2024 ᠣᠨ ᠳᠤ ᠮᠠᠨ ᠤ ᠣᠷᠣᠨ ᠤ ᠡᠨᠧᠷᠭᠢ ᠶᠢᠨ ᠬᠦᠷᠢᠶᠡᠨ ᠤ 15 ᠲᠠᠯ᠎ᠠ ᠶᠢᠨ ᠭᠦᠢᠴᠡᠳᠬᠡᠯ ᠲᠤᠭ᠎ᠠ ᠪᠦᠭᠦ ᠤᠯᠤᠰ ᠲᠤ ᠲᠦᠷᠦᠭᠦᠯᠡᠪᠡ
ᠨᠡᠶᠢᠲᠡᠯᠡᠭᠰᠡᠨ ᠴᠠᠭ᠄
2025/2/5
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2024 ᠣᠨ ᠳᠤ ᠮᠠᠨ ᠤ ᠣᠷᠣᠨ ᠤ ᠡᠨᠧᠷᠭᠢ ᠶᠢᠨ ᠬᠦᠷᠢᠶᠡᠨ ᠤ 15 ᠲᠠᠯ᠎ᠠ ᠶᠢᠨ ᠭᠦᠢᠴᠡᠳᠬᠡᠯ ᠲᠤᠭ᠎ᠠ ᠪᠦᠭᠦ ᠤᠯᠤᠰ ᠲᠤ ᠲᠦᠷᠦᠭᠦᠯᠡᠪᠡ᠃      ᠣᠶᠢᠯᠠᠭᠠᠭᠰᠠᠨ ᠢᠶᠠᠷ᠂ 2024 ᠣᠨ ᠳᠤ ᠮᠠᠨ ᠤ ᠣᠷᠣᠨ ᠤ ᠡᠨᠧᠷᠭᠢ ᠶᠢᠨ ᠬᠦᠷᠢᠶᠡᠨ ᠤ ᠨᠡᠭᠦᠷᠡᠰᠦ   ᠶᠢ ᠭᠠᠳᠠᠭᠰᠢ ᠲᠡᠭᠡᠭᠡᠪᠦᠷᠢᠯᠡᠬᠦ ᠬᠡᠮᠵᠢᠶ᠎ᠡ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢᠨ ᠬᠡᠮᠵᠢᠶ᠎ᠡ᠂ ᠴᠠᠭᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ᠂ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠴᠠᠭᠢᠯᠭᠠᠨ ᠭᠠᠷᠭᠠᠬᠤ ᠬᠡᠮᠵᠢᠶ᠎ᠡ᠂ ᠭᠠᠳᠠᠭᠰᠢ ᠬᠦᠷᠭᠡᠭᠰᠡᠨ ᠴᠠᠭᠢᠯᠭᠠᠨ ᠤ ᠬᠡᠮᠵᠢᠶ᠎ᠡ᠂ ᠰᠢᠨ᠎ᠡ ᠡᠨᠧᠷᠭᠢ ᠶᠢᠨ ᠶᠡᠷᠦᠩᠬᠡᠢ ᠮᠠᠰᠢᠨ ᠴᠣᠭᠴᠠᠯᠠᠪᠤᠷᠢ᠂ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠴᠠᠭᠢᠯᠭᠠᠨ ᠭᠠᠷᠭᠠᠬᠤ ᠬᠡᠮᠵᠢᠶ᠎ᠡ᠂ ᠨᠡᠭᠦᠷᠡᠰᠦ ᠪᠠᠷ ᠰᠢᠲᠠᠮᠠᠬᠠᠢ ᠬᠡᠢ ᠦᠢᠯᠡᠳᠬᠦ ᠦᠢᠯᠡᠳᠪᠦᠷᠢᠯᠡᠯ ᠤᠨ ᠴᠢᠳᠠᠪᠤᠷᠢ ᠵᠡᠷᠭᠡ 10 ᠵᠦᠢᠯ ᠤᠨ ᠭᠦᠢᠴᠡᠳᠬᠡᠯ ᠲᠤᠭ᠎ᠠ ᠨᠢ ᠦᠷᠭᠦᠯᠵᠢᠯᠡᠨ ᠪᠦᠭᠦ ᠤᠯᠤᠰ ᠲᠤ ᠲᠡᠷᠢᠭᠦᠯᠡᠬᠦ ᠶᠢ ᠪᠠᠲᠤᠯᠠᠭᠰᠠᠨ ᠰᠠᠭᠤᠷᠢᠨ ᠳᠡᠭᠡᠷ᠎ᠡ ᠨᠡᠭᠦᠷᠡᠰᠦᠨ ᠤ ᠭᠠᠷᠤᠯᠲᠠ᠂ ᠰᠢᠨ᠎ᠡ ᠭᠡᠯᠪᠡᠷᠢ ᠶᠢᠨ ᠨᠥᠭᠡᠴᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ᠂ ᠪᠣᠬᠢᠷᠳᠤᠯ ᠦᠭᠡᠢ ᠴᠠᠭᠢᠯᠭᠠᠨ ᠤ ᠠᠷᠠᠯᠵᠢᠶᠠᠨ ᠤ ᠬᠡᠪᠴᠢᠶ᠎ᠡ᠂ ᠨᠡᠭᠦᠷᠡᠰᠦ ᠪᠠᠷ ᠰᠢᠲᠠᠮᠠᠬᠠᠢ ᠬᠡᠢ ᠦᠢᠯᠡᠳᠬᠦ ᠭᠠᠷᠤᠯᠲᠠ ᠶᠢᠨ ᠬᠡᠮᠵᠢᠶ᠎ᠡ᠂ ᠪᠣᠬᠢᠷᠳᠤᠯ ᠦᠭᠡᠢ ᠤᠰᠤᠲᠥ᠋ᠷᠥᠭᠴᠢ ᠦᠢᠯᠡᠳᠪᠦᠷᠢᠯᠡᠬᠦ ᠴᠢᠳᠠᠪᠤᠷᠢ ᠵᠡᠷᠭᠡ 5 ᠲᠠᠯ᠎ᠠ ᠪᠠᠷ ᠪᠠᠰᠠ ᠪᠦᠭᠦ ᠤᠯᠤᠰ ᠲᠤ ᠲᠦᠷᠦᠭᠦᠯᠡᠪᠡ᠃      2024 ᠣᠨ ᠳᠤ ᠪᠦᠭᠦ ᠣᠷᠣᠨ ᠤ ᠡᠨᠧᠷᠭᠢ ᠶᠢᠨ ᠠᠵᠤ ᠠᠬᠤᠢ ︽ᠠᠷᠪᠠᠨ ᠳᠥᠷᠪᠡᠳᠦᠭᠡᠷ ᠲᠠᠪᠤᠨ ᠵᠢᠯ︾  ᠠᠴᠠ ᠨᠠᠭᠠᠰᠢᠬᠢ ᠰᠡᠷᠭᠦᠨ ᠰᠠᠶᠢᠵᠢᠷᠠᠬᠤ ᠬᠥᠭᠵᠢᠯᠲᠡ ᠶᠢᠨ ᠪᠠᠶᠢᠳᠠᠯ ᠢᠶᠠᠨ ᠦᠷᠭᠦᠯᠵᠢᠯᠡᠭᠦᠯᠵᠦ᠂ ᠭᠤᠣᠯ ᠭᠦᠢᠴᠡᠳᠬᠡᠯ ᠲᠤᠭ᠎ᠠ ᠨᠢ ᠴᠥᠮ ᠵᠢᠱᠢᠯᠲᠡ ᠠᠴᠠ ᠰᠠᠶᠢᠨ ᠪᠠᠶᠢᠵᠤ᠂ ᠶᠡᠷᠦᠩᠬᠡᠢ ᠳᠡᠭᠡᠨ ᠲᠣᠭᠲᠠᠭᠤᠨ ᠤ ᠳᠤᠮᠳᠠ ᠰᠠᠶᠢᠵᠢᠷᠠᠬᠤ᠂ ᠰᠠᠶᠢᠨ ᠪᠠᠶᠢᠬᠤ ᠶᠢᠨ ᠳᠤᠮᠳᠠ ᠤᠷᠤᠭᠰᠢᠯᠠᠬᠤ᠂ ᠤᠷᠤᠭᠰᠢᠯᠠᠯᠲᠠ ᠶᠢᠨ ᠳᠤᠮᠳᠠ ᠬᠦᠴᠦ ᠬᠤᠷᠠᠮᠳᠤᠭᠤᠯᠬᠤ ᠬᠥᠭᠵᠢᠯᠲᠡ ᠶᠢᠨ ᠪᠠᠶᠢᠳᠠᠯ ᠢᠯᠡᠷᠡᠪᠡ᠃ ᠪᠦᠭᠦ ᠣᠷᠣᠨ ᠤ ᠠᠵᠤ ᠠᠬᠤᠢ ᠶᠢᠨ ᠨᠡᠮᠡᠭᠳᠡᠯ ᠳᠤ ᠦᠵᠡᠭᠦᠯᠭᠦ ᠡᠨᠧᠷᠭᠢ  ᠶᠢᠨ ᠬᠤᠪᠢ ᠨᠡᠮᠡᠷᠢ ᠶᠢᠨ ᠦᠢᠯᠡᠳᠦᠯ ᠰᠢᠨ᠎ᠡ ᠳᠡᠭᠡᠳᠦ ᠬᠡᠮᠵᠢᠶᠡᠨ ᠳᠤ ᠬᠦᠷᠴᠦ᠂ ᠪᠦᠭᠦ ᠣᠷᠣᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠬᠠᠭᠠᠰ ᠢᠯᠡᠭᠦᠦ ᠶᠢᠨ ᠨᠡᠮᠡᠭᠳᠡᠯ ᠤᠨ ᠬᠤᠷᠳᠤᠴᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠠᠷᠪᠠᠨ ᠤ ᠭᠤᠷᠪᠠᠨ ᠬᠤᠪᠢ᠂ ᠠᠰᠢᠭ ᠬᠤᠨᠵᠢᠪᠤᠷᠢ ᠶᠢᠨ ᠨᠠᠢᠮᠠᠨ ᠬᠤᠪᠢ ᠣᠷᠴᠢᠮ ᠤᠨ ᠶᠡᠷᠦᠩᠬᠡᠢ ᠲᠤᠭ᠎ᠠ᠂ ᠭᠠᠶᠢᠯᠢ ᠶᠢᠨ ᠣᠷᠣᠯᠭ᠎ᠠ ᠶᠢᠨ ᠳᠥᠷᠪᠡᠨ ᠬᠤᠪᠢ ᠵᠡᠷᠭᠡ ᠲᠠᠯ᠎ᠠ ᠪᠠᠷ ᠨᠡᠮᠡᠷᠢ ᠦᠵᠡᠭᠦᠯᠪᠡ᠃ ᠡᠨᠧᠷᠭᠢ ᠶᠢᠨ ᠬᠦᠷᠢᠶᠡᠨ ᠤ ᠦᠢᠯᠡᠳᠬᠦᠨ ᠤ ᠭᠠᠷᠤᠯᠲᠠ ᠳᠠᠬᠢᠨᠲᠠ ᠰᠢᠨ᠎ᠡ ᠳᠡᠭᠲᠡᠷ ᠲᠤ ᠭᠠᠷᠴᠤ᠂ 2023 ᠣᠨ ᠤ ᠡᠨᠧᠷᠭᠢ ᠶᠢᠨ ᠬᠦᠷᠢᠶᠡᠨ ᠤ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ ᠥᠨᠳᠥᠷ ᠰᠠᠭᠤᠷᠢ ᠲᠤᠭ᠎ᠠ᠂ ᠥᠨᠳᠥᠷ ᠨᠡᠮᠡᠭᠳᠡᠯ ᠤᠨ ᠰᠠᠭᠤᠷᠢᠨ ᠳᠡᠭᠡᠷ᠎ᠡ ᠪᠦᠭᠦ ᠣᠷᠣᠨ ᠤ ᠴᠠᠭᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ 23.8% ᠪᠠᠷ ᠨᠡᠮᠡᠭᠳᠡᠵᠦ᠂ ᠴᠠᠭᠢᠯᠭᠠᠨ ᠭᠠᠷᠭᠠᠬᠤ ᠬᠡᠮᠵᠢᠶ᠎ᠡ 9.4% ᠪᠠᠷ ᠨᠡᠮᠡᠭᠳᠡᠵᠦ᠂ ᠭᠠᠳᠠᠭᠰᠢ ᠬᠦᠷᠭᠡᠭᠰᠡᠨ ᠴᠠᠭᠢᠯᠭᠠᠨ ᠤ ᠬᠡᠮᠵᠢᠶ᠎ᠡ 10.2% ᠢᠶᠠᠷ ᠨᠡᠮᠡᠭᠳᠡᠵᠦ᠂ ᠴᠠᠭᠢᠯᠭᠠᠨ ᠬᠡᠷᠡᠭᠯᠡᠬᠦ ᠬᠡᠮᠵᠢᠶ᠎ᠡ 7.7% ᠪᠠᠷ ᠨᠡᠮᠡᠭᠳᠡᠵᠦ᠂ ᠰᠢᠨ᠎ᠡ ᠡᠨᠧᠷᠭᠢ ᠶᠢ ᠲᠣᠣᠷ ᠲᠤ ᠨᠡᠶᠢᠯᠡᠭᠦᠯᠦᠭᠰᠡᠨ ᠬᠡᠮᠵᠢᠶ᠎ᠡ ᠰᠢᠨ᠎ᠡ ᠪᠠᠷ 32% ᠨᠡᠮᠡᠭᠳᠡᠵᠦ᠂ ᠰᠢᠨ᠎ᠡ ᠡᠨᠧᠷᠭᠢ ᠶᠢ ᠲᠣᠣᠷ ᠲᠤ ᠨᠡᠶᠢᠯᠡᠭᠦᠯᠦᠭᠰᠡᠨ ᠬᠡᠮᠵᠢᠶ᠎ᠡ ᠨᠡᠶᠢᠳᠡ 45% ᠪᠠᠷ ᠨᠡᠮᠡᠭᠳᠡᠵᠦ᠂ ᠨᠡᠭᠦᠷᠡᠰᠦᠨ ᠤ ᠭᠠᠷᠤᠯᠲᠠ 5.4% ᠪᠠᠷ ᠨᠡᠮᠡᠭᠳᠡᠵᠦ᠂ ᠴᠢᠯᠠᠭᠤᠨ ᠲᠣᠰᠣᠨ ᠤ ᠭᠠᠷᠤᠯᠲᠠ 10% ᠪᠠᠷ ᠨᠡᠮᠡᠭᠳᠡᠵᠦ᠂ ᠪᠠᠶᠢᠭᠠᠯᠢ ᠶᠢᠨ ᠰᠢᠲᠠᠮᠠᠬᠠᠢ ᠬᠡᠢ  ᠶᠢᠨ ᠭᠠᠷᠤᠯᠲᠠ 3.2% ᠢᠶᠠᠷ ᠨᠡᠮᠡᠭᠳᠡᠵᠦ᠂ ᠰᠢᠨ᠎ᠡ ᠭᠡᠯᠪᠡᠷᠢ ᠶᠢᠨ ᠨᠥᠭᠡᠴᠡ ᠡᠨᠧᠷᠭᠢ ᠶᠢᠨ ᠶᠡᠷᠦᠩᠬᠡᠢ ᠮᠠᠰᠢᠨ ᠴᠣᠭᠴᠠᠯᠠᠪᠤᠷᠢ 246% ᠪᠠᠷ ᠨᠡᠮᠡᠭᠳᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号