲᠦᠪᠰᠢᠨ ᠢ ᠬᠠᠮᠠᠭᠠᠯᠠᠬᠤ ᠵᠠᠰᠠᠯᠲᠠ ᠶᠢᠨ ᠬᠡᠪ ᠵᠠᠭᠪᠤᠷ ᠤᠨ ᠲᠠᠯ᠎ᠠ ᠪᠠᠷ ︽ᠬᠡᠷᠡᠭ | ᠤᠴᠢᠷ ᠡᠭᠦᠰᠬᠦ ᠠᠴᠠ ᠡᠮᠦᠨ᠎ᠡ ᠰᠡᠷᠭᠡᠶᠢᠯᠡᠬᠦ︾ ᠲᠡᠶᠢᠰᠢ ᠬᠡᠯᠪᠡᠷᠢ ᠪᠠᠨ ᠬᠤᠪᠢᠷᠠᠭᠠᠬᠤ ᠶᠢ ᠠᠬᠢᠭᠤᠯᠤᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠬᠤᠳᠠ ᠶᠢᠨ ᠭᠠᠯ ᠲᠦᠢᠮᠡᠷ ᠢ ᠰᠡᠷᠭᠡᠶᠢᠯᠡᠨ ᠡᠵᠡᠮᠳᠡᠬᠦ ᠣᠶᠤᠨᠴᠢ ᠲᠠᠪᠴᠠᠩ ᠢ ᠪᠦᠲᠦᠭᠡᠨ ᠪᠠᠶᠢᠭᠤᠯᠤᠨ᠎ᠠ | 1. ᠭᠠᠯ ᠲᠦᠢᠮᠡᠷ ᠤᠨ ᠲᠦᠭᠰᠢᠭᠦᠷᠢ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ ᠢ ᠪᠦᠲᠦᠭᠡᠨ | ᠪᠠᠶᠢᠭᠤᠯᠤᠨ᠎ᠠ᠃ ᠭᠠᠯ ᠲᠦᠢᠮᠡᠷ᠂ ᠨᠢᠭᠡᠴᠢ᠂ ᠪᠠᠷᠢᠯᠭ᠎ᠠ᠂ ᠭᠠᠵᠠᠷ ᠵᠦᠢ ᠶᠢᠨ ᠮᠡᠳᠡᠭᠡ ᠵᠠᠩᠭᠢ᠂ ᠬᠢᠨᠠᠯᠲᠠ ᠲᠠᠯᠪᠢᠵᠤ | ᠪᠠᠶᠢᠴᠠᠭᠠᠬᠤ᠂ ᠨᠢᠭᠡᠴᠢ ᠠᠴᠠ ᠲᠣᠭᠤᠷᠢᠨ ᠪᠠᠶᠢᠴᠠᠭᠠᠬᠤ᠂ ᠬᠡᠮ ᠰᠣᠭᠤᠭ ᠵᠢᠴᠢ ᠴᠡᠭᠴᠡᠯᠡᠨ ᠰᠠᠶᠢᠵᠢᠷᠠᠭᠤᠯᠬᠤ᠂ ᠭᠠᠯ | ᠲᠦᠢᠮᠡᠷ ᠰᠡᠷᠭᠡᠶᠢᠯᠡᠨ ᠤᠨᠲᠠᠷᠠᠭᠠᠬᠤ ᠪᠣᠳᠠᠰᠯᠢᠭ ᠬᠤᠯᠪᠣᠭᠠᠲᠤ ᠰᠦᠯᠵᠢᠶ᠎ᠡ ᠵᠡᠷᠭᠡ ᠶᠢ ᠪᠠᠭᠲᠠᠭᠠᠭᠰᠠᠨ ᠳᠣᠲᠣᠷ ᠭᠠᠳᠠᠷ | ᠲᠠᠯ᠎ᠠ ᠶᠢᠨ ᠤᠯᠠᠨ ᠡᠬᠢᠲᠦ ᠲᠤᠬᠠᠶᠢᠯᠠᠭᠰᠠᠨ ᠠᠵᠢᠯ ᠤᠨ ᠳ᠋ᠠᠶᠢᠲ᠋ᠠ ᠶᠢ ᠬᠤᠷᠠᠮᠳᠤᠭᠤᠯᠤᠨ᠂ ᠮᠠᠰᠢᠨ ᠢᠶᠠᠷ | ᠰᠣᠷᠣᠯᠴᠠᠭᠤᠯᠬᠤ ᠵᠢᠴᠢ ᠵᠣᠬᠢᠶᠠᠮᠠᠯ ᠤᠶᠤᠨ ᠤ ᠮᠡᠷᠭᠡᠵᠢᠯ ᠢ ᠠᠰᠢᠭᠯᠠᠵᠤ ᠪᠠᠶᠢᠭᠠᠳ ᠨᠢᠭᠡᠴᠢ ᠶᠢᠨ ᠪᠠᠷᠢᠯᠭ᠎ᠠ ᠶᠢᠨ ᠭᠠᠯ | ᠲᠦᠢᠮᠡᠷ ᠤᠨ ᠲᠦᠭᠰᠢᠭᠦᠷᠢ ᠶᠢ ᠦᠨᠡᠯᠡᠨ ᠵᠢᠱᠢᠬᠦ ᠵᠠᠭᠪᠤᠷ ᠵᠢᠴᠢ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ | ᠭᠠᠯ ᠲᠦᠢᠮᠡᠷ ᠤᠨ ᠲᠦᠭᠰᠢᠭᠦᠷᠢ ᠶᠢ ᠦᠨᠡᠯᠡᠨ ᠵᠢᠱᠢᠬᠦ ᠵᠠᠭᠪᠤᠷ ᠲᠤ ᠰᠤᠷᠭᠠᠭᠤᠯᠢᠯᠠᠯ ᠬᠢᠵᠦ᠂ ᠲᠦᠭᠰᠢᠭᠦᠷᠢ ᠶᠢ | ᠬᠥᠳᠡᠯᠦᠩᠭᠦᠢ ᠦᠨᠡᠯᠡᠨ ᠵᠢᠱᠢᠬᠦ᠂ ᠤᠨᠤᠪᠴᠢᠳᠠᠢ ᠰᠡᠷᠡᠮᠵᠢᠯᠡᠬᠦᠯᠬᠦ ᠠᠵᠢᠯ ᠢ ᠥᠷᠨᠢᠭᠦᠯᠦᠨ᠂ ︽ᠬᠤᠶᠠᠷ ᠢ ᠲᠠᠰᠢᠷᠠᠮ ᠢᠶᠠᠷ | ᠰᠤᠭᠤᠴᠢᠵᠤ ᠨᠢᠭᠡ ᠶᠢ ᠢᠯᠡ ᠪᠣᠯᠭᠠᠬᠤ︾ ᠰᠢᠰᠲ᠋ᠧᠮ ᠲᠠᠢ ᠵᠣᠯᠭᠠᠭᠤᠯᠵᠤ᠂ ᠨᠡᠶᠢᠭᠡᠮ ᠤᠨ ᠨᠢᠭᠡᠴᠢ ᠶᠢ ᠰᠤᠭᠤᠴᠢᠨ | ᠪᠠᠶᠢᠴᠠᠭᠠᠬᠤ ᠬᠠᠷᠢᠴᠠᠯ ᠪᠠ ᠪᠠᠶᠢᠴᠠᠭᠠᠬᠤ ᠤᠳᠠᠭ᠎ᠠ ᠳᠠᠷᠠᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠭᠠᠯ | ᠲᠦᠢᠮᠡᠷ ᠢ ᠰᠡᠷᠭᠡᠶᠢᠯᠡᠨ ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢᠨ ᠬᠦᠴᠦᠨ ᠢ ᠬᠥᠲᠥᠯᠥᠨ ᠵᠢᠯᠤᠭᠤᠳᠴᠤ | ᠪᠠᠶᠢᠭᠠᠳ ᠭᠠᠯ ᠲᠦᠢᠮᠡᠷ ᠤᠨ ᠲᠦᠭᠰᠢᠭᠦᠷᠢ ᠶᠡᠬᠡᠲᠡᠢ ᠲᠠᠯᠠᠪᠤᠷ ᠭᠠᠵᠠᠷ ᠲᠤ ᠠᠩᠬᠠᠷᠤᠯ ᠲᠥᠪᠯᠡᠷᠡᠭᠦᠯᠵᠦ᠂ ᠮᠡᠳᠡᠭᠡ | ᠵᠠᠩᠭᠢ ᠨᠡᠶᠢᠲᠡᠯᠡᠬᠦ ᠪᠠᠷᠢᠮᠵᠢᠶᠠᠵᠢᠭᠤᠯᠤᠭᠰᠠᠨ ᠵᠠᠯᠭᠠᠭᠠᠰᠤ ᠬᠠᠩᠭᠠᠨ᠂ ᠠᠵᠢᠯ ᠲᠥᠷᠥᠯ ᠤᠨ ᠰᠠᠯᠠᠭ᠎ᠠ ᠮᠥᠴᠢᠷ ᠵᠢᠴᠢ | ᠦᠨᠳᠦᠰᠦᠨ ᠱᠠᠲᠤᠨ ᠤ ᠵᠠᠰᠠᠭ ᠤᠨ ᠣᠷᠳᠣᠨ ᠤ ᠬᠠᠨᠳᠤᠯᠭᠠᠲᠤ ᠴᠢᠨᠠᠷᠲᠠᠢ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢ ᠰᠢᠯᠢᠳᠡᠭᠵᠢᠭᠦᠯᠦᠨ᠎ᠡ᠃ 2026 ᠣᠨ ᠤ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ | ᠣᠷᠣᠨ ᠤ ᠲᠣᠮᠣ ᠳ᠋ᠠᠶᠢᠲ᠋ᠠ ᠶᠢᠨ ᠭᠠᠯ ᠲᠦᠢᠮᠡᠷ ᠤᠨ ᠲᠦᠭᠰᠢᠭᠦᠷᠢ ᠶᠢ ᠬᠢᠨᠠᠨ ᠰᠢᠨᠵᠢᠵᠦ ᠰᠡᠷᠡᠮᠵᠢᠯᠡᠭᠦᠯᠬᠦ | ᠰᠢᠰᠲ᠋ᠧᠮ ᠤᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠭᠤᠣᠯᠳᠠᠯᠭ᠎ᠠ ᠪᠣᠯᠬᠤ ᠬᠤᠲᠠ | ︵ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ︶ ᠨᠤᠭᠤᠳ ᠲᠤ | ᠭᠠᠯ ᠲᠦᠢᠮᠡᠷ ᠤᠨ ᠲᠦᠭᠰᠢᠭᠦᠷᠢ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ ᠤᠨ ᠬᠠᠮᠢᠶ᠎ᠠ ᠪᠦᠬᠦᠢ ᠳ᠋ᠠᠶᠢᠲ᠋ᠠ ᠶᠢ | ᠵᠠᠯᠭᠠᠨ ᠣᠷᠣᠭᠤᠯᠬᠤ ᠶᠢᠨ ᠬᠠᠮᠲᠤ ᠳᠡᠯᠭᠡᠷᠡᠭᠦᠯᠦᠨ ᠬᠡᠷᠡᠭᠯᠡᠬᠦ ᠠᠵᠢᠯ ᠢ ᠥᠷᠨᠢᠭᠦᠯᠦᠨ᠎ᠡ︔ 2027 ᠣᠨ ᠤ | ᠰᠡᠭᠦᠯᠴᠢ ᠠᠴᠠ ᠡᠮᠦᠨ᠎ᠡ ᠪᠤᠰᠤᠳ ᠠᠶᠢᠮᠠᠭ ᠬᠤᠲᠠ ᠨᠤᠭᠤᠳ ᠲᠤ ᠵᠠᠯᠭᠠᠵᠤ ᠣᠷᠣᠭᠤᠯᠬᠤ ᠠᠵᠢᠯ ᠢᠶᠠᠨ | ᠪᠡᠶᠡᠯᠡᠭᠦᠯᠦᠨ᠎ᠡ᠃ | 2. ᠨᠡᠶᠢᠭᠡᠮ ᠤᠨ ᠨᠢᠭᠡᠴᠢ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠮᠤᠷ ᠲᠦᠪᠰᠢᠨ ᠢ ᠬᠠᠮᠠᠭᠠᠯᠠᠬᠤ | ᠡᠵᠡ ᠮᠡᠳᠡᠭᠰᠡᠨ ᠬᠠᠮᠢᠶᠠᠷᠤᠯᠲᠠ ᠶᠢᠨ ᠰᠢᠰᠲ᠋ᠧᠮ ᠢ ᠪᠦᠲᠦᠭᠡᠨ ᠪᠠᠶᠢᠭᠤᠯᠤᠨ᠎ᠠ᠃ ᠨᠡᠶᠢᠭᠡᠮ ᠤᠨ ᠨᠢᠭᠡᠴᠢ ᠶᠢᠨ ᠭᠠᠯ | ᠲᠦᠢᠮᠡᠷ ᠰᠡᠷᠭᠡᠶᠢᠯᠡᠨ ᠤᠨᠲᠠᠷᠠᠭᠠᠵᠤ ᠠᠮᠤᠷ ᠲᠦᠪᠰᠢᠨ ᠢ ᠬᠠᠮᠠᠭᠠᠯᠠᠬᠤ ᠡᠵᠡ ᠮᠡᠳᠡᠭᠰᠡᠨ ᠬᠠᠮᠢᠶᠠᠷᠤᠯᠲᠠ ᠶᠢᠨ | ᠰᠢᠰᠲ᠋ᠧᠮ ᠢ ᠰᠤᠳᠤᠯᠤᠨ ᠨᠡᠭᠡᠭᠡᠵᠦ᠂ ᠡᠳᠦᠷ ᠲᠤᠲᠤᠮ ᠤᠨ ᠪᠣᠯᠪᠠᠰᠤᠷᠠᠯ ᠰᠣᠷᠢᠯᠲᠠ᠂ ᠭᠠᠯ ᠲᠦᠢᠮᠡᠷ ᠤᠨ ᠬᠡᠷᠡᠭ ᠤᠨ | ᠵᠢᠱᠢᠶ᠎ᠡ ᠶᠢ ᠬᠠᠨᠳᠤᠯᠭ᠎ᠠ ᠲᠠᠢ ᠪᠠᠷ ᠳᠠᠮᠵᠢᠭᠤᠯᠤᠨ ᠬᠦᠷᠭᠡᠬᠦ ᠵᠡᠷᠭᠡ ᠦᠢᠯᠡᠳᠦᠯ ᠴᠢᠳᠠᠮᠵᠢ ᠶᠢ ᠨᠢ ᠳᠡᠮᠵᠢᠵᠦ᠂ | ᠨᠢᠭᠡᠴᠢ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠬᠠᠮᠢᠶᠠᠷᠤᠯᠲᠠ ᠶᠢᠨ ᠠᠵᠢᠯᠲᠠᠨ ᠳᠤ ᠦᠨᠡᠨ ᠨᠡᠷ᠎ᠡ ᠶᠢᠨ | ᠳᠦᠷᠢᠮ ᠢᠶᠠᠷ ᠬᠠᠮᠢᠶᠠᠷᠤᠯᠲᠠ ᠬᠢᠬᠦ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ | ᠪᠠᠶᠢᠴᠠᠭᠠᠯᠲᠠ ᠶᠢᠨ ᠠᠭᠤᠯᠭ᠎ᠠ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠨᠢᠭᠡᠴᠢ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠵᠢᠷᠤᠮᠵᠢᠭᠤᠯᠬᠤ ᠪᠠ | ᠨᠠᠷᠢᠯᠢᠭᠵᠢᠭᠤᠯᠬᠤ ᠬᠢᠷᠢ ᠲᠦᠪᠰᠢᠨ ᠢ ᠨᠢ ᠳᠡᠭᠡᠭᠰᠢᠯᠡᠭᠦᠯᠬᠦ ᠶᠢᠨ ᠬᠠᠮᠲᠤ᠂ ᠨᠡᠶᠢᠭᠡᠮ ᠤᠨ ᠨᠢᠭᠡᠴᠢ ᠶᠢᠨ ᠭᠠᠯ ᠲᠦᠢᠮᠡᠷ | ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠡᠵᠡ ᠮᠡᠳᠡᠭᠰᠡᠨ ᠬᠠᠮᠢᠶᠠᠷᠤᠯᠲᠠ ᠶᠢᠨ ᠰᠢᠰᠲ᠋ᠧᠮ ᠢ ᠭᠠᠯ ᠲᠦᠢᠮᠡᠷ | ᠰᠡᠷᠭᠡᠶᠢᠯᠡᠨ ᠤᠨᠲᠠᠷᠠᠭᠠᠬᠤ ᠪᠣᠳᠠᠰᠯᠢᠭ ᠬᠤᠯᠪᠣᠭᠠᠲᠤ ᠰᠦᠯᠵᠢᠶᠡᠨ ᠤ ᠰᠢᠰᠲ᠋ᠧᠮ ᠯᠦᠭᠡ ᠵᠣᠯᠭᠠᠭᠤᠯᠬᠤ ᠶᠢ | ᠪᠡᠶᠡᠯᠡᠭᠦᠯᠵᠦ᠂ ᠬᠥᠮᠥᠨ ᠪᠠ ᠮᠡᠷᠭᠡᠵᠢᠯ ᠢᠶᠠᠷ ᠰᠡᠷᠭᠡᠶᠢᠯᠡᠬᠦ ᠶᠢᠨ ᠣᠷᠭᠠᠨᠢᠭ ᠨᠢᠭᠡᠳᠦᠯ ᠢ ᠪᠦᠷᠢᠯᠳᠦᠭᠦᠯᠦᠨ᠂ ᠨᠡᠶᠢᠭᠡᠮ ᠤᠨ | ᠨᠢᠭᠡᠴᠢ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠩ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ 2026 ᠣᠨ ᠤ ᠰᠡᠭᠦᠯᠴᠢ ᠠᠴᠠ | ᠡᠮᠦᠨ᠎ᠡ ᠥᠪᠡᠷᠲᠡᠭᠡᠨ ᠵᠠᠰᠠᠬᠤ ᠣᠷᠣᠨ ᠤ ᠬᠢᠨ ᠨᠡᠶᠢᠭᠡᠮ ᠤᠨ ᠨᠢᠭᠡᠴᠢ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ | ᠠᠮᠤᠷ ᠲᠦᠪᠰᠢᠨ ᠤ ᠡᠵᠡ ᠮᠡᠳᠡᠭᠰᠡᠨ ᠬᠠᠮᠢᠶᠠᠷᠤᠯᠲᠠ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠬᠦ ᠶᠢᠨ ᠬᠠᠮᠲᠤ᠂ ᠪᠥᠬᠦ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ | ᠭᠤᠣᠯᠳᠠᠯᠭ᠎ᠠ ᠪᠣᠯᠬᠤ ᠨᠢᠭᠡᠴᠢ ᠳᠤ ᠳᠡᠯᠭᠡᠷᠡᠭᠦᠯᠦᠨ ᠬᠡᠷᠡᠭᠯᠡᠵᠦ᠂ 2027 ᠣᠨ ᠤ ᠰᠡᠭᠦᠯᠴᠢ ᠠᠴᠠ ᠡᠮᠦᠨ᠎ᠡ ᠪᠥᠬᠦ | ᠣᠷᠣᠨ ᠤ 10 ᠲᠦᠮᠡ ᠭᠠᠷᠤᠢ ᠨᠡᠶᠢᠭᠡᠮ ᠤᠨ ᠨᠢᠭᠡᠴᠢ ᠶᠢ ᠰᠢᠰᠲ᠋ᠧᠮ ᠳᠤ ᠵᠠᠯᠭᠠᠨ ᠣᠷᠣᠭᠤᠯᠬᠤ ᠪᠠᠷ ᠬᠦᠴᠦᠯᠡᠨ | ᠴᠢᠷᠮᠠᠶᠢᠨ᠎ᠠ᠃ | 3. ᠬᠤᠲᠠ ᠬᠥᠳᠡᠭᠡ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠣᠳᠠᠰᠯᠢᠭ ᠬᠤᠯᠪᠣᠭᠠᠲᠤ ᠰᠦᠯᠵᠢᠶᠡᠨ ᠤ | ᠳ᠋ᠠᠶᠢᠲ᠋ᠠ ᠶᠢ ᠵᠠᠯᠭᠠᠨ ᠣᠷᠣᠭᠤᠯᠬᠤ ᠲᠠᠪᠴᠠᠩ ᠢ ᠪᠦᠲᠦᠭᠡᠨ ᠪᠠᠶᠢᠭᠤᠯᠤᠨ᠎ᠠ᠃ 2026 ᠣᠨ ᠤ ᠰᠡᠭᠦᠯᠴᠢ ᠠᠴᠠ | ᠡᠮᠦᠨ᠎ᠡ ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠣᠳᠠᠰᠯᠢᠭ ᠬᠤᠯᠪᠣᠭᠠᠲᠤ | ᠰᠦᠯᠵᠢᠶᠡᠨ ᠤ ᠳ᠋ᠠᠶᠢᠲ᠋ᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠭᠠᠯ ᠲᠦᠢᠮᠡᠷ | ᠰᠡᠷᠭᠡᠶᠢᠯᠡᠨ ᠤᠨᠲᠠᠷᠠᠭᠠᠬᠤ ᠪᠣᠳᠠᠰᠯᠢᠭ ᠬᠤᠯᠪᠣᠭᠠᠲᠤ ᠰᠦᠯᠵᠢᠶᠡᠨ ᠤ ᠳ᠋ᠠᠶᠢᠲ᠋ᠠ ᠶᠢ ᠵᠠᠯᠭᠠᠨ ᠣᠷᠣᠭᠤᠯᠬᠤ | ᠪᠠᠷᠢᠮᠵᠢᠶ᠎ᠠ ᠪᠠᠨ ᠵᠢᠷᠤᠮᠵᠢᠭᠤᠯᠵᠤ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠣᠳᠠᠰᠯᠢᠭ ᠬᠤᠯᠪᠣᠭᠠᠲᠤ ᠰᠦᠯᠵᠢᠶᠡᠨ ᠤ | ᠳ᠋ᠠᠶᠢᠲ᠋ᠠ ᠶᠢ ᠠᠭᠤᠰᠤᠯᠴᠠᠭᠤᠯᠤᠨ ᠬᠠᠮᠲᠤ ᠳᠤ ᠪᠠᠨ ᠭᠥᠷᠳᠡᠬᠦ᠂ ᠬᠤᠣᠰ ᠴᠢᠭᠯᠡᠯ ᠢᠶᠠᠷ ᠬᠦᠴᠦᠨ ᠴᠢᠳᠠᠮᠵᠢ | ᠡᠷᠴᠢᠮᠯᠡᠬᠦ ᠶᠢ ᠠᠬᠢᠭᠤᠯᠤᠨ ᠪᠡᠶᠡᠯᠡᠭᠦᠯᠵᠦ᠂ ᠬᠤᠲᠠ ᠶᠢᠨ ᠭᠠᠯ ᠲᠦᠢᠮᠡᠷ ᠢ ᠰᠡᠷᠭᠡᠶᠢᠯᠡᠨ ᠡᠵᠡᠮᠳᠡᠬᠦ᠂ ᠭᠠᠯ ᠲᠦᠢᠮᠡᠷ | ᠤᠨᠲᠠᠷᠠᠭᠠᠵᠤ ᠠᠪᠤᠷᠠᠨ ᠲᠤᠰᠠᠯᠠᠬᠤ ᠠᠵᠢᠯ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠥᠨᠳᠥᠷ ᠳᠠᠪᠬᠤᠷᠭᠠᠲᠤ | ᠣᠯᠠᠨ ᠨᠡᠶᠢᠲᠡ ᠶᠢᠨ ᠪᠠᠷᠢᠯᠭ᠎ᠠ᠂ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠬᠢᠮᠢ ᠶᠢᠨ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠤᠳᠠᠯᠳᠤᠭᠠᠨ ᠤ ᠶᠠᠪᠤᠳᠠᠯ ᠤᠨ ᠠᠰᠠᠷ ᠲᠠᠭᠲᠤ᠂ ᠠᠵᠤ | ᠦᠢᠯᠡᠰ ᠤᠨ ᠬᠦᠷᠢᠶᠡᠯᠡᠩ ᠲᠣᠭᠤᠷᠢᠭ ᠵᠢᠴᠢ ᠡᠮᠴᠢᠯᠡᠭᠡ᠂ ᠨᠠᠰᠤᠵᠢᠯ ᠤᠨ ᠠᠰᠠᠷᠠᠮᠵᠢ᠂ ᠰᠤᠷᠭᠠᠭᠤᠯᠢ ᠵᠡᠷᠭᠡ ᠬᠥᠮᠥᠨ | ᠬᠠᠷ᠎ᠠ ᠨᠢᠭᠲᠠᠷᠠᠭᠰᠠᠨ ᠲᠠᠯᠠᠪᠤᠷ ᠭᠠᠵᠠᠷ ᠤᠨ ᠪᠠᠷᠢᠯᠭ᠎ᠠ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ | ᠪᠡᠯᠡᠳᠬᠡᠮᠵᠢ ᠶᠢᠨ ᠮᠡᠳᠡᠭᠡ ᠵᠠᠩᠭᠢ ᠶᠢ ᠤᠷᠢᠳ ᠢᠶᠠᠷ ᠵᠠᠯᠭᠠᠨ ᠣᠷᠣᠭᠤᠯᠵᠤ᠂ ᠡᠵᠡᠮᠳᠡᠯ ᠤᠨ ᠲᠠᠰᠤᠭ ᠤᠨ ᠵᠢᠵᠢᠭᠦᠷᠯᠡᠬᠦ | ᠲᠣᠭᠲᠠᠭᠠᠯ ᠢ ᠢᠵᠢ ᠪᠦᠷᠢᠳᠦᠭᠦᠯᠵᠦ ᠰᠢᠯᠢᠳᠡᠭᠵᠢᠭᠦᠯᠦᠨ ᠲᠣᠭᠲᠠᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ | ᠨᠡᠶᠢᠭᠡᠮ ᠤᠨ ᠨᠢᠭᠡᠴᠢ ᠶᠢᠨ ᠪᠠᠷᠢᠯᠭ᠎ᠠ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠡᠯᠡᠳᠬᠡᠮᠵᠢ ᠶᠢᠨ ᠪᠣᠳᠠᠰᠯᠢᠭ | ᠬᠤᠯᠪᠣᠭᠠᠲᠤ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠤᠨ᠎ᠠ︔ ᠬᠤᠲᠠ ᠪᠠᠯᠭᠠᠰᠤᠨ ᠤ | ᠭᠤᠣᠨᠢ ᠭᠠᠭᠴᠠᠭᠠᠷ ᠰᠠᠭᠤᠭ᠎ᠠ ᠨᠠᠰᠤᠲᠠᠶᠢᠴᠤᠳ ᠲᠤ ᠢᠨᠲ᠋ᠧᠷ ᠰᠦᠯᠵᠢᠶᠡᠨ ᠳᠤ ᠬᠤᠯᠪᠣᠭᠰᠠᠨ ᠬᠡᠯᠪᠡᠷᠢ ᠪᠦᠬᠦᠢ | ᠣᠲᠤᠭ᠎ᠠ ᠮᠡᠳᠡᠷᠡᠵᠦ ᠭᠠᠯ ᠲᠦᠢᠮᠡᠷ ᠤᠨ ᠲᠦᠭᠰᠢᠭᠦᠷᠢ ᠮᠡᠳᠡᠭᠡᠯᠡᠬᠦ ᠲᠤᠰᠠᠭᠠᠷ ᠮᠠᠰᠢᠨ ᠤᠭᠰᠠᠷᠠᠨ ᠥᠭᠴᠦ᠂ ᠬᠤᠲᠠ | ᠪᠠᠯᠭᠠᠰᠤ ᠵᠢᠴᠢ ᠲᠠᠷᠢᠶᠠᠯᠠᠬᠤ ᠮᠠᠯᠵᠢᠬᠤ ᠣᠷᠣᠨ ᠤ ᠰᠠᠭᠤᠭᠠᠯᠢ ᠠᠷᠠᠳ ᠤᠨ ᠣᠷᠣᠨ ᠰᠠᠭᠤᠴᠠ ᠳᠤ ᠣᠲᠤᠭ᠎ᠠ | ᠮᠡᠳᠡᠷᠡᠬᠦ ᠲᠤᠰᠠᠭᠠᠷ ᠮᠠᠶ᠋ᠢᠭ ᠤᠨ ᠣᠶᠤᠨᠴᠢ ᠬᠠᠶᠢᠭᠤᠷ ᠪᠤᠶᠤ ᠠᠯᠤᠰ ᠠᠴᠠ ᠬᠢᠨᠠᠨ ᠡᠵᠡᠮᠳᠡᠵᠦ ᠪᠣᠯᠬᠤ ᠰᠡᠭᠦᠳᠡᠷᠯᠡᠬᠦ | ᠮᠠᠰᠢᠨ ᠤᠭᠰᠠᠷᠠᠵᠤ ᠥᠭᠬᠦ ᠶᠢ ᠠᠬᠢᠭᠤᠯᠤᠨ᠎ᠠ᠃ 2026 ᠣᠨ ᠤ ᠰᠡᠭᠦᠯᠴᠢ ᠠᠴᠠ ᠡᠮᠦᠨ᠎ᠡ᠂ ᠭᠤᠣᠯᠳᠠᠯᠭ᠎ᠠ ᠪᠣᠯᠬᠤ | ᠬᠤᠲᠠ ︵ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ︶ | ᠨᠤᠭᠤᠳ ᠲᠤ ᠬᠤᠲᠠ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠣᠳᠠᠰᠯᠢᠭ ᠬᠤᠯᠪᠣᠭᠠᠲᠤ ᠰᠦᠯᠵᠢᠶᠡᠨ ᠤ | ᠳ᠋ᠠᠶᠢᠲ᠋ᠠ ᠶᠢ ᠵᠠᠯᠭᠠᠨ ᠣᠷᠣᠭᠤᠯᠬᠤ ᠠᠵᠢᠯ ᠢᠶᠠᠨ ᠪᠡᠶᠡᠯᠡᠭᠦᠯᠦᠨ᠎ᠡ︔ 2027 ᠣᠨ ᠤ ᠰᠡᠭᠦᠯᠴᠢ ᠠᠴᠠ ᠡᠮᠦᠨ᠎ᠡ | ᠪᠤᠰᠤᠳ ᠠᠶᠢᠮᠠᠭ ᠬᠤᠲᠠ ᠨᠤᠭᠤᠳ ᠲᠤ ᠵᠠᠯᠭᠠᠵᠤ ᠣᠷᠣᠭᠤᠯᠬᠤ ᠠᠵᠢᠯ ᠢᠶᠠᠨ ᠪᠡᠶᠡᠯᠡᠭᠦᠯᠦᠨ᠎ᠡ᠃ | ︵ᠬᠤᠶᠠᠷ︶ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠣᠶᠤᠨᠴᠢ ᠵᠢᠯᠣᠭᠤᠳᠤᠨ | ᠲᠣᠬᠢᠷᠠᠭᠤᠯᠬᠤ ᠲᠠᠪᠴᠠᠩ ᠢ ᠲᠡᠰ ᠳᠡᠪᠰᠢᠭᠦᠯᠦᠨ ᠥᠭᠡᠷᠡᠴᠢᠯᠡᠨ ᠰᠢᠨᠡᠳᠬᠡᠨ᠎ᠡ | 1. ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠳ᠋ᠢᠬᠢᠲ ᠢᠬᠢᠷ᠎ᠡ ᠲᠦᠰᠦᠬᠡᠳᠦᠯᠭᠡ᠂ ᠰᠢᠯᠵᠢᠭᠡ ᠢᠨᠲ᠋ᠧᠷ ᠰᠦᠯᠵᠢᠶ᠎ᠡ | ᠵᠡᠷᠭᠡ ᠮᠡᠷᠭᠡᠵᠢᠯ ᠢ ᠭᠦᠢᠴᠡᠳ ᠬᠡᠷᠡᠭᠯᠡᠨ᠂ ᠣᠲᠣ ᠶᠢᠨ ᠪᠠᠶᠢᠭ᠎ᠠ ᠲᠠᠪᠴᠠᠩ ᠢᠶᠠᠨ ᠲᠠᠰ ᠳᠡᠪᠰᠢᠭᠦᠯᠵᠦ ᠥᠭᠡᠷᠡᠴᠢᠯᠡᠨ | ᠰᠢᠨᠡᠳᠬᠡᠵᠦ᠂ ᠪᠥᠬᠦ ᠣᠷᠣᠨ ᠤ ᠣᠳᠣᠬᠢᠴᠢᠯᠠᠭᠰᠠᠨ 119 ᠵᠢᠯᠤᠭᠤᠳᠬᠤ ᠲᠥᠪ ᠢ ᠴᠣᠭᠴᠠᠯᠠᠨ ᠪᠠᠶᠢᠭᠤᠯᠵᠤ᠂ | ᠴᠠᠭᠳᠠᠭᠠᠨ ᠤ ᠪᠠᠶᠢᠳᠠᠯ ᠢ ᠲᠤᠬᠠᠢ ᠶᠢᠨ ᠴᠠᠭ ᠲᠤ ᠨᠢ ᠰᠦᠯᠵᠢᠶᠡᠵᠢᠭᠦᠯᠦᠨ ᠬᠤᠷᠠᠮᠳᠤᠭᠤᠯᠬᠤ᠂ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠲᠠᠯ᠎ᠠ ᠳᠤ ᠨᠢᠭᠡ ᠪᠠᠷ ᠨᠢᠭᠡᠳᠬᠡᠭᠰᠡᠨ ᠵᠢᠷᠤᠭ ᠲᠠᠢ ᠪᠠᠶᠢᠯᠭᠠᠬᠤ ᠵᠡᠷᠭᠡ ᠦᠢᠯᠡᠳᠦᠯ | ᠴᠢᠳᠠᠮᠵᠢ ᠶᠢ ᠪᠡᠶᠡᠯᠡᠭᠦᠯᠦᠨ᠎ᠡ᠃ ᠣᠲᠣ ᠶᠢᠨ ᠪᠠᠶᠢᠭ᠎ᠠ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ | ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢ ᠪᠤᠶᠢᠳᠠ ᠪᠥᠭᠯᠡᠭᠦᠦ ᠭᠠᠵᠠᠷ ᠣᠷᠣᠨ ᠳᠤ ᠬᠦᠷᠲᠡᠯ᠎ᠡ ᠤᠷᠲᠤᠳᠬᠠᠨ᠎ᠠ᠃ | ᠪᠥᠬᠦ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠣᠨᠤᠭ ᠲᠥᠬᠦᠭᠡᠷᠦᠮᠵᠢ ᠶᠢᠨ ᠪᠠᠶᠢᠷᠢ ᠲᠣᠭᠲᠠᠭᠠᠯᠲᠠ᠂ | PDT ᠶᠠᠷᠢᠯᠴᠠᠭᠤᠷ᠂ ᠵᠢᠯᠣᠭᠤᠴᠢ ᠦᠭᠡᠢ ᠨᠢᠰᠬᠡᠯ ᠵᠢᠴᠢ ᠭᠠᠭᠴᠠ ᠴᠡᠷᠢᠭ ᠤᠨ ᠸᠢᠳᠢᠤ᠋ ᠵᠡᠷᠭᠡ ᠣᠳᠣ ᠶᠢᠨ ᠪᠠᠶᠢᠭ᠎ᠠ | ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠭᠠᠯ ᠲᠦᠢᠮᠡᠷ ᠤᠨᠲᠠᠷᠠᠭᠠᠵᠤ ᠠᠪᠤᠷᠠᠨ ᠲᠤᠰᠠᠯᠠᠬᠤ ᠪᠦᠷᠢᠨ ᠵᠠᠩᠭᠢ ᠶᠢᠨ | ᠳ᠋ᠠᠶᠢᠲ᠋ᠠ ᠶᠢ ᠲᠤᠬᠠᠢ ᠶᠢᠨ ᠴᠠᠭ ᠲᠤ ᠨᠢ ᠬᠤᠷᠠᠮᠳᠤᠭᠤᠯᠤᠨ᠂ ᠨᠢᠭᠡᠳᠦᠯᠲᠡᠢ ᠠᠰᠢᠭᠯᠠᠬᠤ ᠶᠢ ᠪᠡᠶᠡᠯᠡᠭᠦᠯᠦᠨ᠎ᠡ︔ | ᠰᠡᠷᠡᠮᠵᠢ ᠶᠢᠨ ᠳᠣᠬᠢᠶ᠎ᠠ ᠶᠢ ᠭᠥᠯᠢᠶᠡᠨ ᠠᠪᠴᠤ ᠰᠢᠢᠳᠪᠦᠷᠢᠯᠡᠬᠦ ᠴᠤᠪᠤᠷᠠᠯ ᠢ ᠵᠢᠷᠤᠮᠵᠢᠭᠤᠯᠤᠨ ᠲᠤᠯᠭᠠᠭᠤᠷᠢᠯᠠᠬᠤ | ᠪᠠᠭᠠᠵᠢ ᠶᠢ ᠰᠤᠳᠤᠯᠤᠨ ᠨᠡᠭᠡᠭᠡᠵᠦ᠂ ᠣᠶᠤᠨᠴᠢᠯᠠᠭᠰᠠᠨ᠂ ᠪᠣᠰᠤᠭ᠎ᠠ ᠴᠣᠭᠴᠠᠵᠢᠭᠰᠠᠨ ᠲᠣᠬᠢᠷᠠᠭᠤᠯᠤᠯᠲᠠ ᠬᠢᠵᠦ | ᠭᠦᠢᠴᠡᠳᠬᠡᠨ ᠳᠠᠭᠠᠬᠤ ᠬᠢᠭᠡᠳ ᠵᠢᠯᠤᠭᠤᠳᠴᠤ ᠦᠢᠯᠡᠴᠢᠯᠡᠬᠦ ᠲᠣᠭᠲᠠᠯᠴᠠᠭ᠎ᠠ ᠶᠢ ᠪᠠᠶᠢᠭᠤᠯᠤᠨ᠎ᠠ᠃ 2026 ᠣᠨ ᠤ | ᠰᠡᠭᠦᠯᠴᠢ ᠠᠴᠠ ᠡᠮᠦᠨ᠎ᠡ ᠥᠭᠡᠷᠡᠴᠢᠯᠡᠨ ᠰᠢᠨᠡᠳᠬᠡᠵᠦ ᠳᠠᠭᠤᠰᠬᠠᠨ᠎ᠠ᠃ | 2. ᠳᠣᠬᠢᠭᠤᠷ ᠲᠤᠯᠤᠭ᠎ᠠ ᠳᠠᠭᠠᠭᠤᠯᠢ ᠣᠳᠣᠨ ᠤ ᠵᠠᠮᠴᠢᠯᠠᠭᠤᠷ᠂ ᠠᠯᠤᠰ ᠠᠴᠠ ᠸᠢᠳᠢᠤ᠋ ᠪᠠᠷ ᠬᠢᠨᠠᠨ ᠡᠵᠡᠮᠳᠡᠬᠦ᠂ | ᠣᠶᠤᠨᠴᠢ ᠪᠠᠷ ᠬᠢᠨᠠᠨ ᠰᠢᠨᠵᠢᠵᠦ ᠲᠦᠭᠰᠢᠭᠦᠷᠢ ᠮᠡᠳᠡᠭᠡᠯᠡᠬᠦ ᠵᠡᠷᠭᠡ ᠮᠡᠷᠭᠡᠵᠢᠯ ᠲᠠᠢ ᠤᠶᠠᠯᠳᠤᠭᠤᠯᠤᠨ᠂ ᠣᠶᠤᠨᠴᠢ | ᠵᠢᠯᠣᠭᠤᠳᠤᠨ ᠲᠣᠬᠢᠷᠠᠭᠤᠯᠬᠤ ᠲᠠᠪᠴᠠᠩ ᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠠᠬᠢᠭᠤᠯᠤᠨ᠎ᠠ᠃ | ᠬᠤᠲᠠ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠣᠳᠠᠰᠯᠢᠭ ᠬᠤᠯᠪᠣᠭᠠᠲᠤ ᠰᠦᠯᠵᠢᠶᠡᠨ ᠤ ᠲᠠᠪᠴᠠᠩ ᠤᠨ | ᠡᠷᠲᠡᠨ ᠤ ᠬᠤᠭᠤᠴᠠᠭᠠᠨ ᠤ ᠭᠠᠯ ᠲᠦᠢᠮᠡᠷ ᠢ ᠰᠡᠷᠡᠮᠵᠢᠯᠡᠭᠦᠯᠬᠦ ᠵᠢᠴᠢ ᠰᠢᠰᠲ᠋ᠧᠮ ᠤᠨ ᠪᠠᠶᠢᠷᠢ ᠲᠣᠭᠲᠠᠭᠠᠬᠤ | ᠦᠢᠯᠡᠳᠦᠯ ᠴᠢᠳᠠᠮᠵᠢ ᠶᠢ ᠭᠦᠢᠴᠡᠳ ᠪᠠᠳᠠᠷᠠᠭᠤᠯᠵᠤ᠂ ᠣᠶᠤᠨᠴᠢ ᠪᠠᠷ ᠰᠡᠷᠡᠮᠵᠢᠯᠡᠭᠦᠯᠦᠨ ᠲᠦᠭᠰᠢᠭᠦᠷᠢ ᠮᠡᠳᠡᠭᠦᠯᠬᠦ ᠪᠠ | ᠠᠦ᠋ᠲ᠋ᠣ᠋ ᠪᠠᠷ ᠭᠠᠮᠰᠢᠭᠳᠠᠭᠰᠠᠨ ᠭᠠᠵᠠᠷ ᠲᠤ ᠵᠠᠮᠴᠢᠯᠠᠬᠤ ᠵᠢᠴᠢ ᠡᠷᠬᠢᠨ ᠲᠣᠭᠤᠷᠢᠨ ᠤ ᠬᠥᠷᠰᠢ ᠵᠡᠷᠭᠡᠯᠡᠳᠡᠭᠡ ᠭᠠᠯ | ᠲᠦᠢᠮᠡᠷ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠬᠦᠴᠦᠨ ᠢ ᠠᠦ᠋ᠲ᠋ᠣ᠋ ᠰᠢᠯᠵᠢᠭᠦᠯᠦᠨ ᠲᠣᠮᠢᠯᠠᠵᠤ | ᠭᠠᠮᠰᠢᠭᠳᠠᠭᠰᠠᠨ ᠲᠤᠬᠠᠢ ᠶᠢᠨ ᠲᠠᠯᠠᠪᠤᠷ ᠲᠤ ᠲᠡᠷᠡ ᠳᠠᠷᠤᠢ ᠳᠤ ᠨᠢ ᠬᠦᠷᠴᠦ ᠰᠢᠢᠳᠪᠦᠷᠢᠯᠡᠭᠦᠯᠬᠦ ᠶᠢ ᠪᠡᠶᠡᠯᠡᠭᠦᠯᠦᠨ᠎ᠡ᠃ | ᠭᠠᠮᠰᠢᠭ ᠤᠨ ᠪᠠᠶᠢᠳᠠᠯ ᠤᠨ ᠶᠡᠭᠡ ᠪᠠᠭ᠎ᠠ᠂ ᠠᠳᠡᠯ ᠤᠨ ᠲᠥᠷᠥᠯ ᠢᠯᠭᠠᠯ ᠲᠠᠢ ᠤᠶᠠᠯᠳᠤᠭᠤᠯᠤᠨ ᠵᠣᠬᠢᠬᠤ ᠬᠦᠷᠢᠶ᠎ᠡ | ᠬᠡᠪᠴᠢᠶᠡᠨ ᠳᠠᠬᠢ ᠠᠪᠤᠷᠠᠨ ᠲᠤᠰᠠᠯᠠᠬᠤ ᠬᠦᠴᠦᠨ ᠢ ᠠᠦ᠋ᠲ᠋ᠣ᠋ ᠰᠢᠯᠵᠢᠭᠦᠯᠦᠨ ᠲᠣᠮᠢᠯᠠᠵᠤ᠂ ᠭᠠᠯ ᠲᠦᠢᠮᠡᠷ ᠤᠨᠲᠠᠷᠠᠭᠠᠵᠤ | ᠠᠪᠤᠷᠠᠨ ᠲᠤᠰᠠᠯᠠᠬᠤ ᠠᠵᠢᠯ ᠤᠨ ᠪᠡᠯᠡᠳᠬᠡᠯ ᠲᠥᠰᠥᠯ ᠢ ᠰᠢᠯᠢᠳᠡᠭᠵᠢᠭᠦᠯᠦᠨ᠂ ᠬᠠᠷᠢᠶ᠎ᠠ ᠭᠠᠵᠠᠷ ᠤᠨ ᠭᠠᠮᠰᠢᠭ ᠤᠨ | ᠪᠠᠶᠢᠳᠠᠯ ᠢ ᠰᠢᠢᠳᠪᠦᠷᠢᠯᠡᠬᠦ ᠪᠠ ᠠᠵᠢᠯ ᠢ ᠵᠢᠯᠤᠭᠤᠳᠬᠤ ᠲᠠᠯ᠎ᠠ ᠪᠠᠷ ᠣᠨᠣᠪᠴᠢᠲᠠᠶ ᠬᠠᠮᠢᠶᠠᠷᠤᠨ ᠡᠵᠡᠮᠳᠡᠬᠦ ᠪᠠᠨ | ᠳᠣᠪᠤᠶᠢᠯᠭᠠᠨ᠎ᠠ᠃ 2026 ᠣᠨ ᠤ ᠰᠡᠭᠦᠯᠴᠢ ᠠᠴᠠ ᠡᠮᠦᠨ᠎ᠡ ᠵᠠᠯᠭᠠᠵᠤ ᠤᠷᠤᠭᠤᠯᠬᠤ ᠠᠵᠢᠯ ᠢᠶᠠᠨ ᠪᠡᠶᠡᠯᠡᠭᠦᠯᠦᠨ᠎ᠡ᠃ | ︵ᠭᠤᠷᠪᠠ︶ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠣᠮᠣ ᠳ᠋ᠠᠶᠢᠲ᠋ᠠ ᠶᠢᠨ ᠲᠠᠪᠴᠠᠩ ᠢ ᠪᠦᠲᠦᠭᠡᠨ | ᠪᠠᠶᠢᠭᠤᠯᠤᠨ᠎ᠠ | 1. ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠣᠮᠣ ᠳ᠋ᠠᠶᠢᠲ᠋ᠠ ᠶᠢᠨ | ᠲᠠᠪᠴᠠᠩ ᠢ ᠵᠠᠷᠴᠢᠮ ᠳᠡᠭᠡᠷ᠎ᠡ ᠪᠠᠨ ᠨᠢᠭᠡᠳᠦᠯᠲᠡᠢ ᠪᠦᠲᠦᠭᠡᠨ ᠪᠠᠶᠢᠭᠤᠯᠬᠤ᠂ ᠳᠡᠰ ᠬᠤᠪᠢᠶᠠᠨ ᠬᠡᠷᠡᠭᠯᠡᠬᠦ ᠶᠣᠰᠣᠭᠠᠷ | ᠴᠣᠭᠴᠠᠯᠠᠨ ᠲᠥᠯᠥᠪᠯᠡᠨ᠎ᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠡᠭᠦᠯᠡᠨ ᠡᠬᠢ ᠪᠠᠶᠠᠯᠢᠭ | ᠬᠠᠩᠭᠠᠯᠲᠠᠲᠠᠢ ᠪᠠᠶᠢᠳᠠᠯ ᠳᠣᠣᠷ᠎ᠠ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠣᠮᠣ ᠳ᠋ᠠᠶᠢᠲ᠋ᠠ ᠶᠢᠨ ᠲᠠᠪᠴᠠᠩ ᠢ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠳᠡᠭᠡᠷ᠎ᠡ ᠲᠥᠪᠯᠡᠷᠡᠭᠦᠯᠦᠨ | ᠪᠠᠶᠢᠷᠢᠯᠠᠭᠤᠯᠬᠤ ᠶᠢ ᠡᠩ ᠲᠡᠷᠢᠭᠦᠨ ᠳᠤ ᠪᠣᠳᠣᠯᠬᠢᠯᠠᠬᠤ ᠬᠡᠷᠡᠭᠲᠡᠢ᠃ | 2. ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠣᠮᠣ ᠳ᠋ᠠᠶᠢᠲ᠋ᠠ ᠶᠢᠨ ᠲᠠᠪᠴᠠᠩ | ᠨᠢ ᠪᠥᠬᠦ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠳᠣᠲᠣᠭᠠᠳᠤ ᠶᠢᠨ ᠲᠤᠬᠠᠶᠢᠯᠠᠭᠰᠠᠨ ᠠᠵᠢᠯ ᠤᠨ | ᠳ᠋ᠠᠶᠢᠲ᠋ᠠ ᠶᠢ ᠡᠮᠬᠢᠯᠡᠨ ᠨᠡᠶᠢᠯᠡᠭᠦᠯᠵᠦ᠂ ᠳᠡᠭᠡᠭᠰᠢ ᠪᠠᠨ ᠤᠯᠤᠰ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠪᠤᠷᠠᠨ | ᠲᠤᠰᠠᠯᠠᠬᠤ ᠲᠣᠪᠴᠢᠶ᠎ᠠ ᠯᠤᠭ᠎ᠠ ᠬᠤᠯᠪᠤᠭᠠᠯᠠᠨ᠂ ᠬᠥᠨᠳᠡᠯᠡᠨ ᠢᠶᠠᠷ ᠥᠪᠡᠷᠲᠡᠭᠡᠨ ᠵᠠᠰᠠᠬᠤ ᠣᠷᠣᠨ ᠤ ᠲᠣᠮᠣ | ᠳ᠋ᠠᠶᠢᠲ᠋ᠠ ᠶᠢᠨ ᠲᠥᠪ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠢᠩᠬᠢᠮ ᠵᠡᠷᠭᠡ ᠲᠣᠮᠣ ᠳ᠋ᠠᠶᠢᠲ᠋ᠠ ᠶᠢᠨ ᠲᠠᠪᠴᠠᠩ ᠯᠤᠭ᠎ᠠ ᠵᠣᠯᠭᠠᠭᠤᠯᠵᠤ᠂ ᠬᠠᠮᠢᠶ᠎ᠠ ᠪᠦᠬᠦᠢ ᠳ᠋ᠠᠶᠢᠲ᠋ᠠ ᠶᠢ | ᠬᠤᠷᠠᠮᠳᠤᠭᠤᠯᠤᠨ ᠵᠠᠰᠠᠬᠤ ᠠᠵᠢᠯ ᠢ ᠥᠷᠨᠢᠭᠦᠯᠦᠨ᠂ ᠡᠭᠦᠷᠭᠡ ᠶᠢᠨ ᠲᠣᠬᠢᠷᠠᠭᠤᠯᠤᠯᠲᠠ᠂ ᠳ᠋ᠠᠶᠢᠲ᠋ᠠ ᠶᠢᠨ ᠡᠬᠢ | ᠪᠠᠶᠠᠯᠢᠭ ᠤᠨ ᠬᠠᠮᠢᠶᠠᠷᠤᠯᠲᠠ᠂ ᠶᠠᠰᠤ ᠴᠢᠨᠠᠷ ᠤᠨ ᠬᠠᠮᠢᠶᠠᠷᠤᠯᠲᠠ᠂ ᠳ᠋ᠠᠶᠢᠲ᠋ᠠ ᠶᠢ ᠬᠠᠮᠲᠤ ᠳᠤ ᠪᠠᠨ ᠭᠥᠷᠳᠡᠬᠦ ᠪᠠ | ᠠᠵᠢᠯᠯᠠᠭᠤᠯᠤᠨ ᠬᠠᠮᠠᠭᠠᠯᠠᠵᠤ ᠬᠢᠨᠠᠨ ᠡᠵᠡᠮᠳᠡᠬᠦ ᠵᠡᠷᠭᠡ ᠰᠠᠭᠤᠷᠢᠯᠠᠬᠤ ᠦᠢᠯᠡᠳᠦᠯ ᠴᠢᠳᠠᠮᠵᠢ ᠶᠢ ᠬᠠᠩᠭᠠᠨ᠎ᠠ᠃ | ᠥᠪᠡᠷᠲᠡᠭᠡᠨ ᠵᠠᠰᠠᠬᠤ ᠣᠷᠣᠨ ᠤ ᠲᠠᠪᠴᠠᠩ ᠨᠢ ᠬᠤᠷᠸ᠎ᠠ ᠪᠠᠶᠢᠳᠠᠯ ᠢ ᠰᠤᠳᠤᠯᠤᠨ ᠮᠠᠭᠠᠳᠯᠠᠵᠤ ᠵᠠᠳᠠᠯᠤᠨ | ᠰᠢᠨᠵᠢᠬᠦ ᠪᠠᠷ ᠭᠤᠣᠯᠳᠠᠭᠤᠯᠤᠨ᠂ ᠭᠠᠯ ᠲᠦᠢᠮᠡᠷ ᠢ ᠰᠡᠷᠭᠡᠶᠢᠯᠡᠨ ᠡᠵᠡᠮᠳᠡᠬᠦ ᠲᠤᠬᠠᠶᠢᠯᠠᠭᠰᠠᠨ ᠠᠵᠢᠯ ᠳᠤ | ᠲᠤᠯᠭᠠᠭᠤᠷᠢᠯᠠᠵᠤ᠂ ᠪᠥᠬᠦ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠤᠬᠠᠶᠢᠯᠠᠭᠰᠠᠨ ᠠᠵᠢᠯ ᠤᠨ | ᠳ᠋ᠠᠶᠢᠲ᠋ᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠪᠠᠨ ᠵᠣᠬᠢᠴᠠᠭᠤᠯᠤᠨ ᠵᠢᠷᠤᠮᠵᠢᠭᠤᠯᠬᠤ ᠶᠢᠨ ᠬᠠᠮᠲᠤ᠂ ᠠᠶᠢᠮᠠᠭ | ᠬᠤᠲᠠ ᠳᠤ ᠳ᠋ᠠᠶᠢᠲ᠋ᠠ ᠶᠢᠨ ᠦᠢᠯᠡᠴᠢᠯᠡᠭᠡ ᠬᠠᠩᠭᠠᠨ᠎ᠠ᠃ ᠠᠶᠢᠮᠠᠭ ᠬᠤᠳᠠ ᠤᠨ ᠬᠢᠨ ᠭᠠᠯ ᠲᠦᠢᠮᠡᠷ ᠰᠡᠷᠭᠡᠶᠢᠯᠡᠨ | ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠪᠣᠳᠠᠲᠠᠢ ᠠᠵᠢᠯ ᠳᠠᠬᠢ ᠬᠡᠷᠡᠭᠯᠡᠯᠲᠡ ᠪᠠᠷ ᠭᠤᠣᠯᠳᠠᠭᠤᠯᠵᠤ᠂ | ᠦᠨᠳᠦᠰᠦᠨ ᠱᠠᠲᠤᠨ ᠤ ᠭᠠᠯ ᠲᠦᠢᠮᠡᠷ ᠰᠡᠷᠭᠡᠶᠢᠯᠡᠬᠦ ᠠᠵᠢᠯ ᠳᠤ ᠬᠢᠨᠠᠯᠲᠠ ᠲᠠᠯᠪᠢᠬᠤ᠂ ᠭᠠᠯ ᠲᠦᠢᠮᠡᠷ ᠤᠨᠲᠠᠷᠠᠭᠠᠵᠤ | ᠠᠪᠤᠷᠠᠨ ᠲᠤᠰᠠᠯᠠᠬᠤ ᠵᠢᠴᠢ ᠲᠤᠨᠤᠭ ᠲᠥᠬᠦᠭᠡᠷᠦᠮᠵᠢ ᠶᠢ ᠬᠠᠮᠢᠶᠠᠷᠬᠤ ᠵᠡᠷᠭᠡ ᠡᠯ᠎ᠡ ᠵᠦᠢᠯ ᠤᠨ ᠲᠤᠬᠠᠶᠢᠯᠠᠭᠰᠠᠨ ᠠᠵᠢᠯ | ᠥᠷᠨᠢᠭᠦᠯᠬᠦ ᠳᠤ ᠲᠤᠯᠭᠠᠭᠤᠷᠢᠯᠠᠯ ᠬᠠᠩᠭᠠᠨ᠎ᠠ᠃ | 3. ᠭᠠᠯ ᠲᠦᠢᠮᠡᠷ ᠢ ᠰᠡᠷᠭᠡᠶᠢᠯᠡᠨ ᠡᠵᠡᠮᠳᠡᠬᠦ ᠶᠡᠷᠦᠩᠬᠡᠶᠢᠯᠡᠭᠰᠡᠨ ᠰᠤᠳᠤᠯᠤᠨ ᠮᠠᠭᠠᠳᠯᠠᠬᠤ ᠰᠢᠰᠲ᠋ᠧᠮ ᠢ | ᠪᠦᠲᠦᠭᠡᠨ ᠪᠠᠶᠢᠭᠤᠯᠤᠨ᠎ᠠ᠃ ᠶᠡᠷᠦᠩᠬᠡᠶᠢᠯᠡᠨ ᠪᠠᠶᠢᠴᠠᠭᠠᠨ ᠯᠠᠪᠯᠠᠬᠤ᠂ ᠴᠠᠭ ᠬᠤᠭᠤᠴᠠᠭ᠎ᠠ ᠪᠠ ᠣᠷᠣᠨ ᠵᠠᠢ ᠶᠢᠨ | ᠦᠵᠡᠭᠳᠡᠮᠡᠯ ᠵᠠᠳᠠᠯᠤᠯᠲᠠ ᠬᠢᠬᠦ᠂ ᠶᠡᠷᠦᠩᠬᠡᠶᠢᠯᠡᠭᠰᠡᠨ ᠦᠵᠡᠭᠳᠡᠮᠡᠯ ᠵᠠᠳᠠᠯᠤᠯᠲᠠ ︵ᠲᠣᠮᠣ ᠳᠡᠯᠭᠡᠴᠡ︶ ᠬᠢᠬᠦ ᠵᠡᠷᠭᠡ | ᠳ᠋ᠠᠶᠢᠲ᠋ᠠ ᠶᠢᠨ ᠬᠡᠷᠡᠭᠯᠡᠯᠲᠡ ᠶᠢᠨ ᠪᠠᠭᠠᠵᠢ ᠶᠢ ᠰᠤᠳᠤᠯᠤᠨ ᠨᠡᠭᠡᠭᠡᠬᠦ ᠶᠢᠨ ᠬᠠᠮᠲᠤ᠂ ᠭᠠᠯ ᠲᠦᠢᠮᠡᠷ ᠰᠡᠷᠭᠡᠶᠢᠯᠡᠨ | ᠤᠨᠲᠠᠷᠠᠭᠠᠬᠤ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠲᠤᠬᠠᠶᠢᠯᠠᠭᠰᠠᠨ ᠠᠵᠢᠯ ᠤᠨ ᠳ᠋ᠠᠶᠢᠲ᠋ᠠ ᠶᠢᠨ | ᠬᠡᠪ ᠤᠨ ᠪᠤᠰᠤ ᠬᠡᠯᠪᠡᠯᠵᠡᠯ ᠢ ᠬᠢᠨᠠᠨ ᠰᠢᠨᠵᠢᠵᠦ ᠰᠡᠷᠡᠮᠵᠢᠯᠡᠭᠦᠯᠬᠦ᠂ ᠮᠡᠳᠡᠭᠦᠯᠦᠯᠲᠡ ᠶᠢᠨ ᠬᠦᠰᠦᠨᠦᠭᠲᠦ ᠳᠤ | ᠬᠥᠳᠡᠯᠦᠩᠭᠦᠢ ᠵᠠᠳᠠᠯᠤᠯᠲᠠ ᠬᠢᠬᠦ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠠᠶᠢᠳᠠᠯ ᠬᠠᠨᠳᠤᠰᠢ ᠶᠢ ᠰᠤᠳᠤᠯᠤᠨ | ᠮᠠᠭᠠᠳᠯᠠᠵᠤ ᠮᠡᠳᠡᠭᠦᠯᠬᠦ ᠵᠡᠷᠭᠡ ᠰᠢᠷᠢᠰ ᠰᠤᠳᠤᠯᠤᠨ ᠮᠠᠭᠠᠳᠯᠠᠵᠤ ᠵᠠᠳᠠᠯᠤᠯᠲᠠ ᠬᠢᠬᠦ ᠪᠠᠭᠠᠵᠢ ᠶᠢ ᠰᠤᠳᠤᠯᠤᠨ ᠨᠡᠭᠡᠭᠡᠵᠦ᠂ | ᠡᠳᠦᠷ ᠲᠤᠳᠤᠮ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠰᠤᠳᠤᠯᠤᠨ ᠮᠠᠭᠠᠳᠯᠠᠬᠤ ᠠᠵᠢᠯ ᠳᠤ ᠬᠠᠪᠰᠤᠷᠤᠮᠵᠢ | ᠪᠣᠯᠭᠠᠨ᠎ᠠ᠃ ᠣᠷᠣᠨ ᠪᠦᠰᠡ ᠶᠢᠨ ᠠᠮᠤᠷ ᠲᠦᠪᠰᠢᠨ ᠢ ᠦᠨᠡᠯᠡᠬᠦ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ | ᠰᠤᠳᠤᠯᠤᠨ ᠪᠠᠶᠢᠭᠤᠯᠵᠤ᠂ ᠡᠯ᠎ᠡ ᠠᠶᠢᠮᠠᠭ ᠬᠤᠲᠠ ᠶᠢᠨ ᠣᠳᠣᠬᠠᠨ ᠤ ᠣᠷᠣᠨ ᠪᠦᠰᠡ ᠶᠢᠨ ᠭᠠᠯ ᠲᠦᠢᠮᠡᠷ ᠰᠡᠷᠭᠡᠶᠢᠯᠡᠨ | ᠤᠨᠲᠠᠷᠠᠭᠠᠬᠤ ᠠᠮᠤᠷ ᠲᠦᠪᠰᠢᠨ ᠤ ᠴᠢᠨᠠᠷ ᠤᠨ ᠪᠠᠶᠢᠳᠠᠯ ᠤᠨ ᠬᠢᠷᠢ ᠲᠦᠪᠰᠢᠨ ᠢ ᠪᠤᠰᠤᠳᠴᠢ ᠪᠠᠷ ᠲᠤᠰᠬᠠᠨ᠎ᠠ᠃ | 2026 ᠣᠨ ᠤ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠲᠠᠰ ᠤᠨ ᠭᠠᠯ ᠲᠦᠢᠮᠡᠷ | ᠰᠡᠷᠭᠡᠶᠢᠯᠡᠨ ᠤᠨᠲᠠᠷᠠᠭᠠᠬᠤ ᠲᠣᠮᠣ ᠳ᠋ᠠᠶᠢᠲ᠋ᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ | ︵ᠳᠥᠷᠪᠡ︶ ᠰᠢᠯᠵᠢᠭᠡ ᠦᠵᠦᠭᠦᠷ ᠤᠨ ᠭᠠᠷ ᠤᠲᠠᠰᠤᠨ ᠤ APP ᠶᠢ ᠰᠤᠳᠤᠯᠤᠨ ᠨᠡᠭᠡᠭᠡᠨ᠎ᠡ | ︽ᠮᠥᠩᠬᠡ ᠰᠤᠪᠠᠭ︾ APP ᠳᠤ ᠲᠦᠰᠢᠭᠯᠡᠨ᠂ ᠨᠡᠶᠢᠭᠡᠮ ᠨᠡᠶᠢᠲᠡ᠂ ᠠᠵᠤ ᠠᠬᠤᠶᠢᠯᠠᠯ ᠪᠠ ᠬᠢᠨᠠᠯᠲᠠ | ᠬᠠᠮᠢᠶᠠᠷᠤᠯᠲᠠ ᠶᠢᠨ ᠨᠢᠭᠡᠴᠢ ᠳᠤ ᠬᠠᠨᠳᠤᠭᠤᠯᠤᠭᠰᠠᠨ ︽ᠲᠠᠯ᠎ᠠ ᠨᠤᠲᠤᠭ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ | ᠦᠢᠯᠡᠳᠦᠯ ᠴᠢᠳᠠᠮᠵᠢ ᠶᠢᠨ ᠬᠡᠰᠡᠭ ᠢ ᠰᠤᠳᠤᠯᠤᠨ ᠨᠡᠭᠡᠭᠡᠵᠦ᠂ ᠲᠣᠮᠣ ᠳ᠋ᠠᠶᠢᠲ᠋ᠠ ᠶᠢᠨ ᠲᠠᠪᠴᠠᠩ ᠤᠨ ᠳ᠋ᠠᠶᠢᠲ᠋ᠠ ᠶᠢᠨ | ᠡᠬᠢ ᠪᠠᠶᠠᠯᠢᠭ ᠯᠤᠭ᠎ᠠ ᠵᠣᠯᠭᠠᠭᠤᠯᠤᠨ᠂ ᠬᠡᠮ ᠰᠣᠭᠤᠭ ᠢ ︽ᠭᠠᠷ ᠤᠨ ᠠᠶ᠎ᠠ ᠪᠠᠷ ᠰᠡᠭᠦᠳᠡᠷᠯᠡᠬᠦ︾᠂ ᠲᠠᠪᠴᠠᠩ ᠢᠶᠠᠷ | ᠳᠠᠮᠵᠢᠭᠤᠯᠤᠨ ᠣᠷᠣᠭᠤᠯᠬᠤ᠂ ᠲᠦᠭᠰᠢᠭᠦᠷᠢ ᠶᠢᠨ ᠬᠡᠮ ᠰᠣᠭᠤᠭ ᠢ ᠰᠢᠯᠵᠢᠭᠦᠯᠦᠨ ᠲᠤᠰᠢᠶᠠᠬᠤ᠂ ᠨᠢᠭᠡ | ᠦᠷᠲᠡᠬᠡᠴᠢᠯᠡᠭᠰᠡᠨ ᠮᠠᠶ᠋ᠢᠭ ᠢᠶᠠᠷ ᠳ᠋ᠠᠶᠢᠲ᠋ᠠ ᠳᠤ ᠵᠠᠳᠠᠯᠤᠯᠲᠠ ᠬᠢᠬᠦ ᠵᠡᠷᠭᠡ ᠦᠢᠯᠡᠳᠦᠯ ᠴᠢᠳᠠᠮᠵᠢ ᠶᠢ ᠪᠡᠶᠡᠯᠡᠭᠦᠯᠦᠨ᠎ᠡ᠃ | ᠭᠠᠷ ᠤᠲᠠᠰᠤᠨ ᠤ APP ᠤᠨ ᠤᠬᠠᠭᠤᠯᠭ᠎ᠠ ᠪᠣᠯᠪᠠᠰᠤᠷᠠᠯ ᠤᠨ ᠬᠡᠰᠡᠭ ᠢᠶᠠᠷ ᠳᠠᠮᠵᠢᠭᠤᠯᠤᠨ᠂ ᠭᠠᠯ ᠲᠦᠢᠮᠡᠷ | ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ | ᠪᠠᠶᠢᠭᠤᠯᠤᠨ ᠥᠷᠨᠢᠭᠦᠯᠵᠦ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠰᠠᠨᠠᠭᠤᠯᠤᠮᠵᠢ ᠶᠢ | ᠳᠠᠮᠵᠢᠭᠤᠯᠤᠨ ᠬᠦᠷᠭᠡᠨ᠎ᠡ᠃ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠮᠡᠷᠭᠡᠵᠢᠯ ᠤᠨ ᠬᠠᠪᠰᠤᠷᠤᠯᠭ᠎ᠠ ᠲᠡᠳᠬᠦᠯᠭᠡ | ᠭᠤᠶᠤᠴᠢᠯᠠᠬᠤ ᠪᠠ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠵᠠᠰᠠᠭ ᠵᠠᠬᠢᠷᠭᠠᠨ ᠤ ᠵᠥᠪᠰᠢᠶᠡᠷᠡᠯ ᠭᠤᠶᠤᠴᠢᠯᠠᠬᠤ | ᠵᠡᠷᠭᠡ ᠵᠦᠢᠯᠡᠰ ᠢ ᠰᠦᠯᠵᠢᠶ᠎ᠡ ᠪᠠᠷ ᠪᠡᠶᠡᠯᠡᠭᠦᠯᠵᠦ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ | ᠮᠡᠷᠭᠡᠵᠢᠯ ᠤᠨ ᠪᠠᠷᠢᠮᠵᠢᠶ᠎ᠠ ᠶᠢ ᠬᠠᠩᠭᠠᠵᠤ ᠪᠠᠶᠢᠭᠠᠳ ᠣᠯᠠᠨ ᠲᠦᠮᠡᠨ ᠤ ᠰᠤᠷᠤᠯᠴᠠᠨ ᠬᠡᠷᠡᠭᠯᠡᠬᠦ ᠳᠤ ᠲᠥᠬᠦᠮ | ᠦᠵᠡᠭᠦᠯᠦᠨ᠎ᠡ᠃ ᠰᠢᠯᠵᠢᠭᠡ ᠦᠵᠦᠭᠦᠷ ᠤᠨ ᠣᠨᠴᠠᠯᠢᠭ ᠰᠢᠨᠵᠢ ᠶᠢᠨ ᠲᠣᠭᠤᠷᠢᠨ ᠳᠤ ᠬᠠᠨᠳᠤᠯᠭᠠᠲᠤ ᠴᠢᠨᠠᠷᠲᠠᠢ | ᠪᠠᠶᠢᠷᠢᠰᠢᠭᠤᠯᠤᠯᠲᠠ ᠶᠢᠨ ᠵᠢᠷᠤᠭ ᠲᠥᠯᠥᠪᠯᠡᠭᠡ ᠭᠠᠷᠭᠠᠵᠤ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠬᠥᠮᠥᠰ ᠲᠤ | ᠪᠥᠬᠦ ᠭᠠᠵᠠᠷ ᠣᠷᠣᠨ᠂ ᠣᠯᠠᠨ ᠴᠠᠭ ᠬᠤᠭᠤᠴᠠᠭ᠎ᠠ ᠪᠠ ᠣᠷᠣᠨ ᠵᠠᠢ ᠶᠢᠨ ᠮᠡᠳᠡᠭᠡ ᠵᠠᠩᠭᠢᠴᠢᠯᠠᠭᠰᠠᠨ ᠲᠤᠯᠭᠠᠭᠤᠷᠢᠯᠠᠯ | ᠬᠠᠩᠭᠠᠵᠤ᠂ ᠬᠡᠵᠢᠶ᠎ᠡ ᠬᠠᠮᠢᠭ᠎ᠠ ᠴᠤ ᠭᠡᠰᠡᠨ ᠳ᠋ᠠᠶᠢᠲ᠋ᠠ ᠢ ᠰᠤᠷᠪᠤᠯᠵᠢᠯᠠᠨ ᠦᠵᠡᠵᠦ ᠲᠡᠶᠢᠯᠬᠦ ᠶᠢ ᠪᠡᠶᠡᠯᠡᠭᠦᠯᠦᠨ᠎ᠡ᠃ | 2025 ᠣᠨ ᠤ ᠰᠡᠭᠦᠯᠴᠢ ᠠᠴᠠ ᠡᠮᠦᠨ᠎ᠡ ︽ᠲᠠᠯ᠎ᠠ ᠨᠤᠲᠤᠭ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ | ᠦᠢᠯᠡᠳᠦᠯ ᠴᠢᠳᠠᠮᠵᠢ ᠶᠢᠨ ᠬᠡᠰᠡᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢᠨ ᠬᠠᠮᠲᠤ ᠪᠥᠬᠦ ᠣᠷᠣᠨ ᠳᠤ | ᠳᠡᠯᠭᠡᠷᠡᠭᠦᠯᠦᠨ ᠬᠡᠷᠡᠭᠯᠡᠨ᠎ᠡ᠃ | ᠭᠤᠷᠪᠠ᠂ ᠠᠵᠢᠯ ᠤᠨ ᠱᠠᠭᠠᠷᠳᠠᠯᠭ᠎ᠠ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠣᠶᠤᠨᠲᠤ ᠭᠠᠯ ᠲᠦᠢᠮᠡᠷ | ᠰᠡᠷᠭᠡᠶᠢᠯᠡᠨ ᠤᠨᠲᠠᠷᠠᠭᠠᠬᠤ︾ ᠪᠦᠲᠦᠭᠡᠨ ᠪᠠᠶᠢᠭᠤᠯᠤᠯᠲᠠ ᠶᠢ ᠳ᠋ᠢᠭᠢᠲ᠋ᠠᠯ ᠵᠠᠰᠠᠭ ᠤᠨ ᠣᠷᠳᠣᠨ᠂ ᠣᠶᠤᠨᠲᠤ ᠬᠤᠲᠠ ᠶᠢᠨ | ᠪᠦᠬᠦᠯᠢ ᠴᠣᠭᠴᠠᠲᠤ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ ᠣᠷᠣᠭᠤᠯᠵᠤ᠂ ᠨᠡᠶᠢᠭᠡᠮ ᠤᠨ ᠬᠥᠷᠥᠩᠭᠡ ᠶᠢᠨ | ᠬᠢᠨ ᠤ ︽ᠣᠶᠤᠨᠲᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ | ᠣᠷᠣᠯᠴᠠᠬᠤ ᠶᠢ ᠵᠣᠷᠢᠭᠵᠢᠭᠤᠯᠵᠤ ᠬᠥᠲᠥᠯᠥᠨ ᠵᠢᠯᠣᠭᠤᠳᠤᠨ᠎ᠠ᠃ ᠡᠯ᠎ᠡ ᠭᠠᠵᠠᠷ ᠣᠷᠣᠨ ᠨᠤᠭᠤᠳ ︽ᠲᠤᠷᠰᠢᠯᠲᠠ ᠶᠢᠨ | ᠴᠡᠭ ᠢᠶᠠᠷ ᠳᠡᠯᠭᠡᠷᠡᠭᠦᠯᠦᠨ ᠬᠡᠷᠡᠭᠵᠢᠭᠦᠯᠬᠦ᠂ ᠯᠠᠪᠳᠠᠭᠤᠨ ᠪᠠᠲᠤᠲᠠᠢ ᠠᠬᠢᠭᠤᠯᠬᠤ︾ ᠵᠠᠷᠴᠢᠮ ᠶᠣᠰᠣᠭᠠᠷ᠂ ︽ᠣᠶᠤᠨᠲᠤ | ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠪᠣᠯᠬᠤ ᠡᠭᠦᠷᠭᠡ ᠶᠢ | ᠦᠨᠳᠦᠰᠦᠯᠡᠨ᠂ ᠲᠤᠰ ᠭᠠᠵᠠᠷ ᠣᠷᠣᠨ ᠤ ᠪᠠᠨ ᠠᠵᠤ ᠠᠬᠤᠢ ᠶᠢᠨ ᠬᠥᠭᠵᠢᠯᠲᠡ ᠪᠠᠷ ᠨᠡᠯᠢᠶᠡᠳ ᠰᠠᠶᠢᠨ᠂ | ᠲᠤᠷᠰᠢᠯᠲᠠ ᠶᠢᠨ ᠴᠡᠭ ᠪᠣᠯᠭᠠᠬᠤ ᠨᠥᠬᠦᠴᠡᠯ ᠢ ᠪᠦᠷᠢᠳᠦᠭᠦᠯᠦᠭᠰᠡᠨ ᠭᠠᠵᠠᠷ ᠣᠷᠣᠨ ᠢ ᠰᠣᠩᠭᠤᠵᠤ ᠪᠠᠶᠢᠭᠠᠳ | ︽ᠣᠶᠤᠨᠲᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠲᠤᠷᠰᠢᠯᠲᠠ ᠶᠢᠨ ᠴᠡᠭ ᠤᠨ ᠳᠡᠯᠭᠡᠷᠡᠭᠦᠯᠬᠦ ᠠᠵᠢᠯ ᠢ | ᠥᠷᠨᠢᠭᠦᠯᠵᠦ᠂ ᠲᠤᠰ ᠭᠠᠵᠠᠷ ᠣᠷᠣᠨ ᠤ ᠪᠠᠨ ᠨᠤᠲᠤᠭ ᠪᠦᠰᠡ ᠶᠢᠨ ᠣᠨᠴᠠᠯᠢᠭ ᠲᠤ ᠨᠡᠶᠢᠴᠡᠭᠰᠡᠨ ︽ᠣᠶᠤᠨᠲᠤ ᠭᠠᠯ | ᠲᠦᠢᠮᠡᠷ ᠰᠡᠷᠭᠡᠶᠢᠯᠡᠨ ᠤᠨᠲᠠᠷᠠᠭᠠᠬᠤ︾ ᠪᠦᠲᠦᠭᠡᠨ ᠪᠠᠶᠢᠭᠤᠯᠤᠯᠲᠠ ᠶᠢᠨ ᠬᠡᠪ ᠵᠠᠭᠪᠤᠷ ᠢ ᠪᠠᠶᠢᠭᠤᠯᠤᠨ᠂ ᠡᠯ᠎ᠡ ᠵᠦᠢᠯ ᠤᠨ | ᠭᠤᠣᠯᠳᠠᠯᠭ᠎ᠠ ᠪᠣᠯᠬᠤ ᠡᠭᠦᠷᠭᠡ ᠶᠢ ᠴᠠᠭ ᠲᠤᠬᠠᠢ ᠳᠤ ᠨᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠦᠷ᠎ᠡ | ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃ | | | 2024 ᠣᠨ ᠤ 12 ᠳ᠋ᠤᠭᠠᠷ ᠰᠠᠷ᠎ᠠ ᠶᠢᠨ 31 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠳᠠᠷᠤᠮᠠᠯᠯᠠᠨ ᠲᠠᠷᠬᠠᠭᠠᠪᠠ | | |