︽ᠥᠪᠥᠷ ᠮᠣᠩᠭᠤᠯ ᠤᠨ ᠴᠠᠭᠢᠯᠭᠠᠨ ᠬᠦᠴᠦᠨ ᠤ ᠣᠯᠠᠨ ᠲᠠᠯᠠᠲᠤ ᠠᠷᠠᠯᠵᠢᠶᠠᠨ ᠤ ᠵᠠᠬ᠎ᠠ ᠳᠡᠯᠭᠡᠭᠦᠷ ᠤᠨ ᠳᠦᠷᠢᠮ ᠤᠨ ᠰᠢᠰᠲ᠋ᠧᠮ︾ ᠢ ᠡᠬᠢᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2025/2/6
     ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠪᠠ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠤᠮᠠᠷᠠᠲᠤ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠲᠤᠷᠠᠨ ᠰᠤᠳᠤᠯᠵᠤ ᠲᠣᠭᠲᠠᠭᠠᠭᠰᠠᠨ ︽ᠥᠪᠥᠷ ᠮᠣᠩᠭᠤᠯ ᠤᠨ ᠴᠠᠭᠢᠯᠭᠠᠨ ᠬᠦᠴᠦᠨ ᠤ ᠣᠯᠠᠨ ᠲᠠᠯᠠᠲᠤ ᠠᠷᠠᠯᠵᠢᠶᠠᠨ ᠤ ᠵᠠᠬ᠎ᠠ ᠳᠡᠯᠭᠡᠭᠦᠷ ᠤᠨ ᠳᠦᠷᠢᠮ ᠤᠨ ᠰᠢᠰᠲ᠋ᠧᠮ︾ ᠢ ᠵᠢᠩᠬᠢᠨᠢ ᠪᠠᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃      ᠣᠶᠢᠯᠠᠭᠠᠭᠰᠠᠨ ᠢᠶᠠᠷ᠂ ᠲᠤᠰ ᠳᠦᠷᠢᠮ ᠤᠨ ᠰᠢᠰᠲ᠋ᠧᠮ ᠨᠢ ᠴᠠᠭᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠷᠢᠯᠳᠦᠭᠦᠨ᠂ ᠵᠠᠬ᠎ᠠ ᠳᠡᠯᠭᠡᠭᠦᠷ ᠲᠤ ᠳᠠᠩᠰᠠᠯᠠᠭᠤᠯᠬᠤ ᠪᠠ ᠬᠦᠴᠦᠨ ᠦᠭᠡᠢ ᠪᠣᠯᠭᠠᠨ᠂ ᠴᠠᠭᠢᠯᠭᠠᠨ ᠡᠨᠧᠷᠭᠢ ᠶᠢᠨ ᠠᠷᠠᠯᠵᠢᠶ᠎ᠠ᠂ ᠳᠤᠮᠳᠠ ᠣᠷᠳᠣ ᠬᠤᠭᠤᠴᠠᠭᠠᠨ ᠤ ᠠᠷᠠᠯᠵᠢᠶ᠎ᠠ᠂ ᠪᠡᠯᠡᠨ ᠪᠠᠷᠠᠭᠠᠨ ᠤ ᠠᠷᠠᠯᠵᠢᠶ᠎ᠠ᠂ ᠪᠣᠬᠢᠷᠳᠤᠯ ᠦᠭᠡᠢ ᠴᠠᠭᠢᠯᠭᠠᠨ ᠤ ᠠᠷᠠᠯᠵᠢᠶ᠎ᠠ ᠵᠡᠷᠭᠡ ᠳᠤ ᠨᠠᠷᠢᠨ ᠲᠣᠳᠣᠷᠬᠠᠶᠢᠯᠠᠯᠲᠠ ᠬᠢᠵᠡᠢ᠃ ᠥᠪᠥᠷ ᠮᠣᠩᠭᠤᠯ ᠤᠨ ᠴᠠᠭᠢᠯᠭᠠᠨ ᠬᠦᠴᠦᠨ ᠤ ᠣᠯᠠᠨ ᠲᠠᠯᠠᠲᠤ ᠠᠷᠠᠯᠵᠢᠶᠠᠨ ᠤ ᠵᠠᠬ᠎ᠠ ᠳᠡᠯᠭᠡᠭᠦᠷ ᠢ ᠵᠢᠷᠤᠮᠵᠢᠭᠤᠯᠤᠨ ᠠᠵᠢᠯᠯᠠᠭᠤᠯᠬᠤ᠂ ᠪᠡᠯᠡᠨ ᠪᠠᠷᠠᠭᠠᠨ  ᠤ ᠡᠷᠭᠢᠯᠲᠡ ᠶᠢ ᠵᠢᠩᠬᠢᠨᠢ ᠪᠠᠷ ᠶᠠᠪᠤᠭᠳᠠᠭᠤᠯᠬᠤ ᠳᠤ ᠰᠠᠭᠤᠷᠢ ᠶᠢ ᠪᠠᠬᠢᠵᠢᠭᠦᠯᠬᠦ᠂ ᠴᠠᠭᠢᠯᠭᠠᠨ ᠬᠦᠴᠦᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠡᠨᠧᠷᠭᠢ ᠶᠢᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠵᠢᠴᠢ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ᠃ ᠵᠠᠬ᠎ᠠ ᠳᠡᠯᠭᠡᠭᠦᠷ ᠤᠨ ᠥᠭᠡᠷᠡᠴᠢᠯᠡᠯᠲᠡ ᠶᠢᠨ ᠴᠢᠬᠤᠯᠠ ᠦᠢᠯᠡᠳᠦᠯᠭᠡᠵᠢᠭᠦᠯᠦᠭᠴᠢ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠴᠠᠭᠢᠯᠭᠠᠨ ᠬᠦᠴᠦᠨ ᠤ ᠪᠦᠯᠦᠭᠯᠡᠯ ᠤᠨ  ᠬᠢᠨ ᠵᠠᠬ᠎ᠠ ᠳᠡᠯᠭᠡᠭᠦᠷ ᠤᠨ ᠭᠤᠣᠯᠯᠠᠨ ᠬᠠᠮᠢᠶᠠᠷᠬᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠲᠣᠰ ᠤᠳᠠᠭᠠᠨ ᠤ ᠳᠦᠷᠢᠮ ᠳᠤ ᠵᠠᠰᠠᠪᠤᠷᠢ ᠣᠷᠣᠭᠤᠯᠤᠨ ᠨᠠᠶᠢᠷᠠᠭᠤᠯᠬᠤ ᠠᠵᠢᠯ ᠢ ᠥᠷᠨᠢᠭᠦᠯᠵᠦ᠂ ᠪᠦᠭᠦ ᠤᠯᠤᠰ ᠤᠨ ᠨᠢᠭᠡᠳᠦᠯᠲᠡᠢ ᠴᠠᠭᠢᠯᠭᠠᠨ ᠬᠦᠴᠦᠨ ᠤ ᠵᠠᠬ᠎ᠠ ᠳᠡᠯᠭᠡᠭᠦᠷ ᠤᠨ ︽1 + N︾ ᠰᠠᠭᠤᠷᠢ ᠳᠦᠷᠢᠮ ᠤᠨ ᠰᠢᠰᠲ᠋ᠧᠮ ᠢ ᠵᠢᠷᠤᠮᠯᠠᠭᠰᠠᠨ ᠰᠠᠭᠤᠷᠢᠨ ᠳᠡᠭᠡᠷ᠎ᠡ᠂ ᠵᠠᠬ᠎ᠠ ᠳᠡᠯᠭᠡᠭᠦᠷ ᠤᠨ ᠲᠤᠷᠰᠢᠯᠭ᠎ᠠ ᠶᠢ ᠳ᠋ᠦᠩᠨᠡᠨ᠂ ᠵᠠᠬ᠎ᠠ ᠳᠡᠯᠭᠡᠭᠦᠷ  ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠵᠠᠬ᠎ᠠ ᠳᠡᠯᠭᠡᠭᠦᠷ ᠤᠨ ᠪᠣᠳᠠᠲᠠᠢ ᠲᠠᠢ ᠤᠶᠠᠯᠳᠤᠭᠤᠯᠤᠨ ᠵᠦᠷᠢᠶᠡᠴᠢᠯᠡᠭᠰᠡᠨ ᠲᠣᠬᠢᠷᠠᠭᠤᠯᠤᠯᠲᠠ ᠬᠢᠵᠦ᠂ ︽1 + 8︾ ᠳᠦᠷᠢᠮ ᠤᠨ ᠣᠨᠣᠯ ᠤᠨ ᠪᠦᠷᠢᠯᠳᠦᠴᠡ ᠶᠢ ᠪᠡᠶᠡᠯᠡᠭᠦᠯᠪᠡ᠃ ᠲᠤᠰ ᠳᠦᠷᠢᠮ ᠤᠨ ᠰᠢᠰᠲ᠋ᠧᠮ ᠨᠢ ᠵᠠᠬ᠎ᠠ ᠳᠡᠯᠭᠡᠭᠦᠷ ᠤᠨ ᠦᠨᠳᠦᠰᠦᠨ ᠳᠦᠷᠢᠮ ᠢᠶᠠᠷ ᠶᠡᠷᠦᠩᠬᠡᠶᠢᠯᠡᠨ ᠵᠢᠯᠣᠭᠤᠳᠤᠭᠤᠯᠵᠤ᠂ ᠵᠠᠬ᠎ᠠ ᠳᠡᠯᠭᠡᠭᠦᠷ ᠤᠨ ᠦᠵᠦ ᠲᠥᠯᠥᠪᠯᠡᠭᠡ ᠶᠢ ᠴᠢᠬᠤᠯᠠᠴᠢᠯᠠᠬᠤ ᠮᠥᠷᠲᠡᠭᠡᠨ ᠪᠠᠰᠠ ᠪᠣᠳᠠᠲᠠᠢ ᠬᠡᠷᠡᠭᠵᠢᠭᠦᠯᠦᠯᠲᠡ ᠶᠢ ᠴᠢᠬᠤᠯᠠᠴᠢᠯᠠᠨ᠂ ᠲᠥᠬᠦᠷᠵᠢᠭᠦᠯᠦᠭᠰᠡᠨ 8 ᠬᠡᠷᠡᠭᠵᠢᠭᠦᠯᠬᠦ ᠨᠠᠷᠢᠨ ᠳᠦᠷᠢᠮ ᠨᠢ ᠴᠠᠭᠢᠯᠭᠠᠨ ᠬᠦᠴᠦᠨ ᠤ ᠣᠯᠠᠨ ᠲᠠᠯᠠᠲᠤ ᠠᠷᠠᠯᠵᠢᠶᠠᠨ ᠤ ᠪᠦᠭᠦ ᠦᠶᠡᠯᠡᠯ ᠤᠨ ᠬᠤᠭᠤᠴᠠᠭ᠎ᠠ᠂ ᠪᠦᠭᠦ ᠴᠤᠪᠤᠷᠠᠯ᠂ ᠪᠦᠭᠦ ᠬᠡᠯᠬᠢᠶᠡᠨ ᠤ ᠲᠤᠬᠠᠶᠢᠯᠠᠭᠰᠠᠨ ᠠᠵᠢᠯ ᠢ ᠬᠠᠮᠤᠷᠴᠤ᠂ ᠵᠠᠬ᠎ᠠ ᠳᠡᠯᠭᠡᠭᠦᠷ ᠤᠨ ᠥᠨᠳᠥᠷ ᠪᠦᠲᠦᠮᠵᠢᠲᠡᠶ ᠪᠥᠭᠡᠳ ᠵᠢᠷᠤᠮᠵᠢᠭᠤᠨ ᠠᠵᠢᠯᠯᠠᠬᠤ ᠶᠢ ᠪᠦᠲᠦᠮᠵᠢᠲᠡᠶ ᠲᠤᠯᠭᠠᠭᠤᠷᠢᠯᠠᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号