30 ᠵᠦᠢᠯ ᠤᠨ ᠤᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠨᠢ ᠭᠦᠭᠡᠬᠤᠲᠠ ᠶᠢᠨ ᠴᠠᠭᠠᠨ ᠰᠠᠷ᠎ᠠ ᠳᠤ ᠥᠪᠡᠷᠮᠢᠴᠡ ᠭᠦᠭ ᠠᠶᠠᠰ ᠨᠡᠮᠡᠷᠢᠯᠡᠨ᠎ᠡ
ᠨᠡᠶᠢᠲᠡᠯᠡᠭᠰᠡᠨ ᠴᠠᠭ᠄
2025/2/5
     ᠭᠦᠭᠡᠬᠤᠲᠠ ᠵᠡᠭᠦᠨ ᠦᠷᠳᠡᠭᠡ ᠳᠤ ᠠᠶᠠᠨᠴᠢᠳ ᠭᠠᠯᠲᠤ ᠲᠡᠷᠭᠡᠨ ᠠᠴᠠ ᠪᠠᠭᠤᠮᠠᠭᠴᠠ ᠥᠷᠲᠡᠭᠡᠨ ᠤ ᠠᠵᠢᠯᠲᠠᠳ ᠪᠣᠯᠣᠨ ᠰᠠᠶᠢᠨ ᠲᠤᠷᠠᠴᠤᠳ ᠬᠠᠯᠠᠭᠤᠮᠰᠤᠭ ᠢᠶᠠᠷ ᠤᠭᠲᠤᠨ ᠠᠪᠴᠤ᠂ ᠠᠭᠤᠷ ᠪᠠᠭᠠᠭᠢᠭᠰᠠᠨ ᠰᠦ ᠲᠠᠢ ᠴᠠᠢ ᠬᠦᠷᠭᠡᠵᠦ ᠢᠷᠡᠨ᠎ᠠ᠃      ᠠᠶᠠᠨᠴᠢᠳ ᠥᠷᠲᠡᠭᠡᠨ ᠠᠴᠠ ᠭᠠᠷᠬᠤ ᠶᠡᠭᠡ ᠲᠢᠩᠬᠢᠮ ᠳᠤ ᠣᠷᠣᠬᠤ ᠳᠤ ᠬᠥᠭᠵᠢᠮ ᠤᠨ ᠠᠶᠠᠰ ᠴᠤᠤᠷᠢᠶᠠᠲᠤᠵᠤ᠂ ᠪᠠᠶᠠᠷ ᠳᠤᠷᠠᠰᠬᠠᠯ ᠤᠨ ᠬᠤᠪᠴᠠᠰᠤ ᠵᠠᠰᠠᠯ ᠢᠶᠠᠷ ᠢᠶᠠᠨ ᠴᠢᠮᠡᠭᠯᠡᠭᠰᠡᠨ ᠲᠣᠭᠯᠠᠭᠴᠢᠳ ᠤᠨ ᠣᠷᠭᠢᠯᠤᠮ᠎ᠠ ᠬᠠᠯᠠᠭᠤᠨ ᠰᠡᠳᠬᠢᠯᠭᠡ ᠲᠠᠢ ᠳᠠᠭᠤᠤ ᠪᠥᠵᠢᠭ ᠤᠨ ᠲᠣᠬᠯᠠᠯᠲᠠ ᠨᠢ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠬᠤᠷᠣᠮᠬᠠᠨ ᠵᠠᠭᠤᠷ᠎ᠠ ᠬᠥᠭᠵᠢᠭᠡᠵᠦ᠂ ᠠᠶᠠᠨᠴᠢᠳ ᠤᠨ ᠬᠠᠯᠠᠭᠤᠨ ᠠᠯᠠᠭ᠎ᠠ ᠲᠡᠰᠢᠯᠲᠡ ᠪᠠ ᠮᠠᠭᠲᠠᠭᠠᠯ ᠰᠠᠶᠢᠰᠢᠶᠠᠯ ᠢ ᠣᠯᠳᠠᠭ᠃      ︽ᠲᠡᠷᠭᠡᠨ ᠠᠴᠠ ᠪᠠᠭᠤᠮᠠᠭᠴᠠ ᠨᠤᠲᠤᠭ ᠤᠨ ᠢᠶᠠᠨ ᠰᠦ ᠲᠠᠢ ᠴᠠᠢ ᠠᠴᠠ ᠠᠮᠰᠠᠵᠤ᠂ ᠲᠤᠰᠬᠠᠶᠢᠯᠠᠨ ᠪᠡᠯᠡᠳᠬᠡᠭᠰᠡᠨ ᠲᠣᠬᠯᠠᠯᠲᠠ ᠶᠢ ᠰᠣᠨᠢᠷᠬᠠᠭᠠᠳ ᠰᠡᠳᠬᠢᠯ ᠳᠤ ᠮᠠᠰᠢ ᠳᠤᠯᠠᠭᠠᠬᠠᠨ ᠰᠠᠨᠠᠭᠳᠠᠨ᠎ᠠ︕︾ ᠭᠡᠵᠦ ᠨᠢᠭᠡᠨ ᠠᠶᠠᠨᠴᠢᠨ ᠳᠣᠭᠳᠣᠯᠤᠨ ᠬᠡᠯᠡᠪᠡ᠃      1 ᠰᠠᠷ᠎ᠠ ᠶᠢᠨ 22 ᠠᠴᠠ 24 ᠤ ᠡᠳᠦᠷ ᠪᠤᠯᠲᠠᠯ᠎ᠠ᠂ ᠭᠦᠭᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠭᠦᠭᠡᠬᠤᠲᠠ ᠵᠡᠭᠦᠨ ᠥᠷᠲᠡᠭᠡ᠂ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ᠂ ᠰᠢᠨᠬᠤᠸᠠ ᠠᠭᠤᠳᠠᠮ ᠲᠠᠯᠠᠪᠠᠶ ᠶᠢᠨ ᠭᠠᠵᠠᠷ ᠳᠣᠣᠷᠠᠬᠢ ᠲᠡᠮᠦᠷ ᠵᠠᠮ ᠤᠨ ᠥᠷᠲᠡᠭᠡ ᠳᠤ 6 ᠲᠠᠯᠠᠪᠤᠷ ᠭᠤᠶᠢᠳᠠ ᠰᠠᠶᠢᠬᠠᠨ ᠴᠠᠷᠭᠢᠶ᠎ᠠ ᠲᠤᠬᠯᠠᠯᠳᠠ ᠶᠢᠨ ᠠᠵᠢᠯᠯᠠᠭ᠎ᠠ ᠥᠷᠨᠢᠭᠦᠯᠵᠦ᠂ ᠭᠡᠷ ᠲᠡᠭᠡᠨ ᠬᠠᠷᠢᠵᠤ ᠢᠷᠡᠭᠰᠡᠨ ᠠᠶᠠᠨᠴᠢᠳ ᠲᠤ ᠭᠦᠨ ᠵᠤᠵᠠᠭᠠᠨ ᠨᠤᠲᠤᠭ ᠤᠨ ᠰᠡᠳᠬᠢᠯᠭᠡ ᠪᠠ ᠬᠠᠶᠢᠷ᠎ᠠ ᠬᠠᠯᠠᠮᠵᠢ ᠶᠢ ᠮᠡᠳᠡᠷᠡᠭᠦᠯᠪᠡ᠃      ︽ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ ᠪᠣᠯ ᠳᠤᠮᠳᠠᠳᠤ ᠶᠢᠨ ᠦᠨᠳᠦᠰᠦᠲᠡᠨ ᠤ ᠬᠠᠮᠤᠭ ᠤᠨ ᠴᠢᠬᠤᠯᠠ ᠤᠯᠠᠮᠵᠢᠯᠠᠯᠲᠤ ᠪᠠᠶᠠᠷ ᠤᠨ ᠡᠳᠦᠷ ᠮᠥᠨ᠂ ᠮᠣᠭᠠᠢ ᠵᠢᠯ ᠤᠨ ᠴᠠᠭᠠᠨ ᠰᠠᠷ᠎ᠠ ᠪᠣᠯ ᠪᠣᠳᠠᠰ ᠤᠨ ᠪᠤᠰᠤ ᠰᠣᠶᠣᠯ ᠤᠨ ᠥᠪ ᠢᠶᠠᠷ ᠭᠤᠶᠤᠴᠢᠯᠠᠨ ᠮᠡᠳᠡᠭᠦᠯᠦᠭᠰᠡᠨ ᠤ ᠳᠠᠷᠠᠭᠠᠬᠢ ᠠᠩᠬᠠᠳᠠᠭᠴᠢ ᠴᠠᠭᠠᠨ ᠰᠠᠷ᠎ᠠ ᠮᠥᠨ᠃ ᠲᠤᠰ ᠤᠳᠠᠭ᠎ᠠ ᠪᠣᠳᠠᠰ ᠤᠨ ᠪᠤᠰᠤ ᠰᠣᠶᠣᠯ ᠤᠨ ᠥᠪ ᠢᠶᠠᠷ ᠦᠨᠡᠯᠡᠭᠳᠡᠭᠰᠡᠨ ᠨᠢ ᠴᠠᠭᠠᠨ ᠰᠠᠷ᠎ᠠ ᠶᠢᠨ ᠡᠨᠡ ᠬᠦ ︿ᠳᠤᠮᠳᠠᠳᠤ ᠤᠯᠤᠰ ᠤᠨ ᠴᠠᠭᠠᠨ ᠰᠠᠷ᠎ᠠ﹀ ᠶᠢ ᠳᠡᠯᠡᠬᠡᠢ ᠳ᠋ᠠᠬᠢᠨ ᠳᠤ ᠨᠡᠩ ᠶᠡᠭᠡ ᠨᠥᠯᠥᠭᠡᠯᠡᠬᠦ ᠬᠦᠴᠦᠨ ᠲᠠᠢ ᠪᠣᠯᠭᠠᠵᠠᠢ᠃ ᠡᠶᠢᠮᠦ ᠠᠴᠠ ᠡᠨᠡ ᠵᠢᠯ ᠤᠨ ᠪᠠᠶᠠᠷ ᠤᠨ ᠡᠳᠦᠷ ᠤᠨ ᠬᠤᠭᠤᠴᠠᠭᠠᠨ ᠳᠤ ᠭᠦᠭᠡᠬᠤᠲᠠ ᠥᠷᠭᠡᠨ ᠣᠯᠠᠨ ᠬᠤᠲᠠ ᠶᠢᠨ ᠠᠷᠠᠳ ᠪᠣᠯᠣᠨ ᠵᠢᠭᠤᠯᠴᠢᠯᠠᠬᠰᠡᠳ ᠲᠤ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠨᠠᠷᠢᠨ ᠨᠢᠮᠪᠠᠢ ᠪᠡᠯᠡᠳᠬᠡᠵᠦ᠂ 1 ᠰᠠᠷ᠎ᠠ ᠶᠢᠨ 22 ᠤᠨ ᠡᠳᠦᠷ ᠠᠴᠠ 2 ᠰᠠᠷ᠎ᠠ ᠶᠢᠨ 12 ᠤᠨ ᠡᠳᠦᠷ ᠪᠤᠯᠲᠠᠯ᠎ᠠ᠂ ᠭᠦᠭᠡᠭᠡ ᠰᠠᠷ᠎ᠠ ᠶᠢᠨ ᠬᠤᠷᠢᠨ ᠭᠤᠷᠪᠠᠨ ᠠᠴᠠ ᠴᠠᠭᠠᠨ ᠰᠠᠷ᠎ᠠ ᠶᠢᠨ ᠠᠷᠪᠠᠨ ᠲᠠᠪᠤᠨ ᠪᠤᠯᠲᠠᠯ᠎ᠠ᠂ ᠪᠦᠭᠦ ᠬᠤᠲᠠ ᠨᠡᠶᠢᠲᠡ 30 ᠵᠦᠢᠯ ᠤᠨ ᠣᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠣᠯᠣᠨ᠎ᠠ︾ ᠭᠡᠵᠦ 1 ᠰᠠᠷ᠎ᠠ ᠶᠢᠨ 28 ᠤ ᠡᠳᠦᠷ ᠭᠦᠭᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠠᠯᠠᠭᠠᠨ ᠤ ᠳᠠᠷᠤᠭ᠎ᠠ ᠰᠥᠩ ᠷᠦᠩ ᠹᠠᠩ ᠰᠤᠷᠪᠤᠯᠵᠢᠯᠠᠬᠴᠢ ᠳᠤ ᠬᠡᠯᠡᠪᠡ᠃      ᠬᠥᠬᠡᠭᠴᠢᠨ ᠮᠣᠭᠠᠢ ᠵᠢᠯ ᠤᠨ ᠠᠷᠪᠠᠨ ᠬᠤᠶᠠᠷ ᠵᠢᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠭᠦᠯᠭᠡ ᠶᠢᠨ ᠰᠢᠨ᠎ᠡ ᠡᠭᠦᠳᠦᠯᠲᠡ ᠶᠢᠨ ᠴᠢᠨᠠᠷᠲᠠᠢ ᠦᠵᠡᠭᠦᠯᠭᠡ ᠶᠢᠨ ᠢᠵᠢ ᠪᠦᠷᠢᠳᠦᠭᠰᠡᠨ ᠰᠣᠶᠣᠯ ᠤᠨ ᠡᠭᠦᠳᠦᠯᠲᠡ ᠶᠢᠨ ᠴᠤᠭᠯᠠᠭ᠎ᠠ ᠮᠠᠶᠢᠮᠠᠢ ᠶᠢᠨ ᠵᠠᠭᠪᠤᠷ ᠢ ᠭᠠᠷᠭᠠᠵᠤ᠂ ᠬᠠᠭᠠᠨ ᠤ ᠣᠷᠳᠣᠨ ᠤ ᠮᠦᠽᠧᠢ᠂ ᠰᠦᠵᠧᠦ ᠶᠢᠨ ᠮᠦᠽᠧᠢ᠂ ᠾᠧᠨᠠᠨ ᠤ ᠮᠦᠽᠧᠢ᠂ ᠵᠢᠶᠠᠩᠰᠢ ᠮᠤᠵᠢ ᠶᠢᠨ ᠮᠦᠽᠧᠢ᠂ ᠳ᠋ᠦᠨᠬᠤᠸᠠᠩ ᠤᠨ ᠰᠤᠳᠤᠯᠭᠠᠨ ᠤ ᠬᠦᠷᠢᠶᠡᠯᠡᠩ᠂ ᠱᠠᠩᠬᠠᠢ ᠶᠢᠨ ᠮᠦᠽᠧᠢ ᠵᠡᠷᠭᠡ ᠨᠥᠯᠥᠭᠡᠯᠡᠬᠦ ᠬᠦᠴᠦᠨ ᠲᠠᠢ ᠲᠣᠮᠣ ᠣᠷᠳᠣᠨ ᠢ ᠣᠷᠣᠭᠤᠯᠤᠨ ᠠᠪᠴᠢᠷᠠᠬᠤ ᠪᠠᠷ ᠳᠠᠮᠵᠢᠨ ᠪᠦᠭᠦ ᠤᠯᠤᠰ ᠤᠨ ᠠᠩᠬᠠᠳᠠᠭᠴᠢ ︽ᠰᠣᠶᠣᠯ ᠤᠨ ᠡᠭᠦᠳᠦᠯᠲᠡ ᠶᠢᠨ ᠰᠢᠨ᠎ᠡ ᠣᠷᠣᠨ ᠵᠠᠢ︾ ᠶᠢ ᠬᠠᠮᠲᠤᠷᠠᠨ ᠪᠤᠶ ᠪᠣᠯᠭᠠᠪᠠ᠃ ᠲᠤᠬᠠᠢ ᠶᠢᠨ ᠲᠠᠯᠠᠪᠠᠶ ᠶᠢᠨ ᠰᠣᠳᠣᠨ ᠪᠦᠲᠦᠭᠡᠯ 1000 ᠭᠠᠷᠤᠢ ᠵᠦᠢᠯ ᠪᠠᠶᠢᠵᠤ᠂ 50 ᠭᠠᠷᠤᠢ ᠵᠦᠢᠯ ᠤᠨ ᠰᠣᠶᠣᠯ ᠤᠨ ᠡᠭᠦᠳᠦᠯᠲᠡ ᠶᠢᠨ ᠰᠣᠳᠣᠨ ᠪᠦᠲᠦᠭᠡᠯ ᠪᠤᠶ᠃      1 ᠰᠠᠷ᠎ᠠ ᠶᠢᠨ 24 ᠤ ᠣᠷᠣᠢ᠂ ᠰᠤᠷᠪᠤᠯᠵᠢᠯᠠᠬᠴᠢ ᠭᠦᠭᠡᠬᠤᠲᠠ ᠶᠢᠨ ᠱᠤᠭᠤᠮᠠᠯ ᠤᠨ ᠤᠷᠠᠯᠢᠭ ᠤᠨ ᠣᠷᠳᠣᠨ ᠳᠤ ᠭᠦᠷᠪᠡ᠃ ᠰᠥᠨᠢ ᠶᠢᠨ ᠵᠢᠭᠤᠯᠴᠢᠯᠠᠯ ᠢ ᠡᠬᠢᠯᠡᠭᠦᠯᠦᠭᠰᠡᠨ ᠤ ᠳᠠᠷᠠᠭ᠎ᠠ ᠠᠳᠡ ᠨᠢᠭᠡᠨᠲᠡ ᠵᠡᠭᠦᠳᠦ ᠵᠡᠷᠭᠡᠯᠭᠡᠨ ᠰᠢᠤᠬᠠᠨ ᠬᠡᠦᠬᠡᠳ ᠤᠨ ᠦᠯᠢᠭᠡᠷ ᠤᠨ ᠶᠢᠷᠲᠢᠨᠴᠦ ᠪᠣᠯᠵᠠᠢ᠃      1 ᠰᠠᠷ᠎ᠠ ᠶᠢᠨ 22 ᠤᠨ ᠡᠳᠦᠷ ᠠᠴᠠ 2 ᠰᠠᠷ᠎ᠠ ᠶᠢᠨ 12 ᠤᠨ ᠡᠳᠦᠷ ᠪᠤᠯᠲᠠᠯ᠎ᠠ᠂ ᠭᠦᠭᠡᠬᠤᠲᠠ ᠶᠢᠨ ᠱᠤᠭᠤᠮᠠᠯ ᠤᠷᠠᠯᠢᠭ ᠤᠨ ᠣᠷᠳᠣᠨ ᠤ ᠡᠳᠦᠷ ᠪᠦᠷᠢ ᠶᠢᠨ ᠡᠭᠦᠳᠡ ᠪᠠᠨ ᠬᠠᠭᠠᠬᠤ ᠴᠠᠭ ᠢ 22 ᠴᠠᠭ ᠪᠤᠯᠲᠠᠯ᠎ᠠ ᠤᠷᠲᠤᠳᠬᠠᠪᠠ᠃ ᠱᠤᠭᠤᠮᠠᠯ ᠤᠷᠠᠯᠢᠭ ᠤᠨ ᠣᠷᠳᠣᠨ A᠂ B ᠬᠤᠶᠠᠷ ᠦᠵᠡᠭᠦᠯᠭᠡ ᠶᠢᠨ ᠲᠢᠩᠬᠢᠮ ᠳᠤ ᠳᠤᠮᠳᠠᠳᠤ ᠤᠯᠤᠰ ᠤᠨ ᠬᠤᠳᠠ ᠶᠢᠨ ᠱᠤᠭᠤᠮᠠᠯᠴᠢᠳ ᠤᠨ ᠨᠡᠶᠢᠭᠡᠮᠯᠢᠭ ᠤᠨ ᠡᠷᠳᠡᠮ ᠰᠢᠨᠵᠢᠯᠡᠭᠡᠨ ᠤ ᠵᠥᠪᠯᠡᠯ ᠠᠴᠠ ᠰᠣᠩᠭᠤᠨ ᠰᠢᠯᠭᠠᠷᠠᠭᠤᠯᠤᠭᠰᠠᠨ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠠᠭᠤᠤ ᠶᠡᠭᠡ ᠰᠢᠨ᠎ᠡ ᠴᠠᠭ ᠦᠶ᠎ᠡ ᠶᠢ ᠮᠠᠭᠲᠠᠨ ᠰᠠᠶᠢᠰᠢᠶᠠᠭᠰᠠᠨ ᠱᠤᠭᠤᠮᠠᠯ ᠤᠷᠠᠯᠢᠭ ᠤᠨ ᠪᠦᠲᠦᠭᠡᠯ ᠵᠢᠴᠢ ᠤᠳᠠᠭ᠎ᠠ ᠪᠦᠷᠢ ᠶᠢᠨ ᠱᠤᠭᠤᠮᠠᠯ ᠤᠨ ᠭᠤᠣᠯ ᠰᠡᠳᠦᠪᠲᠦ ᠦᠵᠡᠭᠦᠯᠭᠡ ᠠᠴᠠ ᠰᠣᠩᠭᠤᠨ ᠰᠢᠯᠭᠠᠷᠠᠭᠤᠯᠤᠭᠰᠠᠨ ᠰᠢᠯᠢᠳᠡᠭ ᠱᠤᠭᠤᠮᠠᠯ ᠤᠨ ᠪᠦᠲᠦᠭᠡᠯ ᠤᠨ ᠰᠣᠩᠭᠤᠳᠠᠭ ᠪᠦᠲᠦᠭᠡᠯ ᠢ ᠳᠡᠯᠭᠡᠨ ᠦᠵᠡᠭᠦᠯᠦᠨ᠎ᠡ᠃      1 ᠰᠠᠷ᠎ᠠ ᠶᠢᠨ 22 ᠠᠴᠠ 1 ᠰᠠᠷ᠎ᠠ ᠶᠢᠨ 27 ᠤ ᠦᠳᠡ ᠶᠢᠨ ᠬᠤᠶᠢᠨ᠎ᠠ ᠪᠤᠯᠲᠠᠯ᠎ᠠ᠂  ᠴᠠᠭᠠᠨ ᠰᠠᠷ᠎ᠠ ᠶᠢᠨ ᠬᠤᠣᠰ ᠤᠶᠠᠩᠭ᠎ᠠ ᠪᠢᠴᠢᠬᠦ᠂ ᠴᠣᠩᠬᠤᠨ ᠬᠠᠶᠢᠴᠢᠯᠠᠮᠠᠯ ᠬᠠᠶᠢᠴᠢᠯᠠᠬᠤ᠂ ᠥᠩᠭᠡᠯᠡᠨ ᠪᠤᠳᠤᠬᠤ ᠵᠡᠷᠭᠡ ᠤᠯᠠᠮᠵᠢᠯᠠᠯᠲᠤ ᠵᠠᠩ ᠦᠢᠯᠡ ᠶᠢᠨ ᠠᠵᠢᠯᠯᠠᠭ᠎ᠠ ᠥᠷᠨᠢᠭᠦᠯᠵᠦ᠂ ᠬᠤᠲᠠ ᠶᠢᠨ ᠠᠷᠠᠳ ᠵᠢᠭᠤᠯᠴᠢᠯᠠᠬᠰᠠᠳ ᠲᠤᠰᠬᠠᠢ ᠪᠠᠭᠰᠢ ᠶᠢᠨ ᠵᠢᠯᠣᠭᠤᠳᠤᠯᠭ᠎ᠠ ᠳᠣᠣᠷ᠎ᠠ ᠥᠯᠵᠡᠢ ᠪᠡᠯᠭᠡ ᠶᠢ ᠪᠡᠯᠭᠡᠳᠡᠭᠰᠡᠨ ᠴᠠᠭᠠᠨ ᠰᠠᠷ᠎ᠠ ᠶᠢᠨ ᠬᠤᠣᠰ ᠤᠶᠠᠩᠭ᠎ᠠ ᠶᠢ ᠥᠪᠡᠷ ᠢᠶᠠᠨ ᠪᠢᠴᠢᠵᠦ᠂ ᠨᠠᠷᠢᠯᠢᠭ ᠰᠠᠶᠢᠬᠠᠨ ᠴᠣᠩᠬᠤᠨ ᠬᠠᠶᠢᠴᠢᠯᠠᠮᠠᠯ ᠬᠠᠶᠢᠴᠢᠯᠠᠵᠤ᠂ ᠤᠶᠠᠵᠤ ᠪᠤᠳᠤᠬᠤ ᠥᠪᠡᠷᠮᠢᠴᠡ ᠪᠦᠲᠦᠭᠡᠯ ᠢ ᠦᠢᠯᠡᠳᠴᠦ᠂ ᠴᠠᠭᠠᠨ ᠰᠠᠷ᠎ᠠ ᠶᠢᠨ ᠥᠳᠬᠡᠨ ᠵᠤᠵᠠᠭᠠᠨ ᠦᠨᠦᠷ ᠠᠮᠲᠠ ᠶᠢ ᠮᠡᠳᠡᠷᠡᠭᠦᠯᠪᠡ᠃      1 ᠰᠠᠷ᠎ᠠ ᠶᠢᠨ 31 ᠠᠴᠠ 2 ᠰᠠᠷ᠎ᠠ ᠶᠢᠨ 12  ᠪᠤᠯᠲᠠᠯ᠎ᠠ᠂ ᠭᠤᠯᠢᠷ ᠪᠠᠷᠢᠮᠠᠯ᠂ ᠰᠢᠪᠠᠷ ᠪᠠᠷᠢᠮᠠᠯ ᠬᠢᠬᠦ ᠵᠡᠷᠭᠡ ᠬᠤᠷᠰᠢᠯᠴᠠᠬᠤ ᠠᠵᠢᠯᠯᠠᠭ᠎ᠠ ᠵᠠᠯᠭᠠᠭ᠎ᠠ ᠪᠠᠷ ᠲᠠᠶᠢᠰᠠᠨ ᠳᠤ ᠭᠠᠷᠴᠤ᠂ ᠬᠥᠮᠥᠰ ᠤᠯᠠᠮᠵᠢᠯᠠᠯᠲᠤ ᠭᠠᠷ ᠤᠷᠠᠯᠠᠯ ᠤᠨ ᠤᠷ᠎ᠠ ᠮᠡᠷᠭᠡᠵᠢᠯ ᠢ ᠰᠤᠷᠤᠯᠴᠠᠬᠤ ᠶᠢᠨ ᠵᠡᠷᠭᠡ ᠪᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠬᠦ ᠪᠣᠯᠣᠨ᠎ᠠ᠃      ᠰᠤᠷᠪᠤᠯᠵᠢᠯᠠᠬᠴᠢ ᠶᠢᠨ ᠣᠶᠢᠯᠠᠭᠠᠭᠰᠠᠨ ᠢᠶᠠᠷ᠂ 2025 ᠣᠨ ᠤ ᠭᠦᠭᠡᠬᠤᠲᠠ ᠶᠢᠨ ᠴᠠᠭᠠᠨ ᠰᠠᠷ᠎ᠠ ᠶᠢᠨ ᠰᠣᠶᠣᠯ ᠤᠨ ᠰᠦᠮ᠎ᠡ ᠶᠢᠨ ᠬᠤᠷᠠᠯ 2 ᠰᠠᠷ᠎ᠠ ᠶᠢᠨ 3 ᠠᠴᠠ 2 ᠰᠠᠷ᠎ᠠ ᠶᠢᠨ 12 ᠤᠨ ᠡᠳᠦᠷ ᠪᠤᠯᠲᠠᠯ᠎ᠠ ᠲᠣᠰ ᠲᠣᠰ ᠪᠣᠭᠤᠮᠲᠠ ᠶᠢᠨ ᠭᠠᠳᠠᠨᠠᠬᠢ ᠬᠠᠭᠤᠴᠢᠨ ᠵᠡᠭᠡᠯᠢ ᠶᠢᠨ ᠬᠡᠰᠡᠭ᠂ ᠭᠦᠭᠡᠬᠤᠲᠠ ᠶᠢᠨ ᠱᠤᠭᠤᠮᠠᠯ ᠤᠷᠠᠯᠢᠭ ᠤᠨ ᠣᠷᠳᠣᠨ ᠪᠣᠯᠣᠨ ᠮᠤᠨᠢ ᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ ᠵᠡᠷᠭᠡ ᠭᠠᠵᠠᠷ ᠲᠤ ᠶᠠᠪᠤᠭᠳᠠᠬᠤ ᠪᠣᠯᠣᠨ᠎ᠠ᠃      ᠤᠯᠠᠮᠵᠢᠯᠠᠯᠲᠤ ᠪᠣᠳᠠᠰ ᠤᠨ ᠪᠤᠰᠤ ᠰᠣᠶᠣᠯ ᠤᠨ ᠥᠪ ᠤᠨ ᠠᠷᠠᠳ ᠤᠨ ᠨᠠᠶᠢᠷ ᠨᠠᠭᠠᠳᠤᠮ ᠤᠨ ᠦᠵᠡᠭᠦᠯᠭᠡ ᠪᠣᠯᠣᠨ ᠤᠷᠠᠨ ᠰᠠᠶᠢᠬᠠᠨ ᠤ ᠲᠣᠬᠯᠠᠯᠲᠠ ᠠᠴᠠ ᠭᠠᠳᠠᠨ᠎ᠠ ᠪᠣᠭᠤᠮᠲᠠ ᠶᠢᠨ ᠭᠠᠳᠠᠨᠠᠬᠢ ᠬᠠᠭᠤᠴᠢᠨ ᠵᠡᠭᠡᠯᠢ ᠶᠢᠨ ᠭᠤᠣᠯ ᠲᠠᠶᠢᠰᠠᠨ ᠳᠤ ᠶᠠᠪᠤᠭᠳᠠᠬᠤ ᠴᠠᠭᠠᠨ ᠰᠠᠷ᠎ᠠ ᠶᠢᠨ ᠰᠢᠨ᠎ᠡ ᠶᠢᠨ ᠵᠢᠷᠭᠤᠭᠠᠨ ᠤ ︽ᠣᠭᠲᠠᠷᠭᠤᠢ ᠳᠤ ᠳᠡᠭᠦᠯᠢᠭᠰᠡᠨ ᠯᠣᠣ︾  ᠶᠢᠨ ᠦᠵᠡᠭᠦᠯᠭᠡ ᠪᠣᠯᠣᠨ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠷᠠᠭᠤᠨ ᠬᠤᠳᠠ ᠶᠢᠨ ᠡᠭᠦᠳᠡᠨ ᠠᠰᠠᠷ  ᠤᠨ︽ᠭᠦᠭᠡᠬᠤᠲᠠ ᠶᠢᠨ ᠱᠠᠩ ᠶᠤᠸᠠᠨ ᠬᠤᠳᠠᠯᠳᠤᠭᠠᠨ ᠤ ᠵᠡᠭᠡᠯᠢ ᠨᠡᠭᠡᠭᠡᠬᠦ ᠦᠵᠡᠭᠦᠯᠭᠡ︾᠂ ᠴᠠᠭᠠᠨ ᠰᠠᠷ᠎ᠠ ᠶᠢᠨ ᠰᠢᠨ᠎ᠡ ᠶᠢᠨ ᠨᠠᠢᠮᠠᠨ ᠤ ᠭᠦᠭᠡᠬᠤᠲᠠ ᠶᠢᠨ ᠱᠤᠭᠤᠮᠠᠯ ᠤᠷᠠᠯᠢᠭ ᠤᠨ ᠣᠷᠳᠣᠨ ᠳᠤ ᠭᠦᠨᠵᠡᠭᠡᠢ ᠪᠡᠶᠡᠴᠢᠯᠡᠨ ᠣᠶᠢᠯᠠᠭᠠᠬᠤ ᠮᠠᠶ᠋ᠢᠭ ᠤᠨ ᠤᠯᠤᠰ ᠤᠨ ᠤᠷᠤᠰᠬᠠᠯ ᠤᠨ ᠲᠣᠭᠤᠷᠢᠨ ᠦᠵᠡᠭᠦᠯᠭᠡ ᠨᠢ ᠮᠣᠭᠠᠢ ᠵᠢᠯ ᠤᠨ ᠴᠠᠭᠠᠨ ᠰᠠᠷ᠎ᠠ᠂ ᠥᠯᠵᠡᠶᠢᠲᠦ ᠡᠳᠦᠷ ᠤᠨ ᠰᠣᠶᠣᠯ ᠤᠨ ᠰᠦᠮ᠎ᠡ ᠶᠢᠨ ᠬᠤᠷᠠᠯ ᠤᠨ ᠠᠵᠢᠯᠯᠠᠭ᠎ᠠ ᠶᠢᠨ ᠪᠠᠰᠠ ᠨᠢᠭᠡᠨ ᠭᠢᠯᠠᠰ ᠴᠡᠭ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号