2 ᠰᠠᠷ᠎ᠠ ᠶᠢᠨ 6 ᠤ ᠡᠳᠦᠷ᠂ ᠦᠴᠦᠸᠠᠨ ᠰᠢᠶᠠᠨ ︽ᠨᠠᠢᠮᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ | ᠭᠦᠨᠵᠡᠭᠡᠢ ᠬᠡᠷᠡᠭᠵᠢᠭᠦᠯᠵᠦ᠂ ︽ᠬᠤᠶᠠᠷ ᠢ ᠠᠬᠢᠭᠤᠯᠬᠤ︾ ᠶᠢ ᠦᠷᠭᠦᠯᠵᠢᠯᠡᠨ ᠠᠬᠢᠭᠤᠯᠬᠤ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠶᠡᠭᠡ ᠬᠤᠷᠠᠯ ᠢ ᠬᠤᠷᠠᠯᠳᠤᠭᠤᠯᠵᠤ᠂ ᠪᠦᠬᠦ ᠰᠢᠶᠠᠨ ᠢᠶᠠᠷ ᠢᠶᠠᠨ ᠬᠥᠭᠵᠢᠯᠲᠡ ᠶᠢᠨ | ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠠᠢᠮᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ︾᠂ ︽ᠬᠤᠶᠠᠷ ᠢ ᠠᠬᠢᠭᠤᠯᠬᠤ︾ ᠪᠣᠳᠠᠲᠠᠢ ᠡᠭᠦᠷᠭᠡ ᠶᠢ ᠰᠢᠰᠲ᠋ᠧᠮ ᠲᠠᠢ ᠪᠠᠶᠢᠷᠢᠯᠠᠭᠤᠯᠤᠨ | ᠠᠬᠢᠭᠤᠯᠵᠤ᠂ ᠦᠵᠡᠯ ᠰᠠᠨᠠᠭ᠎ᠠ ᠪᠠᠨ ᠴᠢᠨᠠᠭᠰᠢᠳᠠ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠭᠤᠣᠯᠳᠠᠯᠭ᠎ᠠ ᠲᠠᠢ | ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢᠨ ᠰᠢᠪᠲᠤᠯᠤᠯᠲᠠ ᠪᠠᠷ ᠪᠦᠬᠦ ᠰᠢᠶᠠᠨ ᠤ ᠡᠯ᠎ᠡ ᠲᠠᠯ᠎ᠠ ᠶᠢᠨ | ᠠᠵᠢᠯ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠳᠠᠶᠢᠴᠢᠯᠠᠬᠤ ᠬᠡᠷᠡᠭᠲᠡᠢ ᠭᠡᠵᠦ ᠱᠠᠭᠠᠷᠳᠠᠪᠠ᠃ | ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠷᠧᠨ ᠶᠠᠨ ᠰᠢᠶᠠᠩ᠂ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠬᠤ ᠨᠥᠬᠦᠳ ᠪᠣᠯᠣᠨ ᠰᠢᠭᠦᠬᠦ | ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠬᠤᠷᠠᠯ ᠳᠤ ᠣᠷᠣᠯᠴᠠᠪᠠ︔ ᠰᠢᠶᠠᠨ ᠤ ᠤᠯᠤᠰ | ᠲᠦᠷᠦ ᠶᠢᠨ ᠵᠥᠪᠯᠡᠯᠭᠡᠨ ᠤ ᠲᠡᠷᠢᠭᠦᠯᠡᠭᠴᠢ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ | ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠩ ᠶᠦᠩ ᠭᠠᠩ ᠬᠤᠷᠠᠯ ᠢ ᠡᠷᠬᠢᠯᠡᠪᠡ︔ ᠰᠢᠶᠠᠨ ᠤ ᠨᠠᠮ ᠤᠨ | ᠬᠤᠷᠢᠶᠠᠨ ᠤ ᠱᠦᠵᠢ ᠶᠠᠩ ᠰᠢᠩ ᠱᠧᠩ ᠬᠤᠷᠠᠯ ᠳᠡᠭᠡᠷ᠎ᠡ ᠦᠭᠡ ᠬᠡᠯᠡᠪᠡ᠃ | ᠬᠤᠷᠠᠯ ᠳᠡᠭᠡᠷ᠎ᠡ᠂ ᠡᠯ᠎ᠡ ᠰᠢᠶᠠᠨ ᠤ ᠤᠳᠤᠷᠢᠳᠤᠯᠭ᠎ᠠ ᠲᠦᠷᠦᠭᠦᠯᠡᠨ ᠬᠤᠪᠢᠳᠠᠨ ᠬᠠᠮᠢᠶᠠᠷᠴᠤ ᠪᠠᠶᠢᠭ᠎ᠠ | ᠬᠦᠷᠢᠶᠡᠨ ᠤ ᠠᠵᠢᠯ ᠲᠠᠢ ᠪᠠᠨ ᠤᠶᠠᠯᠳᠤᠭᠤᠯᠵᠤ᠂ ︽ᠨᠠᠢᠮᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠪᠣᠯᠣᠨ | ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠵᠢᠭᠦᠯᠬᠦ ᠲᠥᠰᠥᠯ ᠤᠨ ᠲᠤᠬᠠᠢ ᠲᠤᠰ | ᠲᠤᠰ ᠲᠠᠶᠢᠯᠤᠮᠵᠢ ᠬᠢᠵᠡᠢ᠃ | ᠶᠠᠩ ᠰᠢᠩ ᠱᠧᠩ ᠬᠡᠯᠡᠬᠦ ᠳᠡᠭᠡᠨ᠂ ︽ᠨᠠᠢᠮᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠪᠣᠯ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠳᠤᠷᠠᠳᠤᠭᠰᠠᠨ ︽ᠵᠢᠷᠭᠤᠭᠠᠨ ᠠᠵᠢᠯᠯᠠᠭ᠎ᠠ︾ ᠶᠢᠨ | ᠦᠴᠦᠸᠠᠨ ᠳᠠᠬᠢ ᠪᠣᠳᠠᠲᠠᠢ ᠦᠢᠯᠡᠳᠦᠯᠭᠡ ᠪᠠᠶᠢᠵᠤ᠂ ᠴᠢᠨᠠᠷ ᠰᠠᠶᠢᠲᠠᠢ ᠬᠥᠭᠵᠢᠯᠲᠡ ᠶᠢᠨ ᠬᠤᠷᠢᠭ᠎ᠠ ᠴᠡᠭ ᠬᠦᠴᠢᠷ | ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ ᠴᠢᠳᠠᠬᠤ ᠪᠠᠷ ᠪᠠᠷᠠᠬᠤ ᠦᠭᠡᠢ ᠪᠠᠰᠠ ᠥᠷᠭᠡᠨ ᠤᠯᠠᠨ ᠠᠷᠠᠳ | ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠂ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ | ᠮᠥᠴᠢᠷ ᠤᠨ ᠬᠢᠨ ᠭᠤᠣᠯᠳᠠᠯᠭ᠎ᠠ ᠶᠢᠨ ᠲᠣᠭᠤᠷᠢᠨ ᠳᠤ᠂ ᠭᠤᠣᠯᠳᠠᠯᠭ᠎ᠠ ᠶᠢ ᠲᠣᠪᠤᠶᠢᠯᠭᠠᠨ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠬᠤ ᠬᠡᠷᠡᠭᠲᠡᠢ᠃ ᠴᠡᠪᠡᠷ ᠡᠨᠧᠷᠭᠢ ᠶᠢᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠪᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠢᠭᠡ ᠴᠣᠭᠴᠠᠵᠢᠭᠤᠯᠤᠨ | ᠶᠡᠷᠦᠩᠬᠡᠶᠢᠯᠡᠨ ᠨᠡᠭᠡᠭᠡᠨ ᠠᠰᠢᠭᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠡᠷᠡᠭᠵᠢᠭᠦᠯᠵᠦ᠂ ᠮᠢᠩᠭᠠᠨ ᠲᠦᠮᠡᠨ | ᠲᠡᠰ ᠤᠨ ᠴᠡᠪᠡᠷ ᠡᠨᠧᠷᠭᠢ ᠶᠢ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠠᠶᠢᠭᠤᠯᠵᠤ᠂ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠤᠨ ᠠᠵᠤ ᠠᠬᠤᠢ ᠶᠢᠨ ᠨᠡᠮᠡᠭᠳᠡᠯ ᠤᠨ ᠲᠤᠶᠢᠯ ᠢ ᠡᠭᠦᠳᠴᠦ᠂ ᠪᠦᠬᠦ ᠰᠢᠶᠠᠨ ᠤ ᠠᠵᠤ | ᠠᠬᠤᠢ ᠶᠢᠨ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ | ᠬᠡᠷᠡᠭᠲᠡᠢ᠃ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠬᠡᠷᠡᠭᠵᠢᠭᠦᠯᠵᠦ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠡᠵᠡᠩᠨᠡᠯᠲᠡ ᠶᠢᠨ | ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠤ ᠠᠬᠤᠶᠢᠯᠠᠯ ᠢ ᠬᠠᠪᠰᠤᠷᠤᠨ ᠭᠠᠷ ᠭᠦᠢᠴᠡᠳᠬᠡᠯ ᠢ ᠬᠢᠬᠦ ᠳᠤ ᠤᠳᠠᠭᠠᠨ᠂ | ᠪᠡᠯᠡ ᠬᠤᠷᠠᠮᠳᠤᠭᠤᠯᠬᠤ ᠳᠤ ᠬᠦᠴᠢᠷᠲᠡᠢ ᠵᠡᠷᠭᠡ ᠠᠰᠠᠭᠤᠳᠠᠯ ᠢ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ | ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠬᠡᠷᠡᠭᠲᠡᠢ᠃ ᠬᠦᠷᠢᠶᠡᠯᠡᠩ ᠲᠣᠭᠤᠷᠢᠭ ᠤᠨ ᠰᠠᠭᠤᠷᠢ | ᠲᠥᠬᠦᠭᠡᠷᠦᠮᠵᠢ ᠶᠢ ᠳᠡᠭᠡᠭᠰᠢᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠡᠷᠡᠭᠵᠢᠭᠦᠯᠵᠦ᠂ ︽ᠨᠢᠭᠡ ᠲᠣᠭᠤᠷᠢᠭ | ᠬᠤᠶᠠᠷ ᠬᠦᠷᠢᠶᠡᠯᠡᠩ︾ ᠤᠨ ᠪᠦᠬᠦᠯᠢ ᠴᠣᠭᠴᠠ ᠶᠢᠨ ᠲᠥᠯᠦᠪᠵᠢᠭᠦᠯᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠵᠦ᠂ ᠥᠨᠳᠥᠷ ᠬᠢᠷᠢ ᠲᠦᠪᠰᠢᠨ ᠪᠦᠬᠦᠢ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠢ ᠪᠠᠶᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠣᠷᠣᠨ ᠪᠦᠰᠡ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠡᠷᠡᠭᠵᠢᠭᠦᠯᠵᠦ᠂ ᠲᠦᠷᠦ ᠶᠢᠨ ᠪᠣᠳᠣᠯᠭ᠎ᠠ ᠶᠢ ᠤᠬᠠᠭᠤᠯᠵᠤ ᠬᠥᠲᠥᠯᠥᠨ | ᠵᠢᠯᠤᠭᠤᠳᠬᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠰᠢᠯᠢᠳᠡᠭ ᠡᠭᠦᠯᠳᠡᠷ ᠢ ᠳᠡᠯᠭᠡᠷᠡᠭᠦᠯᠬᠦ᠂ | ᠲᠡᠵᠢᠭᠡᠯ ᠡᠪᠡᠰᠦ ᠬᠠᠩᠭᠠᠬᠤ ᠪᠠᠲᠤᠯᠠᠭ᠎ᠠ᠂ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠠᠷᠭ᠎ᠠ | ᠬᠡᠯᠪᠡᠷᠢ ᠪᠠᠷ ᠳᠠᠮᠵᠢᠭᠤᠯᠤᠨ ᠬᠠᠰᠢᠶᠠᠯᠠᠨ ᠲᠡᠵᠢᠭᠡᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ | ᠴᠠᠭᠠᠵᠠᠯᠠᠵᠤ ᠲᠡᠵᠢᠭᠡᠬᠦ ᠶᠢ ᠴᠠᠭᠠᠵᠠᠯᠠᠬᠤ ᠦᠭᠡᠢ ᠪᠠᠶᠢᠬᠤ ᠶᠢ ᠪᠡᠶᠡᠯᠡᠭᠦᠯᠵᠦ᠂ ᠣᠷᠣᠨ ᠤ ᠲᠥᠪ ᠤᠨ ᠤᠮᠠᠷᠠᠲᠤ ᠶᠢᠨ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ᠃ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠰᠢᠶᠠᠨ ᠤ ᠬᠡᠪᠴᠢᠶᠡᠨ ᠤ ᠠᠯᠳᠠᠷᠰᠢᠯ ᠢ ᠳᠡᠭᠡᠭᠰᠢᠯᠡᠭᠦᠯᠬᠦ ᠢᠷᠠᠭᠤ ᠠᠯᠳᠠᠷ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠬᠡᠷᠡᠭᠵᠢᠭᠦᠯᠵᠦ᠂ ᠰᠣᠶᠣᠯ ᠬᠢᠭᠡᠳ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ | ᠪᠠᠷᠢᠮᠲᠠᠯᠠᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠥᠪᠡᠷᠮᠢᠴᠡ | ᠣᠨᠴᠠᠯᠢᠭ ᠲᠠᠢ ︽ᠤᠮᠠᠷᠠᠲᠤ ᠬᠢᠯᠢ ᠶᠢᠨ ᠰᠣᠶᠣᠯ︾ ᠤᠨ ᠲᠥᠷᠥᠯ ᠲᠡᠮᠳᠡᠭ ᠢ ᠡᠭᠦᠳᠴᠦ᠂ ᠦᠴᠦᠸᠠᠨ ᠢ ᠣᠷᠣᠨ ᠤ | ᠲᠥᠪ ᠬᠤᠲᠠ ᠳᠤ ᠬᠠᠨᠳᠤᠭᠤᠯᠤᠭᠰᠠᠨ᠂ ᠪᠡᠭᠡᠵᠢᠩ ᠲᠢᠶᠠᠨᠵᠢᠨ ᠾᠧᠪᠧᠢ ᠱᠠᠨ ᠰᠢ ᠳᠤ ᠦᠢᠯᠡᠴᠢᠯᠡᠬᠦ ᠰᠢᠯᠢᠳᠡᠭ | ᠰᠡᠯᠡᠭᠦᠴᠡᠯ ᠵᠢᠭᠤᠯᠴᠢᠯᠠᠯ ᠤᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ ᠬᠤᠲᠠ ᠪᠠᠯᠭᠠᠰᠤ ᠶᠢᠨ ᠪᠠᠶᠢᠰᠢᠩ | ᠭᠡᠷ ᠤᠨ ᠲᠣᠭᠤᠷᠢᠭ ᠢ ᠳᠡᠭᠡᠭᠰᠢᠯᠡᠭᠦᠯᠦᠨ ᠥᠭᠡᠷᠡᠴᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠡᠷᠡᠭᠵᠢᠭᠦᠯᠵᠦ᠂ | ᠪᠠᠯᠭᠠᠰᠤᠨ ᠤ ᠪᠠᠶᠢᠰᠢᠩ ᠭᠡᠷ ᠤᠨ ᠲᠣᠭᠤᠷᠢᠭ ᠤᠨ ᠬᠤᠭᠤᠯᠠᠢ ᠲᠣᠣᠷ᠂ ᠵᠠᠮ᠂ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠢᠨᠵᠧᠨᠧᠷᠢᠩ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠥᠭᠡᠷᠡᠴᠢᠯᠡᠵᠦ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠵᠤ᠂ | ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠴᠢᠨᠠᠷ ᠳᠡᠰ ᠢ ᠳᠡᠭᠡᠭᠰᠢᠯᠡᠭᠦᠯᠬᠦ ᠬᠡᠷᠡᠭᠲᠡᠢ᠃ ᠲᠠᠷᠢᠶᠠᠯᠠᠩ ᠮᠠᠯ | ᠠᠵᠤ ᠠᠬᠤᠢ ᠶᠢ ᠬᠥᠭᠵᠢᠭᠦᠯᠬᠦ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠬᠡᠷᠡᠭᠵᠢᠭᠦᠯᠵᠦ᠂ ᠡᠭᠦᠯᠳᠡᠷ ᠦᠷ᠎ᠡ ᠪᠣᠶᠢᠵᠢᠭᠤᠯᠬᠤ ᠰᠤᠳᠤᠯᠤᠨ ᠨᠡᠭᠡᠭᠡᠬᠦ᠂ ᠲᠠᠷᠢᠵᠤ ᠲᠡᠵᠢᠭᠡᠬᠦ | ᠮᠡᠷᠭᠡᠵᠢᠯ ᠪᠣᠯᠣᠨ ᠮᠠᠰᠢᠨᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠲᠠᠷᠢᠶᠠᠨ ᠭᠠᠵᠠᠷ ᠤᠨ ᠶᠠᠰᠤ ᠴᠢᠨᠠᠷ ᠢ | ᠳᠡᠭᠡᠭᠰᠢᠯᠡᠭᠦᠯᠬᠦ᠂ ᠬᠢᠵᠢᠭ ᠡᠪᠡᠳᠴᠢᠨ ᠢ ᠬᠢᠨᠠᠨ ᠬᠡᠮᠵᠢᠵᠦ ᠰᠡᠷᠭᠡᠶᠢᠯᠡᠨ ᠵᠠᠰᠠᠬᠤ᠂ ᠠᠵᠤ ᠦᠢᠯᠡᠰ ᠤᠨ ᠬᠡᠯᠬᠢᠶ᠎ᠡ ᠶᠢ | ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠵᠦᠢᠯ ᠢ ᠣᠷᠣᠭᠤᠯᠵᠤ᠂ ︽ᠬᠤᠶᠠᠷ | ᠪᠤᠭᠤᠳᠠᠢ ᠨᠢᠭᠡ ᠲᠥᠮᠥᠰᠥ ᠨᠢᠭᠡ ᠬᠤᠨᠢ︾ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠨᠡᠮᠡᠯᠲᠡ | ᠥᠷᠲᠡᠭ ᠢ ᠳᠡᠭᠡᠭᠰᠢᠯᠡᠭᠦᠯᠵᠦ᠂ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠠᠷᠢᠮᠠᠯ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠤᠯᠤᠰ ᠤᠨ ᠲᠡᠰ ᠤᠨ ᠦᠴᠦᠸᠠᠨ ᠤ ᠨᠣᠬᠠᠢ ᠶᠢᠨ ᠬᠤᠰᠢᠭᠤ ᠶᠢᠨ | ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠵᠡᠷᠭᠡ ᠨᠠᠷᠢᠯᠢᠭ ᠡᠳ᠋ᠰᠢᠭᠦᠯᠬᠦ ᠲᠥᠷᠥᠯ ᠵᠦᠢᠯ ᠢ | ᠡᠬᠢᠯᠡᠭᠦᠯᠦᠨ ᠬᠡᠷᠡᠭᠵᠢᠭᠦᠯᠵᠦ᠂ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ | ᠡᠭᠦᠳᠦᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠲᠣᠮᠣ ᠰᠢᠶᠠᠨ ᠢ ᠲᠠᠷᠢᠶᠠᠯᠠᠩ ᠮᠠᠯ ᠠᠵᠤ ᠠᠬᠤᠢ ᠶᠢᠨ | ᠬᠦᠴᠦᠷᠬᠡᠭ ᠰᠢᠶᠠᠨ ᠪᠣᠯᠭᠠᠨ ᠬᠤᠪᠢᠷᠠᠭᠤᠯᠬᠤ ᠶᠢ ᠪᠡᠶᠡᠯᠡᠭᠦᠯᠬᠦ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ | ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ︽ᠨᠠᠢᠮᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠡᠯ᠎ᠡ | ᠵᠦᠢᠯ ᠤᠨ ᠡᠭᠦᠷᠭᠡ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠡᠴᠦᠰ ᠲᠡᠭᠡᠨ ᠰᠢᠶᠠᠨ ᠤ | ᠬᠡᠪᠴᠢᠶᠡᠨ ᠤ ᠠᠵᠤ ᠠᠬᠤᠢ ᠶᠢ ᠲᠠᠰᠤᠷᠠᠯᠲᠠ ᠦᠭᠡᠢ ᠬᠥᠭᠵᠢᠭᠦᠯᠦᠨ ᠪᠤᠵᠠᠭᠠᠶᠢᠷᠠᠭᠤᠯᠬᠤ ᠪᠠ ᠰᠠᠭᠤᠭᠠᠯᠢ ᠠᠷᠠᠳ ᠤᠨ | ᠣᠷᠣᠯᠭ᠎ᠠ ᠶᠢ ᠨᠡᠮᠡᠭᠳᠡᠭᠦᠯᠬᠦ ︽ᠬᠤᠶᠠᠷ ᠢ ᠠᠬᠢᠭᠤᠯᠬᠤ︾ ᠶᠢ ᠪᠡᠶᠡᠯᠡᠭᠦᠯᠬᠦ ᠬᠡᠷᠡᠭᠲᠡᠢ ᠭᠡᠪᠡ᠃ | ᠶᠠᠩ ᠰᠢᠩ ᠱᠧᠩ᠂ ᠵᠢᠯ ᠤᠨ ᠠᠵᠢᠯ ᠬᠠᠪᠤᠷ ᠲᠤ ᠪᠠᠶᠢᠨ᠎ᠠ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ | ᠮᠥᠴᠢᠷ ᠤᠨ ᠬᠢᠨ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠲᠥᠯᠥᠪᠵᠢᠭᠦᠯᠵᠦ᠂ ᠨᠠᠷᠢᠨ ᠬᠢᠨᠠᠮᠠᠭᠠᠢ ᠰᠤᠳᠤᠯᠤᠨ ᠪᠠᠶᠢᠷᠢᠯᠠᠭᠤᠯᠵᠤ᠂ ᠵᠣᠬᠢᠴᠠᠭᠤᠯᠤᠨ | ᠬᠠᠮᠲᠤᠷᠠᠯᠴᠠᠬᠤ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠵᠤ᠂ ︽ᠵᠢᠷᠭᠤᠭᠠᠨ | ᠠᠵᠢᠯᠯᠠᠭ᠎ᠠ︾᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ | ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠨᠢᠭᠡᠳᠦᠭᠡᠷ ᠤᠯᠠᠷᠢᠯ ᠳᠤ ᠰᠠᠶᠢᠨ ᠡᠬᠢᠯᠡᠯᠲᠡ︾ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠪᠦᠬᠦ ᠵᠢᠯ ᠤᠨ ᠠᠵᠤ | ᠠᠬᠤᠢ ᠨᠡᠶᠢᠭᠡᠮ ᠤᠨ ᠡᠯ᠎ᠡ ᠵᠦᠢᠯ ᠤᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ | ᠥᠷᠭᠡᠨ ᠤᠯᠠᠨ ᠺᠠᠳ᠋ᠷ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ | ᠠᠵᠢᠯᠯᠠᠵᠤ᠂ ᠪᠣᠳᠠᠲᠠᠢ ᠠᠵᠢᠯᠯᠠᠬᠤ ᠪᠠᠷ ᠪᠣᠳᠠᠲᠤ ᠠᠮᠵᠢᠯᠲᠠ ᠶᠢ ᠡᠭᠦᠳᠴᠦ᠂ ᠪᠣᠳᠠᠲᠤ ᠠᠮᠵᠢᠯᠲᠠ ᠪᠠᠷ ᠬᠠᠷᠢᠭᠤᠴᠠᠯᠭ᠎ᠠ | ᠡᠭᠦᠷᠭᠡᠯᠡᠬᠦ ᠶᠢ ᠲᠠᠶᠢᠯᠪᠤᠷᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ︵ᠰᠣᠷᠪᠤᠯᠵᠢᠯᠠᠬᠴᠢ᠄ ᠵᠣᠤ ᠯᠢᠩ ᠾᠦᠢ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |