ᠴᠠᠭᠠᠨ ᠰᠠᠷ᠎ᠠ ᠶᠢᠨ ᠠᠮᠠᠷᠠᠯᠲᠠ ᠶᠢᠨ ᠲᠦᠷᠦᠭᠦᠦ 3 ᠡᠳᠦᠷ ᠲᠤ ᠥᠪᠥᠷ ᠮᠣᠩᠭᠤᠯ ᠤᠨ ᠣᠷᠣᠨ ᠪᠦᠰᠡ ᠰᠤᠨᠳᠠᠯᠠᠵᠤ ᠠᠶᠠᠯᠠᠭᠰᠠᠨ ᠬᠥᠮᠥᠨ ᠤ ᠲᠤᠭ᠎ᠠ ᠨᠡᠶᠢᠲᠡ 824 ᠲᠦᠮᠡ ᠭᠠᠷᠤᠢ ᠬᠥᠮᠥᠨ ᠤᠳᠠᠭ᠎ᠠ ᠳᠤ ᠬᠦᠷᠴᠡᠢ
ᠨᠡᠶᠢᠲᠡᠯᠡᠭᠰᠡᠨ ᠴᠠᠭ᠄
2025/2/5
     ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠡ ᠶᠢ ᠦᠨᠳᠦᠰᠦᠯᠡᠪᠡᠯ᠂ ᠴᠠᠭᠠᠨ ᠰᠠᠷ᠎ᠠ ᠶᠢᠨ ᠠᠮᠠᠷᠠᠯᠲᠠ ᠶᠢᠨ ᠲᠦᠷᠦᠭᠦᠦ 3 ᠡᠳᠦᠷ ᠲᠤ᠂ ᠳᠠᠷᠤᠢ 1 ᠰᠠᠷ᠎ᠠ ᠶᠢᠨ 28 ᠠᠴᠠ 30 ᠤ ᠡᠳᠦᠷ ᠪᠤᠯᠲᠠᠯ᠎ᠠ᠂ ᠥᠪᠥᠷ ᠮᠣᠩᠭᠤᠯ ᠤᠨ ᠣᠷᠣᠨ ᠪᠦᠰᠡ ᠰᠤᠨᠳᠠᠯᠠᠵᠤ ᠠᠶᠠᠯᠠᠭᠰᠠᠨ ᠬᠥᠮᠥᠨ ᠤ ᠲᠤᠭ᠎ᠠ ᠨᠡᠶᠢᠳᠡ 824.39 ᠲᠦᠮᠡᠨ ᠬᠥᠮᠥᠨ ᠤᠳᠠᠭ᠎ᠠ ᠳᠤ ᠬᠦᠷᠴᠡᠢ᠃      ᠪᠦᠭᠦ ᠣᠷᠣᠨ ᠤ ᠡᠵᠡᠩᠨᠡᠯᠲᠡ ᠶᠢᠨ ᠴᠢᠨᠠᠷᠲᠠᠢ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ ᠨᠡᠶᠢᠲᠡ 48.41 ᠲᠦᠮᠡᠨ ᠬᠥᠮᠥᠨ ᠤᠳᠠᠭ᠎ᠠ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.51% ᠪᠠᠷ ᠨᠡᠮᠡᠭᠳᠡᠪᠡ᠃ ᠡᠭᠦᠨ ᠳᠤ᠂ ᠲᠡᠮᠦᠷ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ ᠨᠡᠶᠢᠲᠡ 28.92 ᠲᠦᠮᠡᠨ ᠬᠥᠮᠥᠨ ᠤᠳᠠᠭ᠎ᠠ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.86% ᠪᠠᠷ ᠨᠡᠮᠡᠭᠳᠡᠪᠡ; ᠵᠠᠰᠠᠮᠠᠯ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ ᠨᠡᠶᠢᠲᠡ 2.7 ᠲᠦᠮᠡᠨ ᠬᠥᠮᠥᠨ ᠤᠳᠠᠭ᠎ᠠ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 75.39% ᠪᠠᠷ ᠨᠡᠮᠡᠭᠳᠡᠵᠡᠶ; ᠠᠷᠠᠳ ᠤᠨ ᠠᠭᠠᠷ ᠤᠨ ᠵᠥᠭᠡᠭᠡᠪᠦᠷᠢ ᠶᠢᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ ᠨᠡᠶᠢᠲᠡ 16.79 ᠲᠦᠮᠡᠨ ᠬᠥᠮᠥᠨ ᠤᠳᠠᠭ᠎ᠠ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.67% ᠪᠠᠷ ᠨᠡᠮᠡᠭᠳᠡᠪᠡ᠃      ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠠᠮᠠᠷᠠᠯᠲᠠ ᠶᠢᠨ ᠬᠤᠭᠤᠴᠠᠭᠠᠨ ᠳᠤ ᠭᠠᠳᠠᠭᠰᠢ ᠭᠠᠷᠬᠤ ᠠᠮᠤᠷ ᠲᠦᠪᠰᠢᠨ ᠪᠠ ᠰᠠᠭᠠᠳ ᠦᠭᠡᠢ ᠠᠶᠠᠯᠠᠬᠤ ᠶᠢ ᠪᠦᠭᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ᠃ 1 ᠰᠠᠷ᠎ᠠ ᠶᠢᠨ 24 ᠤ ᠡᠳᠦᠷ ᠴᠠᠰᠤ ᠣᠷᠣᠭᠰᠠᠨ ᠠᠴᠠ ᠨᠠᠭᠠᠰᠢ᠂ ᠪᠦᠭᠦ ᠣᠷᠣᠨ ᠤ 20 ᠵᠤᠷᠪᠤᠰ ᠲᠦᠷᠭᠡᠨ ᠤ ᠵᠠᠰᠠᠮᠠᠯ ᠵᠠᠮ ᠤᠨ 2892 ᠺᠢᠯᠣᠮᠧᠲᠷ᠂ 13 ᠵᠤᠷᠪᠤᠰ ᠤᠯᠤᠰ ᠤᠨ ᠪᠠ ᠮᠤᠵᠢ ᠶᠢᠨ ᠭᠤᠣᠯ ᠵᠠᠮ ᠱᠤᠭᠤᠮ ᠤᠨ 1228 ᠺᠢᠯᠣᠮᠧᠲᠷ ᠤᠨ ᠵᠠᠮ ᠨᠥᠯᠥᠭᠡᠯᠡᠭᠳᠡᠵᠦ᠂ 1 ᠰᠠᠷ᠎ᠠ ᠶᠢᠨ 30 ᠤ ᠡᠳᠦᠷ ᠤᠨ 18 ᠴᠠᠭ ᠪᠤᠯᠲᠠᠯ᠎ᠠ᠂ ᠨᠢᠭᠡᠨᠲᠡ ᠪᠦᠭᠦᠨ ᠢ ᠨᠡᠪᠲᠡᠷᠡᠭᠦᠯᠪᠡ᠃ ᠨᠡᠶᠢᠲᠡ 15760 ᠤᠳᠠᠭ᠎ᠠ ᠶᠢᠨ ᠠᠵᠢᠯᠲᠠᠨ᠂ 4312 ᠡᠭᠡᠯᠵᠢ ᠶᠢᠨ ᠡᠯ᠎ᠡ ᠲᠥᠷᠥᠯ ᠤᠨ ᠲᠡᠷᠭᠡ ᠶᠢ ᠮᠥᠰᠥ ᠴᠠᠰᠤ ᠠᠷᠢᠯᠭᠠᠬᠤ ᠠᠵᠢᠯ ᠳᠤ ᠣᠷᠣᠯᠴᠠᠭᠤᠯᠵᠤ᠂ 15116 ᠲᠣᠨ ᠴᠠᠰᠤ ᠬᠠᠶᠢᠯᠤᠭᠤᠯᠬᠤ ᠡᠳ᠋᠂ 4287 ᠪᠣᠰᠤᠭ᠎ᠠ ᠳᠥᠷᠪᠡᠯᠵᠢᠨ ᠮᠧᠲᠷ ᠭᠤᠯᠭᠤᠬᠤ ᠶᠢ ᠰᠡᠷᠭᠡᠶᠢᠯᠡᠬᠦ ᠡᠳ᠋ ᠰᠠᠴᠤᠵᠤ᠂ ᠨᠡᠶᠢᠲᠡ 20.8 ᠲᠦᠮᠡᠨ ᠺᠢᠯᠣᠮᠧᠲᠷ ᠤᠨ ᠵᠠᠮ ᠢ ᠠᠷᠢᠯᠭᠠᠨ ᠴᠡᠪᠡᠷᠯᠡᠵᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号