ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠵᠡᠷᠭᠡ ᠬᠤᠰᠢᠭᠤ ᠰᠢᠶᠠᠨ ︵ᠲᠣᠭᠤᠷᠢᠭ︶ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 – 2035 ᠣᠨ︶ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2025/2/5
                           ᠥᠪᠥᠷ ᠮᠣᠩᠭᠤᠯ ᠤᠨ ᠥᠪᠡᠷᠲᠡᠭᠡᠨ ᠵᠠᠰᠠᠬᠤ                            ᠣᠷᠣᠨ ᠤ ᠠᠷᠠᠳ ᠤᠨ ᠵᠠᠰᠠᠭ ᠤᠨ ᠣᠷᠳᠣᠨ                    ᠥᠪᠥᠷ ᠵᠠᠰᠠᠭ ᠥᠰᠦᠭ  ﹇2024﹈ 245 ᠳ᠋ᠤᠭᠠᠷ ᠲᠣᠭᠠᠲᠤ      ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠵᠡᠷᠭᠡ ᠬᠤᠰᠢᠭᠤ ᠰᠢᠶᠠᠨ ︵ᠲᠣᠭᠤᠷᠢᠭ︶ ᠤ ᠤᠯᠤᠰ ᠤᠨ ᠨ᠊ᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 – 2035 ᠣᠨ︶ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄      ᠲᠠᠨ ᠤ ᠬᠤᠲᠠ ᠶᠢᠨ ︽ᠲᠦᠮᠡᠳ ᠵᠡᠭᠦᠨ ᠬᠤᠰᠢᠭᠤ ᠵᠡᠷᠭᠡ ᠶᠢᠰᠦᠨ ᠬᠤᠰᠢᠭᠤ ᠰᠢᠶᠠᠨ ᠲᠣᠭᠤᠷᠢᠭ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠲᠤᠬᠠᠢ ᠡᠰᠢᠯᠡᠯᠲᠡ︾ ︵ᠬᠥᠬᠡᠬᠤᠲᠠ ᠵᠠᠰᠠᠭ ᠲᠠᠷᠬᠠᠭᠠᠭᠰᠠᠨ ﹇2024﹈ 333 ᠳ᠋ᠤᠭᠠᠷ ᠲᠣᠭᠠᠲᠤ︶ ᠶᠢ ᠬᠦᠯᠢᠶᠡᠨ ᠠᠪᠴᠤ ᠣᠶᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄      ᠨᠢᠭᠡ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠬᠤᠯᠪᠤᠭᠠᠯᠠᠨ ᠬᠢᠨᠠᠨ ᠪᠠᠶᠢᠴᠠᠭᠠᠵᠤ ᠪᠠᠲᠤᠯᠠᠭᠰᠠᠨ ︽ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 – 2035ᠣᠨ︶︾᠂ ︽ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 - 2035 ᠣᠨ︶︾᠂ ︽ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021- 2035 ᠣᠨ︶︾᠂ ︽ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 – 2035 ᠣᠨ︶︾᠂ ︽ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 – 2035 ᠣᠨ︶︾᠂ ︽ᠬᠥᠬᠡᠬᠤᠲᠠ ᠶᠢᠨ ᠲᠣᠭᠲᠠᠬᠤ ᠰᠢᠶᠠᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 – 2035 ᠣᠨ︶︾᠂ ︽ᠬᠥᠬᠡᠬᠤᠲᠠ ᠶᠢᠨ ᠬᠤᠷᠢᠨᠭᠡᠷ ᠰᠢᠶᠠᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 – 2035 ᠣᠨ︶︾᠂ ︽ᠬᠥᠬᠡᠬᠤᠲᠠ ᠶᠢᠨ ᠴᠢᠩ ᠱᠦᠢ ᠾᠧ ᠰᠢᠶᠠᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 – 2035 ᠣᠨ︶︾᠂ ︽ᠬᠥᠬᠡᠬᠤᠲᠠ ᠶᠢᠨ ᠦᠴᠦᠸᠠᠨ ᠰᠢᠶᠠᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 – 2035 ᠣᠨ︶︾ ︵ᠳᠣᠷᠣᠭᠰᠢ ︽ᠲᠥᠯᠦᠪᠵᠢᠭᠦᠯᠭᠡ︾ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠠᠨ ᠤ ᠬᠤᠲᠠ ᠶᠢᠨ ᠬᠢᠨ ᠡᠯ᠎ᠡ ᠬᠤᠰᠢᠭᠤ ᠰᠢᠶᠠᠨ ︵ᠲᠣᠭᠤᠷᠢᠭ︶ ᠢ ᠵᠢᠯᠤᠭᠤᠳᠴᠤ ᠪᠠᠶᠢᠭᠠᠳ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠬᠦ ᠲᠠᠯ᠎ᠠ  ᠪᠠᠷ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠰᠢᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠰᠢᠨ᠎ᠡ ᠬᠤᠲᠠ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠠᠭᠤᠰᠤᠯᠴᠠᠭᠰᠠᠨ ᠵᠢᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠭᠰᠡᠨ ᠬᠤᠰᠢᠭᠤᠴᠢ ᠲᠣᠭᠤᠷᠢᠭ ᠪᠣᠯᠭᠠᠨ ᠪᠠᠶᠢᠭᠤᠯᠵᠤ᠂ ᠬᠤᠲᠣᠩ ᠠᠷᠠᠳ ᠤᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠶᠢᠨ ᠬᠤᠳᠠᠯᠳᠤᠭᠠᠨ ᠤ ᠦᠢᠯᠡᠴᠢᠯᠡᠭᠡ ᠵᠢᠴᠢ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠭ ᠪᠣᠯᠭᠠᠨ ᠪᠠᠶᠢᠭᠤᠯᠵᠤ᠂ ᠢᠦᠢ ᠴᠢᠤᠸᠠᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠠᠭᠤᠰᠤᠯᠴᠠᠭᠰᠠᠨ ᠵᠢᠴᠢ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠨ ᠬᠥᠭᠵᠢᠭᠦᠯᠦᠭᠰᠡᠨ ᠵᠢᠱᠢᠶ᠎ᠡ ᠦᠵᠡᠭᠦᠯᠬᠦ ᠬᠤᠰᠢᠭᠤᠴᠢ ᠲᠣᠭᠤᠷᠢᠭ ᠪᠣᠯᠭᠠᠨ ᠪᠠᠶᠢᠭᠤᠯᠵᠤ᠂ ᠰᠠᠶᠢᠬᠠᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠶᠢᠨ ᠮᠥᠩᠭᠦᠨ ᠭᠦᠢᠯᠭᠡᠭᠡ ᠵᠠᠰᠠᠭ ᠵᠠᠬᠢᠷᠭ᠎ᠠ ᠬᠤᠳᠠᠯᠳᠤᠭᠠᠨ ᠤ ᠶᠠᠪᠤᠳᠠᠯ ᠤᠨ ᠲᠣᠭᠤᠷᠢᠭ᠂ ᠴᠡᠷᠢᠭ ᠠᠷᠠᠳ ᠤᠨ ᠬᠠᠮ ᠬᠥᠭᠵᠢᠭᠦᠯᠦᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠵᠢᠴᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠠᠭᠤᠷᠢᠨ ᠭᠠᠵᠠᠷ ᠪᠣᠯᠭᠠᠨ ᠪᠠᠶᠢᠭᠤᠯᠵᠤ᠂ ᠲᠦᠮᠡᠳ ᠵᠡᠭᠦᠨ ᠬᠤᠰᠢᠭᠤ ᠶᠢ ᠬᠥᠬᠡᠬᠤᠲᠠ ᠶᠢᠨ ᠰᠦ ᠰᠠᠭᠠᠯᠢ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠵᠢᠴᠢ ᠲᠡᠷᠢᠭᠦᠨ ᠤ ᠦᠢᠯᠡᠳᠬᠦ ᠦᠢᠯᠡᠰ ᠤᠨ ᠴᠢᠬᠤᠯᠠ ᠰᠠᠭᠤᠷᠢᠨ ᠭᠠᠵᠠᠷ ᠪᠣᠯᠭᠠᠨ ᠪᠠᠶᠢᠭᠤᠯᠵᠤ᠂ ᠲᠣᠭᠲᠠᠬᠤ ᠰᠢᠶᠠᠨ ᠢ ᠬᠥᠬᠡᠬᠤᠲᠠ ᠶᠢᠨ ᠡᠨᠧᠷᠭᠢ ᠬᠢᠮᠢ ᠶᠢᠨ ᠠᠵᠤ ᠦᠢᠯᠡᠳᠪᠦᠷᠢ ᠵᠢᠴᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠭᠠᠷᠭᠠᠯᠲᠠ ᠶᠢᠨ ᠰᠠᠭᠤᠷᠢᠨ ᠭᠠᠵᠠᠷ ᠪᠣᠯᠭᠠᠨ ᠪᠠᠶᠢᠭᠤᠯᠵᠤ᠂ ᠬᠤᠷᠢᠨᠭᠡᠷ ᠰᠢᠶᠠᠨ ᠢ ᠬᠥᠬᠡᠬᠤᠲᠠ ᠶᠢᠨ ᠬᠤᠲᠠ ᠶᠢᠨ ᠳᠡᠳ᠋ ᠲᠥᠪ ᠪᠠ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠵᠢᠴᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠠᠭᠤᠷᠢᠨ ᠭᠠᠵᠠᠷ ᠪᠣᠯᠭᠠᠨ ᠪᠠᠶᠢᠭᠤᠯᠵᠤ᠂ ᠴᠢᠩ ᠱᠦᠢ ᠾᠧ ᠰᠢᠶᠠᠨ ᠢ ᠬᠥᠬᠡᠬᠤᠲᠠ ᠶᠢᠨ ᠠᠮᠢ ᠠᠬᠤᠢ ᠶᠢᠨ ᠵᠢᠭᠤᠯᠴᠢᠯᠠᠯ᠂ ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ ᠡᠨᠧᠷᠭᠢ ᠵᠢᠴᠢ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠷ‌ᠪᠣᠯᠭᠠᠨ ᠪᠠᠶᠢᠭᠤᠯᠵᠤ᠂ ᠦᠴᠦᠸᠠᠨ ᠰᠢᠶᠠᠨ ᠢ ᠬᠥᠬᠡᠬᠤᠲᠠ ᠶᠢᠨ ᠰᠣᠶᠣᠯ ᠵᠢᠭᠤᠯᠴᠢᠯᠠᠯ᠂ ᠴᠡᠪᠡᠷ ᠡᠨᠧᠷᠭᠢ ᠵᠢᠴᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃      ᠬᠤᠶᠠᠷ᠂ ᠠᠮᠤᠷ ᠲᠦᠪᠰᠢᠨ ᠢᠶᠠᠷ ᠬᠥᠭᠵᠢᠭᠦᠯᠬᠦ ᠣᠷᠣᠨ ᠵᠠᠢ ᠶᠢᠨ ᠰᠠᠭᠤᠷᠢ ᠶᠢ ᠪᠠᠲᠤ ᠪᠠᠬᠢ ᠴᠣᠭᠴᠠᠯᠠᠨ᠎ᠠ᠃ 2035 ᠣᠨ ᠪᠣᠯᠬᠤ ᠳᠤ᠂ ᠰᠢᠨ᠎ᠡ ᠬᠤᠲᠠ ᠲᠣᠭᠤᠷᠢᠭ ᠤᠨ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 5.9256 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ᠂ ᠡᠭᠦᠨ ᠳᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ 4.8472 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 412.7094 ᠺᠦᠸᠠᠳ᠋ ᠺᠢᠯᠣᠮᠧᠲᠷ ᠠᠴᠠ ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠵᠢᠯ ᠤᠨ ᠰᠠᠭᠤᠷᠢᠨ ᠳᠡᠭᠡᠷ᠎ᠡ 1.1529 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ᠃ ᠬᠤᠲᠣᠩ ᠠᠷᠠᠳ ᠤᠨ ᠲᠣᠭᠤᠷᠢᠭ ᠤᠨ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 0.4405 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 116.5343 ᠺᠦᠸᠠᠳ᠋ ᠺᠢᠯᠣᠮᠧᠲᠷ ᠠᠴᠠ ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠵᠢᠯ ᠤᠨ ᠰᠠᠭᠤᠷᠢᠨ ᠳᠡᠭᠡᠷ᠎ᠡ 1.0569 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ᠃ ᠢᠦᠢ ᠴᠢᠤᠸᠠᠨ ᠲᠣᠭᠤᠷᠢᠭ ᠤᠨ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 10.4584 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ᠂ ᠡᠭᠦᠨ ᠳᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ 9.0003 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 0.0835  ᠺᠦᠸᠠᠳ᠋ ᠺᠢᠯᠣᠮᠧᠲᠷ ᠠᠴᠠ ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠵᠢᠯ ᠤᠨ ᠰᠠᠭᠤᠷᠢᠨ ᠳᠡᠭᠡᠷ᠎ᠡ 1.4499 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ᠃ ᠰᠠᠶᠢᠬᠠᠨ ᠲᠣᠭᠤᠷᠢᠭ ᠤᠨ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 56.4608 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ᠂ ᠡᠭᠦᠨ ᠳᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ 51.2195 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 34.4406 ᠺᠦᠸᠠᠳ᠋ ᠺᠢᠯᠣᠮᠧᠲᠷ ᠠᠴᠠ ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠵᠢᠯ ᠤᠨ ᠰᠠᠭᠤᠷᠢᠨ ᠳᠡᠭᠡᠷ᠎ᠡ 1.4412 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ᠃ ᠲᠦᠮᠡᠳ ᠵᠡᠭᠦᠨ ᠬᠤᠰᠢᠭᠤᠨ ᠤ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 172.9627 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ᠂ ᠡᠭᠦᠨ ᠳᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ 146.0652 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 1031.3292 ᠺᠦᠸᠠᠳ᠋ ᠺᠢᠯᠣᠮᠧᠲᠷ ᠠᠴᠠ ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠵᠢᠯ ᠤᠨ ᠰᠠᠭᠤᠷᠢᠨ ᠳᠡᠭᠡᠷ᠎ᠡ 1.3081 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ᠃ ᠲᠣᠭᠲᠠᠬᠤ ᠰᠢᠶᠠᠨ ᠤ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 111.8605 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ᠂ ᠡᠭᠦᠨ ᠳᠤ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ 89.2857 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 8.0322 ᠺᠦᠸᠠᠳ᠋ ᠺᠢᠯᠣᠮᠧᠲᠷ ᠠᠴᠠ ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠵᠢᠯ ᠤᠨ ᠰᠠᠭᠤᠷᠢᠨ ᠳᠡᠭᠡᠷ᠎ᠡ 1.2892 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ᠃ ᠬᠤᠷᠢᠨᠭᠡᠷ ᠰᠢᠶᠠᠨ ᠤ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 156.9247 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ᠂ ᠡᠭᠦᠨ ᠳᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ 135.3773 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 196.9298 ᠺᠦᠸᠠᠳ᠋ ᠺᠢᠯᠣᠮᠧᠲᠷ ᠠᠴᠠ ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠵᠢᠯ ᠤᠨ ᠰᠠᠭᠤᠷᠢᠨ ᠳᠡᠭᠡᠷ᠎ᠡ 1.4808 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ᠃ ᠴᠢᠩ ᠱᠦᠢ ᠾᠧ ᠰᠢᠶᠠᠨ ᠤ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 91.8812 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ᠂ ᠡᠭᠦᠨ ᠳᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ 72.9291 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠢ ᠶᠢ 543.2347 ᠺᠦᠸᠠᠳ᠋ ᠺᠢᠯᠣᠮᠧᠲᠷ ᠠᠴᠠ ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠵᠢᠯ ᠤᠨ ᠰᠠᠭᠤᠷᠢᠨ ᠳᠡᠭᠡᠷ᠎ᠡ 1.2857 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ᠃ ᠦᠴᠦᠸᠠᠨ ᠰᠢᠶᠠᠨ ᠤ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 213.8319 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ᠂ ᠡᠭᠦᠨ ᠳᠤ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ 184.6769 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 757.1624 ᠺᠦᠸᠠᠳ᠋ ᠺᠢᠯᠣᠮᠧᠲᠷ ᠠᠴᠠ ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠵᠢᠯ ᠤᠨ ᠰᠠᠭᠤᠷᠢᠨ ᠳᠡᠭᠡᠷ᠎ᠡ 1.2892 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ᠃ ᠳᠡᠭᠡᠷᠡᠬᠢ ᠬᠤᠰᠢᠭᠤ ᠰᠢᠶᠠᠨ ︵ᠲᠣᠭᠤᠷᠢᠭ︶ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠥᠬᠡᠬᠤᠲᠠ ᠶᠢᠨ ᠳᠣᠷᠣᠭᠰᠢ ᠪᠠᠭᠤᠯᠭᠠᠭᠰᠠᠨ ᠭᠦᠢᠴᠡᠳᠬᠡᠯ ᠲᠤᠭ᠎ᠠ  ᠠᠴᠠ ᠳᠠᠪᠠᠭᠤᠯᠬᠤ ᠦᠭᠡᠢ᠂ ᠦᠨᠳᠦᠰᠦᠨ ᠨᠤᠲᠤᠭ ᠪᠡᠯᠴᠢᠭᠡᠷ ᠤᠨ ᠲᠠᠯᠠᠪᠠᠶ ᠶᠢ ᠲᠣᠰ ᠭᠠᠵᠠᠷ ᠣᠷᠣᠨ ᠤ ᠬᠤᠪᠢᠶᠠᠷᠢᠯᠠᠨ ᠲᠣᠭᠲᠠᠭᠠᠭᠰᠠᠨ ᠲᠠᠯᠠᠪᠠᠶ ᠠᠴᠠ ᠳᠣᠣᠷ᠎ᠠ ᠪᠠᠶᠢᠯᠭᠠᠬᠤ ᠦᠭᠡᠢ᠃      ᠭᠤᠷᠪᠠ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠣᠷᠣᠨ ᠵᠠᠢ ᠶᠢᠨ ᠪᠦᠲᠦᠴᠡ ᠶᠢᠨ ᠰᠢᠯᠢᠳᠡᠭᠵᠢᠭᠦᠯᠦᠯᠲᠡ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠮᠤᠷ ᠲᠦᠪᠰᠢᠨ᠂ ᠪᠣᠬᠢᠷᠲᠤᠯ ᠦᠭᠡᠢ ᠂ ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠤᠨ᠂ ᠲᠠᠷᠢᠶᠠᠯᠠᠬᠤ ᠭᠠᠵᠠᠷ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠴᠢᠩᠳᠠ ᠬᠠᠮᠠᠭᠠᠯᠠᠵᠤ᠂ ᠠᠮᠤ ᠪᠤᠳᠠᠭ᠎ᠠ ᠪᠠ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠠᠮᠤᠷ ᠲᠦᠪᠰᠢᠨ ᠢᠶᠠᠷ ᠬᠠᠩᠭᠠᠬᠤ ᠶᠢ ᠪᠠᠲᠤᠯᠠᠨ᠎ᠠ᠃ ᠠᠮᠢ ᠠᠬᠤᠢ ᠶᠢᠨ ᠣᠷᠣᠨ ᠵᠠᠢ ᠶᠢ ᠬᠠᠮᠠᠭᠠᠯᠠᠬᠤ ᠪᠠ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠠᠮᠢ ᠠᠬᠤᠢ ᠶᠢ ᠰᠡᠷᠭᠦᠭᠡᠬᠦ ᠠᠵᠢᠯ ᠢ ᠥᠷᠨᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠴᠢᠩᠭᠠᠳᠬᠠᠵᠤ᠂ ᠪᠠᠯᠭᠠᠰᠤ ᠪᠠ ᠲᠣᠰᠬᠤᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠨᠠᠶᠢᠷᠠᠮᠳᠠᠭᠤ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠴᠢᠩᠭ᠎ᠠ ᠰᠠᠬᠢᠵᠤ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠵᠤ᠂ ᠱᠠᠲᠤ ᠦᠶ᠎ᠡ ᠪᠠ ᠴᠠᠭ ᠤᠨ ᠳᠠᠷᠠᠭᠠᠯᠠᠯ ᠬᠤᠪᠢᠶᠠᠵᠤ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠨ᠎ᠡ᠃ ᠬᠤᠳᠠ ᠬᠥᠳᠡᠭᠡ ᠶᠢᠨ ᠦᠯᠡᠳᠡᠭᠡᠯ ᠬᠡᠷᠡᠭᠯᠡᠭᠡᠨ ᠤ ᠭᠠᠵᠠᠷ ᠰᠢᠷᠣᠢ ᠶᠢᠨ ᠲᠠᠯᠳᠠ ᠬᠦᠴᠦᠨ ᠢ ᠠᠭᠤᠳᠠᠯᠬᠤ ᠡᠷᠴᠢᠮ ᠢᠶᠠᠨ ᠴᠢᠩᠭᠠᠷᠠᠭᠤᠯᠤᠨ᠂ ᠬᠥᠷᠥᠰᠥ ᠰᠢᠷᠣᠢ ᠶᠢᠨ ᠬᠠᠮ ᠠᠰᠢᠭᠯᠠᠯᠲᠠ ᠶᠢ ᠬᠥᠲᠥᠯᠥᠨ ᠵᠢᠯᠤᠭᠤᠳᠴᠤ᠂ ᠬᠥᠷᠥᠰᠥ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠬᠤᠳᠠ ᠪᠠᠯᠭᠠᠰᠤᠨ ᠤ ᠠᠭᠤᠯᠤᠭᠳᠠᠬᠤᠨ ᠮᠠᠶ᠋ᠢᠭ ᠤᠨ ᠡᠷᠴᠢᠮᠯᠢᠭ ᠬᠥᠭᠵᠢᠯᠲᠡ ᠶᠢ ᠠᠬᠢᠭᠤᠯᠤᠨ᠎ᠠ᠃      ᠳᠥᠷᠪᠡ᠂ ᠬᠤᠲᠠ ᠬᠥᠳᠡᠭᠡ ᠶᠢᠨ ᠣᠷᠣᠨ ᠵᠠᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠲᠥᠪ ᠪᠣᠯᠬᠤ ᠬᠤᠲᠠ ᠲᠣᠭᠤᠷᠢᠭ ᠤᠨ ᠣᠷᠣᠨ ᠵᠠᠢ ᠶᠢᠨ ᠪᠦᠲᠦᠴᠡ ᠪᠠ ᠭᠠᠵᠠᠷ ᠰᠢᠷᠣᠢ ᠬᠡᠷᠡᠭᠯᠡᠬᠦ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠰᠤᠷᠭᠠᠨ ᠬᠥᠮᠦᠵᠢᠯ᠂ ᠰᠣᠶᠣᠯ᠂ ᠪᠡᠶ᠎ᠡ ᠶᠢᠨ ᠲᠠᠮᠢᠷ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠣᠷᠣᠨ ᠰᠠᠭᠤᠴᠠ ᠳᠤ ᠬᠡᠷᠡᠭᠯᠡᠬᠦ ᠭᠠᠵᠠᠷ ᠰᠢᠷᠣᠢ ᠶᠢ ᠵᠦᠢ ᠵᠣᠬᠢᠰᠲᠠᠢ ᠲᠣᠬᠢᠷᠠᠭᠤᠯᠤᠨ᠂ ᠨᠡᠶᠢᠭᠡᠮ ᠲᠣᠭᠤᠷᠢᠭ ᠤᠨ ᠬᠢᠨ ᠤ ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠬᠥᠳᠡᠭᠡ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠬᠤᠳᠠ ᠶᠢᠨ ︽ᠲᠦᠷᠪᠡᠨ ᠱᠤᠭᠤᠮ︾ ᠤᠨ ᠬᠠᠮᠢᠶᠠᠷᠤᠯᠲᠠ ᠡᠵᠡᠮᠳᠡᠯ ᠢ ᠴᠢᠩᠳᠠᠯᠠᠵᠤ᠂ ᠤᠯᠠᠨ ᠨᠡᠶᠢᠲᠡ ᠶᠢᠨ ᠴᠢᠯᠦᠭᠡᠲᠦ ᠵᠠᠳᠠᠭᠠᠢ ᠣᠷᠣᠨ ᠵᠠᠢ ᠶᠢ ᠰᠢᠰᠲ᠋ᠧᠮ ᠲᠠᠢ ᠪᠠᠷ ᠪᠠᠶᠢᠭᠤᠯᠤᠨ᠂ ᠬᠤᠳᠠ ᠶᠢᠨ ᠰᠢᠨᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠲᠡᠦᠬᠡ ᠰᠣᠶᠣᠯ ᠤᠨ ᠬᠠᠮᠠᠭᠠᠯᠠᠯᠲᠠ ᠶᠢᠨ ᠱᠤᠭᠤᠮ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠵᠢᠴᠢ ᠡᠷᠬᠢᠨ ᠲᠣᠭᠤᠷᠢᠨ ᠤ ᠣᠷᠴᠢᠨ ᠠᠬᠤᠢ ᠶᠢ ᠰᠠᠶᠢᠲᠤᠷ ᠬᠠᠮᠠᠭᠠᠯᠠᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠨ᠎ᠠ᠃ ᠬᠤᠳᠠ ᠶᠢᠨ ᠵᠢᠷᠤᠭ ᠲᠥᠯᠥᠪᠯᠡᠭᠡ᠂ ᠠᠶᠢᠯ ᠲᠣᠰᠬᠤᠨ ᠤ ᠵᠢᠷᠤᠭ ᠲᠥᠯᠥᠪᠯᠡᠭᠡ ᠶᠢᠨ ᠠᠵᠢᠯ ᠢ ᠴᠢᠩᠭᠠᠷᠠᠭᠤᠯᠤᠨ᠂ ᠬᠤᠳᠠ ᠬᠥᠳᠡᠭᠡ ᠶᠢᠨ ᠣᠷᠣᠨ ᠵᠠᠢ ᠶᠢᠨ ᠬᠡᠯᠪᠡᠷᠢ ᠪᠠᠶᠢᠳᠠᠯ ᠢ ᠰᠢᠯᠢᠳᠡᠭᠵᠢᠭᠦᠯᠵᠦ᠂ ᠨᠤᠲᠤᠭ ᠪᠦᠰᠡ ᠶᠢᠨ ᠣᠨᠴᠠᠯᠢᠭ ᠢ ᠭᠦᠢᠴᠡᠳ ᠠᠭᠤᠯᠤᠭᠰᠠᠨ ᠬᠤᠳᠠ ᠬᠥᠳᠡᠭᠡ ᠶᠢᠨ ᠳᠦᠷᠰᠦ ᠪᠠᠶᠢᠳᠠᠯ ᠢ ᠢᠯᠡᠷᠡᠭᠦᠯᠦᠨ᠎ᠡ᠃      ᠲᠠᠪᠤ᠂ ᠣᠳᠣᠬᠢᠴᠢᠯᠠᠭᠰᠠᠨ ᠰᠠᠭᠤᠷᠢ ᠪᠡᠯᠡᠳᠬᠡᠮᠵᠢ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ᠬᠤᠳᠠ ᠬᠥᠳᠡᠭᠡ ᠶᠢᠨ ᠡᠯ᠎ᠡ ᠲᠦᠷᠦᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠰᠠᠭᠤᠷᠢ ᠪᠡᠯᠡᠳᠬᠡᠮᠵᠢ ᠶᠢᠨ ᠪᠠᠲᠤᠯᠠᠭ᠎ᠠ ᠶᠢᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ ᠣᠷᠣᠨ ᠪᠦᠰᠡ ᠶᠢᠨ ᠴᠢᠬᠤᠯᠠ ᠬᠤᠳᠠ ᠯᠤᠭ᠎ᠠ ᠶᠢᠨ ᠵᠠᠮ ᠬᠠᠷᠢᠯᠴᠠᠭᠠᠨ ᠤ ᠬᠠᠷᠢᠯᠴᠠᠭ᠎ᠠ ᠬᠤᠯᠪᠤᠭ᠎ᠠ ᠶᠢ ᠴᠢᠩᠭᠠᠷᠠᠭᠤᠯᠤᠨ᠂ ᠡᠯ᠎ᠡ ᠵᠦᠢᠯ ᠤᠨ ᠵᠠᠮ ᠬᠠᠷᠢᠯᠴᠠᠭᠠᠨ ᠤ ᠠᠷᠭ᠎ᠠ ᠮᠠᠶ᠋ᠢᠭ ᠢ ᠬᠠᠷᠢᠯᠴᠠᠨ ᠵᠣᠬᠢᠴᠠᠭᠤᠯᠤᠭᠰᠠᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠭᠲᠠᠯᠴᠠᠭ᠎ᠠ ᠶᠢ ᠪᠠᠶᠢᠭᠤᠯᠤᠨ᠎ᠠ᠃ ᠤᠯᠠᠨ ᠨᠡᠶᠢᠲᠡ ᠶᠢᠨ ᠠᠮᠤᠷ ᠲᠦᠪᠰᠢᠨ ᠪᠠ ᠭᠠᠮᠰᠢᠭ ᠢ ᠶᠡᠷᠦᠩᠬᠡᠶᠢᠯᠡᠨ ᠰᠡᠷᠭᠡᠶᠢᠯᠡᠬᠦ ᠲᠣᠭᠲᠠᠯᠴᠠᠭ᠎ᠠ ᠶᠢ ᠪᠦᠷᠢᠨᠰᠢᠭᠦᠯᠵᠦ᠂ ᠬᠤᠳᠠ ᠶᠢᠨ ᠠᠮᠢᠨ ᠰᠤᠳᠠᠰᠤ ᠪᠦᠬᠦᠢ ᠴᠢᠳᠠᠮᠵᠢ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠬᠤᠳᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠢ ᠳᠡᠭᠡᠭᠰᠢᠯᠡᠭᠦᠯᠦᠨ᠎ᠡ᠃      