︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠪᠠ
ᠨᠡᠶᠢᠲᠡᠯᠡᠭᠰᠡᠨ ᠴᠠᠭ᠄
2025/2/6
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ  ᠠᠴᠠ ᠣᠶᠢᠯᠠᠭᠠᠭᠰᠠᠨ ᠢᠶᠠᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢ ᠤᠯᠠᠮ  ᠵᠢᠷᠤᠮᠵᠢᠭᠤᠯᠵᠤ᠂ ᠡᠷᠬᠡ ᠲᠡᠭᠰᠢ ᠲᠥᠪ ᠭᠤᠤᠯᠴᠢ ᠡᠮᠬᠢ ᠵᠢᠷᠤᠮ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠪᠤᠶ ᠪᠤᠯᠭᠠᠬᠤ ᠶᠢᠨ ᠲᠥᠯᠥᠭᠡ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠳᠤ ᠵᠠᠰᠠᠪᠤᠷᠢ ᠣᠷᠣᠭᠤᠯᠤᠨ ᠨᠡᠶᠢᠲᠡᠯᠡᠪᠡ᠃      ︽ᠬᠠᠮᠢᠶᠠᠷᠤᠯᠲᠠ ᠶᠢᠨ ᠠᠷᠭ᠎ᠠ︾ ᠶᠢ ᠶᠡᠷᠦᠩᠬᠡᠢ ᠳᠦᠷᠢᠮ᠂ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ᠂ ᠢᠲᠡᠭᠡᠮᠵᠢ ᠠᠯᠳᠠᠭᠰᠠᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ᠂ ᠢᠲᠡᠭᠡᠮᠵᠢ ᠶᠢᠨ ᠦᠨᠡᠯᠡᠯᠲᠡ ᠪᠠ ᠰᠡᠷᠭᠦᠭᠡᠯᠲᠡ᠂ ᠳᠠᠭᠠᠯᠳᠤᠭᠤᠯᠤᠭᠰᠠᠨ ᠳᠦᠷᠢᠮ ᠵᠡᠷᠭᠡ ᠲᠠᠪᠤᠨ ᠪᠦᠯᠦᠭ᠂ 19 ᠵᠤᠷᠪᠤᠰ ᠬᠤᠪᠢᠶᠠᠵᠠᠢ᠃ ︽ᠬᠠᠮᠢᠶᠠᠷᠤᠯᠲᠠ ᠶᠢᠨ ᠠᠷᠭ᠎ᠠ︾ ᠨᠢ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢᠨ ᠬᠡᠷᠡᠭᠯᠡᠬᠦ ᠬᠡᠪᠴᠢᠶ᠎ᠡ ᠶᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠬᠠᠮᠢᠶᠠᠷᠴᠤ ᠪᠠᠶᠢᠭ᠎ᠠ ᠪᠤᠰᠤᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠠᠴᠠ ᠡᠯ᠎ᠡ ᠠᠵᠢᠯ ᠲᠥᠷᠥᠯ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠦᠷᠢᠶᠡᠨ ᠳᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠳᠤ ᠭᠦᠷᠲᠡᠯ᠎ᠡ ᠥᠷᠭᠡᠳᠬᠡᠭᠰᠡᠨ ᠪᠥᠭᠡᠳ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠨ ᠲᠣᠳᠣᠷᠬᠠᠶᠢᠯᠠᠪᠠ᠃      ︽ᠬᠠᠮᠢᠶᠠᠷᠤᠯᠲᠠ ᠶᠢᠨ ᠠᠷᠭ᠎ᠠ︾ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠢᠲᠡᠭᠡᠮᠵᠢ ᠠᠯᠳᠠᠭᠰᠠᠨ ᠦᠶᠯᠡ ᠠᠵᠢᠯᠯᠠᠭ᠎ᠠ ᠶᠢ ᠨᠠᠷᠢᠨ ᠵᠠᠭᠠᠭᠯᠠᠨ ᠲᠣᠭᠲᠠᠭᠠᠵᠤ᠂ ᠪᠠᠶᠢᠴᠠᠭᠠᠨ ᠰᠢᠢᠳᠪᠦᠷᠢᠯᠡᠬᠦ ᠡᠷᠬᠡ ᠬᠠᠷᠢᠭᠤᠴᠠᠯᠭ᠎ᠠ ᠵᠢᠴᠢ ᠳᠦᠷᠢᠮ ᠢ ᠲᠣᠳᠣᠷᠬᠠᠶᠢᠯᠠᠵᠤ᠂ ᠪᠤᠷᠤᠭᠤ ᠶᠢ ᠠᠭᠤᠴᠢᠯᠠᠵᠤ ᠬᠠᠷᠢᠭᠤᠴᠠᠯᠭ᠎ᠠ ᠠᠴᠠ ᠬᠡᠯᠲᠦᠷᠢᠭᠦᠯᠬᠦ ᠱᠠᠭᠠᠷᠳᠠᠯᠭ᠎ᠠ ᠶᠢ ᠲᠣᠭᠲᠠᠭᠠᠪᠠ᠃ ᠢᠲᠡᠭᠡᠮᠵᠢ ᠶᠢᠨ ᠦᠨᠡᠯᠡᠯᠲᠡ ᠪᠠ ᠰᠡᠷᠭᠦᠭᠡᠯᠲᠡ ᠬᠢᠬᠦ ᠳᠤ ᠴᠢᠭᠯᠡᠭᠦᠯᠦᠨ᠂ ᠦᠨᠡᠨᠴᠢ ᠢᠲᠡᠭᠡᠮᠵᠢ ᠶᠢ ᠵᠢᠷᠤᠮᠯᠠᠭᠰᠠᠨ ᠦᠶᠯᠡ ᠠᠵᠢᠯᠯᠠᠭ᠎ᠠ ᠶᠢ ᠵᠣᠷᠢᠭᠵᠢᠭᠤᠯᠵᠤ᠂ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠦᠨ᠎ᠡ᠃ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠳᠤ ᠴᠢᠭᠯᠡᠭᠦᠯᠦᠨ᠂ ᠬᠠᠷᠢᠭᠤᠴᠠᠯᠭ᠎ᠠ ᠶᠢᠨ ᠭᠤᠣᠯ ᠴᠣᠭᠴᠠ ᠨᠢᠭᠡᠨᠲᠡ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠬᠡᠭᠰᠡᠨ ᠪᠤᠯᠪᠠᠴᠤ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠶᠢᠨ ᠬᠠᠷᠠᠯᠲᠠ ᠡᠭᠦᠷᠭᠡ ᠶᠢ ᠮᠥᠨ ᠬᠦ ᠪᠡᠶᠡᠯᠡᠭᠦᠯᠵᠦ ᠳᠡᠶᠢᠯᠦᠭᠰᠡᠨ ᠦᠭᠡᠢ ᠪᠠᠶᠢᠪᠠᠯ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠠᠳ ᠬᠠᠷᠢᠭᠤᠴᠠᠯᠭ᠎ᠠ ᠠᠴᠠ ᠬᠡᠯᠲᠦᠷᠢᠭᠦᠯᠦᠨ᠎ᠡ ᠭᠡᠵᠦ ᠳᠤᠷᠠᠳᠴᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号