ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2025 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/6
     2 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2025 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠵᠢᠭᠦᠯᠬᠦ ᠲᠥᠰᠥᠯ︾᠂ ︽ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠪᠣᠭᠤᠮᠲᠠ ᠰᠢᠪᠲᠤᠯᠬᠤ ᠶᠢ ᠠᠬᠢᠭᠤᠯᠬᠤ ᠲᠥᠰᠥᠯ︾᠂ ︽ᠴᠡᠪᠡᠷ ᠡᠨᠧᠷᠭᠢ ᠶᠢᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠠᠬᠢᠭᠤᠯᠬᠤ ᠲᠥᠰᠥᠯ︾᠂ ︽ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠶᠠᠨ ᠤ ᠬᠡᠪᠴᠢᠶᠡᠨ ᠤ ᠠᠯᠳᠠᠷᠰᠢᠯ ᠢ ᠳᠡᠭᠡᠭᠰᠢᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠠᠬᠢᠭᠤᠯᠬᠤ ᠲᠥᠰᠥᠯ︾᠂ ︽ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠡᠷᠡᠭᠵᠢᠭᠦᠯᠬᠦ ᠲᠥᠰᠥᠯ︾ ᠵᠡᠷᠭᠡ ︽ᠨᠠᠢᠮᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠭᠰᠡᠨ ᠪᠥᠭᠡᠳ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠭᠦᠢᠴᠡᠳᠬᠡᠵᠦ᠂ ᠰᠢᠯᠵᠢᠭᠦᠯᠦᠨ ᠠᠵᠢᠯ ᠣᠯᠭᠤᠵᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ᠂ ᠠᠵᠤ ᠦᠢᠯᠡᠰ ᠢᠶᠠᠷ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠬᠤ᠂ ᠲᠦᠷᠦ ᠶᠢᠨ ᠪᠣᠳᠣᠯᠭ᠎ᠠ ᠶᠢᠨ ᠦᠨᠳᠦᠰᠦᠨ ᠵᠦᠢᠯ ᠢ ᠪᠠᠲᠤᠯᠠᠵᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠵᠡᠷᠭᠡ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠦᠢᠯ ᠳᠠᠷᠠᠭᠠᠯᠠᠨ ᠰᠠᠶᠢᠲᠤᠷ ᠨᠠᠶᠢᠳᠠᠪᠤᠷᠢᠵᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠥᠪᠡᠷ ᠤᠨ ᠪᠡᠶ᠎ᠡ ᠪᠠᠷ ᠢᠶᠠᠨ ᠠᠵᠤ ᠠᠬᠤᠶᠢᠯᠠᠯ ᠤᠨ ᠲᠥᠯᠥᠭᠡ ᠪᠣᠳᠣᠯᠬᠢᠯᠠᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠤᠨ ᠲᠦᠭᠵᠢᠷᠡᠯ ᠢ ᠠᠷᠢᠯᠭᠠᠵᠤ᠂ ᠳᠠᠷᠤᠭᠠᠰᠤ ᠶᠢ ᠬᠥᠩᠭᠡᠷᠡᠭᠦᠯᠵᠦ᠂ ᠴᠢᠳᠠᠪᠤᠷᠢ ᠣᠯᠭᠤᠵᠤ᠂ ᠰᠠᠶᠢᠨ ᠰᠠᠶᠢᠬᠠᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ᠃ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠰᠠᠯᠬᠢ ᠭᠡᠷᠡᠯ ᠤᠰᠤ ᠬᠠᠷᠢᠯᠴᠠᠨ ᠨᠥᠬᠦᠪᠦᠷᠢᠯᠡᠬᠦ ᠴᠡᠪᠡᠷ ᠡᠨᠧᠷᠭᠢ ᠶᠢᠨ ᠠᠵᠤ ᠦᠢᠯᠡᠰ ᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ᠂ ᠰᠢᠨ᠎ᠡ ᠬᠡᠯᠪᠡᠷᠢ ᠶᠢᠨ ᠡᠨᠧᠷᠭᠢ ᠶᠢᠨ ᠬᠥᠭᠵᠢᠯᠲᠡ ᠶᠢᠨ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠴᠡᠪᠡᠷ ᠡᠨᠧᠷᠭᠢ ᠶᠢᠨ ᠲᠦᠷᠦᠯ ᠵᠦᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠪᠣᠬᠢᠷᠲᠤᠯ ᠦᠭᠡᠢ ᠠᠮᠢ ᠠᠬᠤᠢ᠂ ᠲᠡᠦᠬᠡ ᠰᠣᠶᠣᠯ᠂ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ︽ᠨᠢᠭᠡ ᠪᠦᠰᠡ ᠬᠤᠶᠠᠷ ᠣᠷᠣᠨ ᠭᠤᠷᠪᠠᠨ ᠣᠨᠴᠠᠯᠢᠭ︾ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠵᠤ᠂ ︽ᠦᠴᠦᠸᠠᠨ ᠦᠨᠡᠬᠡᠷ ᠭᠤᠶᠤ ᠬᠥᠬᠡᠬᠤᠲᠠ ᠶᠢᠨ ᠠᠷᠤ ᠳᠤ ᠪᠣᠶ︾ ᠭᠡᠬᠦ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠪᠥᠬᠦ ᠲᠠᠯ᠎ᠠ ᠪᠠᠷ ᠡᠭᠦᠳᠴᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠲᠥᠯᠥᠨ ᠳᠠᠭᠠᠭᠤᠯᠬᠤ ᠪᠠᠷ ᠦᠨᠡᠨᠬᠦ ᠳᠠᠶᠢᠴᠢᠯᠠᠨ᠂ ᠰᠢᠶᠠᠨ ᠤ ᠬᠡᠪᠴᠢᠶᠡᠨ ᠤ ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠶᠢ ᠲᠦᠷᠭᠡᠨ ᠳᠡᠭᠡᠭᠰᠢᠯᠡᠭᠦᠯᠬᠦ ᠶᠢᠨ ᠬᠠᠮᠲᠤ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭᠠᠨ ᠤ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠲᠤᠯᠭᠠᠭᠤᠷᠢᠯᠠᠬᠤ ᠴᠡᠭ ᠪᠣᠯᠭᠠᠬᠤ ᠶᠢ ᠪᠠᠷᠢᠮᠲᠠᠯᠠᠵᠤ᠂ ᠭᠦᠨᠵᠡᠭᠡᠢ ᠰᠤᠳᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠵᠤ ᠦᠢᠯᠡᠰ ᠤᠨ ᠰᠢᠪᠲᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨᠵᠢᠯᠡᠬᠦ ᠤᠬᠠᠭᠠᠨᠴᠢ ᠴᠢᠨᠠᠷ᠂ ᠵᠦᠢ ᠶᠣᠰᠣᠴᠢ ᠴᠢᠨᠠᠷ ᠪᠠ ᠪᠠᠷᠠᠭᠠᠯᠬᠢᠯᠠᠯᠳᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠠᠮᠢ ᠠᠬᠤᠢ ᠶᠢᠨ ᠬᠠᠮᠠᠭᠠᠯᠠᠯᠲᠠ ᠪᠣᠯᠣᠨ ᠠᠶᠤᠯᠭᠦᠢ ᠦᠢᠯᠡᠳᠪᠦᠷᠢᠯᠡᠯ ᠢ ᠨᠢᠭᠡᠳᠦᠯᠲᠡᠢ ᠲᠥᠯᠥᠪᠵᠢᠭᠦᠯᠵᠦ᠂ ᠪᠣᠳᠠᠲᠠᠢ ᠳᠤ ᠨᠡᠶᠢᠴᠡᠭᠦᠯᠦᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠬᠤᠳᠠ ᠬᠥᠳᠡᠭᠡ ᠶᠢᠨ ᠬᠥᠭᠵᠢᠯᠲᠡ ᠶᠢ ᠰᠠᠶᠢᠲᠤᠷ ᠲᠥᠯᠥᠪᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠡᠬᠢ ᠪᠠᠶᠠᠯᠢᠭ ᠤᠨ ᠳᠠᠪᠠᠭᠤᠯᠢᠭ ᠢ ᠠᠯᠢ ᠲᠦᠷᠭᠡᠨ ᠢᠶᠠᠷ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠱᠠᠩᠨᠠᠵᠤ ᠨᠥᠬᠦᠪᠦᠷᠢᠯᠡᠬᠦ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠰᠢᠯᠢᠳᠡᠭ ᠡᠭᠦᠯᠳᠡᠷ ᠢ ᠳᠡᠯᠭᠡᠷᠡᠭᠦᠯᠬᠦ᠂ ᠲᠡᠵᠢᠭᠡᠯ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠪᠠᠲᠤᠯᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠲᠣᠭᠤᠷᠢᠨ ᠪᠠᠶᠢᠴᠠᠭᠠᠵᠤ ᠬᠠᠤᠯᠢ ᠬᠡᠷᠡᠭᠵᠢᠭᠦᠯᠬᠦ︾ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠬᠦᠳᠦᠯᠦᠨ ᠵᠢᠯᠤᠭᠤᠳᠬᠤ ᠪᠠ ᠬᠤᠷᠢᠭᠯᠠᠬᠤ ᠶᠢ ᠤᠶᠠᠯᠳᠤᠭᠤᠯᠤᠨ᠂ ︽ᠪᠡᠯᠴᠢᠭᠡᠷᠯᠡᠭᠦᠯᠬᠦ ᠶᠢ ᠴᠠᠭᠠᠵᠠᠯᠠᠬᠤ ᠠᠴᠠ ᠪᠢᠰᠢ ᠲᠡᠵᠢᠭᠡᠬᠦ ᠶᠢ ᠥᠯᠥ ᠴᠠᠭᠠᠵᠠᠯᠠᠬᠤ᠂ ᠣᠷᠣᠯᠭ᠎ᠠ ᠶᠢ ᠬᠠᠰᠤᠭᠳᠠᠭᠤᠯᠬᠤ ᠦᠭᠡᠢ︾ ᠪᠠᠶᠢᠬᠤ ᠶᠢ ᠪᠡᠶᠡᠯᠡᠭᠦᠯᠬᠦ ᠬᠡᠷᠡᠭᠲᠡᠢ᠃ ︽ᠨᠢᠭᠡ ᠲᠣᠭᠤᠷᠢᠭ ᠬᠤᠶᠠᠷ ᠬᠦᠷᠢᠶᠡᠯᠡᠩ︾ ᠤᠨ ᠪᠦᠬᠦᠯᠢ ᠴᠣᠭᠴᠠ ᠶᠢᠨ ᠲᠥᠯᠦᠪᠵᠢᠭᠦᠯᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠥᠨᠳᠥᠷ ᠲᠦᠪᠰᠢᠨ ᠪᠦᠬᠦᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠬᠤ ᠬᠡᠷᠡᠭᠲᠡᠢ᠃ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠲᠣᠭᠤᠷᠢᠭ ᠪᠣᠯᠣᠨ ᠪᠣᠬᠢᠷᠲᠤᠯ ᠦᠭᠡᠢ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠤ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠦᠨ ᠨᠥᠬᠦᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠷᠢᠶᠡᠯᠡᠩ ᠲᠣᠭᠤᠷᠢᠭ ᠤᠨ ᠬᠡᠪᠴᠢᠶᠡᠵᠢᠯ᠂ ᠦᠢᠯᠡᠳᠬᠦᠨ ᠤ ᠦᠷᠳᠡᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠡᠯ᠎ᠡ ᠠᠵᠢᠯ ᠤᠨ ᠲᠤᠰᠬᠠᠢ ᠠᠩᠭᠢ ᠨᠢ ᠲᠣᠬᠢᠷᠠᠭᠤᠯᠤᠯᠲᠠ ᠪᠠᠨ ᠴᠢᠩᠭᠠᠳᠬᠠᠵᠤ᠂ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠡᠯ᠎ᠡ ᠵᠦᠢᠯ ᠤᠨ ᠠᠵᠢᠯ ᠳᠤ ᠢᠳᠡᠪᠬᠢᠲᠡᠢ ᠣᠷᠣᠯᠴᠠᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠡᠷᠡᠯᠬᠡᠭᠯᠡᠨ ᠤᠷᠤᠭᠰᠢᠯᠠᠬᠤ ᠬᠠᠮᠤᠭ ᠤᠨ ᠴᠢᠩᠭ᠎ᠠ ᠳᠠᠭᠤᠨ ᠢ ᠴᠢᠪᠬᠠᠳᠠᠬᠤ ᠬᠡᠷᠡᠭᠲᠡᠢ ᠭᠡᠵᠦ ᠴᠢᠬᠤᠯᠠᠴᠢᠯᠠᠪᠠ᠃  ︵ᠰᠤᠷᠪᠤᠯᠵᠢᠯᠠᠭᠴᠢ᠄ ᠯᠢᠦᠢ ᠫᠢᠩ ᠫᠢᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号