ᠵᠢᠷᠭᠤᠭ᠎ᠠ᠂ ᠲᠥᠯᠦᠪᠵᠢᠭᠦᠯᠭᠡ ᠶᠢᠨ ᠲᠥᠪ ᠴᠢᠩᠭ᠎ᠠ ᠴᠢᠨᠠᠷ ᠡᠷᠬᠡ ᠰᠦᠷᠲᠦ ᠴᠢᠨᠠᠷ ᠢ ᠬᠠᠮᠠᠭᠠᠯᠠᠨ᠎ᠠ᠃ ︽ᠣᠯᠠᠨ ᠲᠥᠯᠦᠪᠵᠢᠭᠦᠯᠭᠡ ᠶᠢ ᠨᠢᠭᠡ ᠪᠣᠯᠭᠠᠬᠤ︾ ᠥᠭᠡᠷᠡᠴᠢᠯᠡᠯᠲᠡ ᠶᠢᠨ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠲᠣᠭᠲᠠᠯᠴᠠᠭ᠎ᠠ ᠠᠴᠠ ᠭᠠᠳᠠᠨ᠎ᠠ ᠪᠤᠰᠤᠳ ᠣᠷᠣᠨ ᠵᠠᠢ ᠶᠢᠨ ᠲᠥᠯᠦᠪᠵᠢᠭᠦᠯᠭᠡ ᠶᠢ ᠠᠰᠲᠠᠭᠠᠨ ᠭᠠᠷᠭᠠᠬᠤ ᠦᠭᠡᠢ᠃ ︽ᠲᠥᠯᠦᠪᠵᠢᠭᠦᠯᠭᠡ︾ ᠶᠢ ᠴᠢᠩᠭ᠎ᠠ ᠬᠡᠷᠡᠭᠵᠢᠭᠦᠯᠵᠦ᠂ ᠶᠠᠮᠠᠷᠪᠠ ᠰᠠᠯᠠᠭ᠎ᠠ ᠮᠥᠴᠢᠷ ᠪᠠ ᠬᠤᠪᠢ ᠬᠥᠮᠥᠨ ᠭᠡᠳ ᠳᠤᠷ᠎ᠠ ᠪᠠᠷ ᠢᠶᠠᠨ ᠵᠠᠰᠠᠪᠤᠷᠢ ᠣᠷᠣᠭᠤᠯᠵᠤ᠂ ᠲᠣᠭᠲᠠᠭᠠᠯ ᠠᠴᠠ ᠵᠥᠷᠢᠴᠡᠨ ᠬᠤᠪᠢᠷᠠᠭᠠᠵᠤ ᠪᠣᠯᠬᠤ ᠦᠭᠡᠢ᠃ ᠨᠢᠭᠡᠨ ᠵᠢᠷᠤᠭ ᠲᠥᠰᠥᠪ ᠢ ᠪᠠᠷᠢᠵᠤ ᠡᠴᠦᠰ ᠲᠤ ᠨᠢ ᠲᠤᠯᠲᠠᠯ᠎ᠠ ᠲᠤᠭᠤᠰᠢᠲᠠᠢ ᠬᠢᠬᠦ ᠶᠢ ᠪᠠᠷᠢᠮᠲᠠᠯᠠᠵᠤ᠂ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠦᠨ᠎ᠡ᠃ ︽ᠭᠤᠷᠪᠠᠨ ᠣᠷᠣᠨ ᠵᠠᠢ ᠭᠤᠷᠪᠠᠨ ᠡᠵᠡᠮᠳᠡᠯ ᠤᠨ ᠱᠤᠭᠤᠮ︾ ᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠳᠣᠣᠷ᠎ᠠ᠂ ︽ᠲᠥᠯᠦᠪᠵᠢᠭᠦᠯᠭᠡ︾ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠴᠢᠩᠭ᠎ᠠ ᠬᠠᠮᠢᠶᠠᠷᠤᠨ᠎ᠠ᠃ ᠨᠠᠷᠢᠯᠢᠭ ᠲᠥᠯᠦᠪᠵᠢᠭᠦᠯᠭᠡ᠂ ᠬᠠᠮᠢᠶ᠎ᠠ ᠪᠦᠬᠦᠢ ᠲᠤᠰᠬᠠᠢ ᠵᠦᠢᠯ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠲᠤᠰᠬᠠᠢ ᠵᠦᠢᠯ ᠤᠨ ᠲᠥᠯᠦᠪᠵᠢᠭᠦᠯᠭᠡ ᠳᠠᠬᠢ ᠵᠢᠯᠣᠭᠤᠳᠤᠯᠭ᠎ᠠ ᠬᠢᠵᠠᠭᠠᠷᠯᠠᠯ ᠢᠶᠠᠨ ᠴᠢᠩᠭᠠᠷᠠᠭᠤᠯᠤᠨ᠎ᠠ᠃ ᠪᠦᠬᠦ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠬᠥᠳᠡᠯᠦᠩᠭᠦᠢ ᠪᠠᠷ ᠬᠢᠨᠠᠨ ᠰᠢᠨᠵᠢᠬᠦ ᠦᠨᠡᠯᠡᠨ ᠵᠢᠱᠢᠬᠦ ᠤᠷᠢᠳᠴᠢᠯᠠᠨ ᠰᠡᠷᠡᠮᠵᠢᠯᠡᠭᠦᠯᠬᠦ ᠪᠠ ᠬᠢᠨᠠᠯᠲᠠ ᠬᠠᠮᠢᠶᠠᠷᠤᠯᠲᠠ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ︽ᠲᠥᠯᠦᠪᠵᠢᠭᠦᠯᠭᠡ︾ ᠶᠢ ᠳᠠᠷᠤᠮᠠᠯᠯᠠᠨ ᠲᠠᠷᠬᠠᠭᠠᠬᠤ ᠪᠠ ᠢᠯᠡ ᠪᠣᠯᠭᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠷᠠᠭᠤᠯᠤᠨ᠎ᠠ᠃ ︽ᠲᠥᠯᠦᠪᠵᠢᠭᠦᠯᠭᠡ︾ ᠶᠢ ᠬᠡᠷᠡᠭᠵᠢᠭᠦᠯᠬᠦ ᠶᠠᠪᠤᠴᠠ ᠳᠠᠬᠢ ᠴᠢᠬᠤᠯᠠ ᠶᠡᠭᠡ ᠵᠦᠢᠯᠡᠰ ᠢ ᠴᠠᠭ ᠲᠤᠬᠠᠢ ᠳᠤ ᠨᠢ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃                                    2024 ᠣᠨ ᠤ12 ᠳ᠋ᠤᠭᠠᠷ ᠰᠠᠷ᠎ᠠ ᠶᠢᠨ19 ᠤ ᠡᠳᠦᠷ                                      ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号