ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | | ᠥᠪᠥᠷ ᠵᠠᠰᠠᠭ ᠠᠯᠪᠠᠨ ᠲᠠᠷᠬᠠᠭᠠᠭᠰᠠᠨ ﹇2024﹈ 61 ᠳ᠋ᠦ᠋ᠭᠡᠷ ᠲᠣᠭᠠᠳ᠋᠊ ᠤ | | | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ | ᠪᠣᠯᠪᠠᠰᠤᠷᠠᠭᠤᠯᠬᠤ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠬᠤ ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ | ᠪᠣᠯᠪᠠᠰᠤᠷᠠᠭᠤᠯᠬᠤ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾ ᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | 2024 ᠣᠨ ᠤ 12 ᠳ᠋ᠤᠭᠠᠷ ᠰᠠᠷ᠎ᠠ ᠶᠢᠨ 31 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ | ᠪᠣᠯᠪᠠᠰᠤᠷᠠᠭᠤᠯᠬᠤ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ | | | ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ | ᠲᠠᠯ᠎ᠠ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ᠂ ᠬᠡᠪᠴᠢᠶᠡᠵᠢᠭᠰᠡᠨ᠂ ᠠᠵᠤ ᠦᠢᠯᠡᠰᠵᠢᠭᠰᠡᠨ᠂ ᠨᠠᠷᠠᠲᠤ | ᠲᠡᠮᠳᠡᠭᠵᠢᠭᠰᠡᠨ ᠬᠥᠭᠵᠢᠯᠲᠡ ᠶᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ | ᠬᠡᠯᠬᠢᠶᠡᠨ ᠤ ᠦᠢᠯᠡᠳᠬᠦᠨ ᠤ ᠥᠷᠲᠡᠭ ᠢ ᠲᠦᠮᠡᠨ ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠲᠦᠷᠭᠡᠬᠡᠨ | ᠪᠡᠶᠡᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ ᠭᠠᠷᠤᠯᠲᠠ ᠶᠢᠨ ᠲᠣᠮᠣ ᠣᠷᠣᠨ ᠪᠠᠶᠢᠭᠰᠠᠨ ᠠᠴᠠ | ᠠᠵᠤ ᠦᠢᠯᠡᠰ ᠤᠨ ᠬᠦᠴᠦᠷᠬᠡᠭ ᠣᠷᠣᠨ ᠲᠡᠶᠢᠰᠢ ᠬᠤᠪᠢᠷᠠᠭᠤᠯᠬᠤ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ | ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠳᠣᠣᠷᠠᠬᠢ ᠮᠡᠲᠦ ᠠᠷᠭ᠎ᠠ ᠬᠡᠮᠵᠢᠶ᠎ᠡ ᠨᠦᠭᠦᠳ ᠢ ᠲᠣᠭᠲᠠᠭᠠᠪᠠ᠃ | | ᠨᠢᠭᠡ᠂ ᠣᠲᠣ ᠶᠢᠨ ᠪᠠᠶᠢᠭ᠎ᠠ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠲᠡᠳᠬᠦᠨ᠎ᠡ | 2024 ᠣᠨ ︵ᠪᠠᠭᠲᠠᠨ᠎ᠠ︶ ᠠᠴᠠ ᠬᠤᠶᠢᠰᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ | ᠬᠡᠪᠴᠢᠶᠡᠵᠢᠯ ᠢᠶᠠᠨ ᠥᠷᠭᠡᠳᠬᠡᠨ ᠦᠢᠯᠡᠳᠪᠦᠷᠢᠯᠡᠯ ᠢᠶᠠᠨ ᠨᠡᠮᠡᠭᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠵᠢᠯ ᠤᠨ ᠭᠤᠣᠯ | ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠪᠠᠨ 2 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ | ᠬᠦᠷᠦᠭᠦᠯᠦᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ | ᠪᠣᠯᠪᠠᠰᠤᠷᠠᠭᠤᠯᠬᠤ ᠠᠵᠤ ᠠᠬᠤᠶᠢᠯᠠᠯ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠵᠥᠪᠰᠢᠶᠡᠷᠡᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠭᠦᠢᠯᠭᠡᠭᠡᠨ ᠤ ᠪᠡᠯᠡ | ᠮᠥᠩᠭᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠮᠥᠩᠭᠦ ᠵᠢᠭᠡᠯᠡᠬᠦ ᠳᠤ ᠭᠦᠷᠪᠡᠯ᠂ | ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ | ᠮᠥᠩᠭᠦᠨ ᠤ ᠨᠣᠷᠮ᠎ᠠ ︵LPR︶ ᠶᠢᠨ 70% ᠪᠠᠷ ᠲᠡᠷᠡᠴᠢᠯᠡᠨ 2% ᠠᠴᠠ ᠥᠯᠥ ᠬᠡᠲᠦᠷᠡᠬᠦ ᠬᠦᠦ | ᠮᠥᠩᠭᠦᠨ ᠤ ᠨᠣᠷᠮ᠎ᠠ ᠶᠣᠰᠣᠭᠠᠷ᠂ ᠵᠢᠯ ᠪᠦᠷᠢ 200 ᠲᠦᠮᠡᠨ ᠲᠥᠭᠦᠷᠢᠭ ᠠᠴᠠ ᠥᠯᠥ ᠬᠡᠲᠦᠷᠡᠭᠦᠯᠬᠦ ᠳᠠᠮ | ᠬᠦᠦ ᠶᠢᠨ ᠳᠡᠮᠵᠢᠯᠭᠡ ᠣᠯᠭᠤᠵᠤ᠂ ᠲᠡᠳᠡᠨ ᠤ ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ ᠭᠤᠣᠯᠳᠠᠯᠭ᠎ᠠ | ᠪᠣᠯᠬᠤ ᠬᠥᠲᠥᠴᠢ ᠠᠵᠤ ᠠᠬᠤᠶᠢᠯᠠᠯ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠠᠵᠤ ᠦᠢᠯᠡᠰᠵᠢᠯᠲᠡ ᠶᠢᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠪᠠᠷ ᠦᠨᠡᠮᠰᠢᠭᠦᠯᠬᠦ ᠶᠢ ᠨᠢ | ᠵᠣᠷᠢᠭᠵᠢᠭᠤᠯᠤᠨ᠎ᠠ᠃ ᠰᠢᠨ᠎ᠡ ᠪᠠᠷ ᠦᠨᠡᠮᠰᠢᠭᠰᠡᠨ ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ ᠭᠤᠣᠯᠳᠠᠯᠭ᠎ᠠ | ᠪᠣᠯᠬᠤ ᠬᠥᠲᠥᠴᠢ ᠠᠵᠤ ᠠᠬᠤᠶᠢᠯᠠᠯ ᠳᠤ ᠨᠢᠭᠡ ᠯᠡ ᠤᠳᠠᠭ᠎ᠠ ᠶᠢᠨ ᠴᠢᠨᠠᠷᠲᠠᠢ 50 ᠲᠦᠮᠡᠨ ᠲᠥᠭᠦᠷᠢᠭ ᠤᠨ ᠱᠠᠩᠨᠠᠯ | ᠣᠯᠭᠤᠨ᠎ᠠ᠃ ᠤᠯᠤᠰ ᠤᠨ ᠲᠡᠰ ᠤᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠤᠨ ᠨᠢᠭᠡ ᠶᠢ ᠨᠢᠭᠡ ᠳᠤ | ᠴᠢᠭᠯᠡᠭᠦᠯᠦᠨ ᠲᠡᠳᠬᠦᠬᠦ ᠲᠣᠭᠲᠠᠴᠠ ᠶᠢ ᠪᠠᠶᠢᠭᠤᠯᠵᠤ᠂ ᠡᠬᠢ ᠪᠠᠶᠠᠯᠢᠭ ᠤᠨ ᠬᠦᠴᠦᠨ ᠢᠶᠠᠨ ᠲᠥᠪᠯᠡᠷᠡᠭᠦᠯᠦᠨ᠂ | ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠪᠠᠷ ᠳᠠᠮᠵᠢᠭᠤᠯᠤᠨ ᠠᠵᠤ ᠠᠬᠤᠶᠢᠯᠠᠯ ᠳᠤ | ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ ᠥᠭᠭᠦᠨ᠎ᠡ᠃ ﹇ᠬᠠᠷᠢᠭᠤᠴᠠᠯᠭᠠᠲᠤ ᠨᠢᠭᠡᠴᠢ | ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ﹈ | ᠬᠤᠶᠠᠷ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠶᠡᠭᠡ ᠪᠠᠷ ᠪᠣᠶᠢᠵᠢᠭᠤᠯᠤᠨ᠎ᠠ | ᠣᠷᠣᠨ ᠨᠤᠲᠤᠭ ᠤᠨ ᠬᠢᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠪᠡᠯᠡ | ᠮᠥᠩᠭᠦ ᠪᠠᠨ ᠨᠢᠭᠡᠳᠦᠯᠲᠡᠢ ᠲᠥᠯᠥᠪᠯᠡᠬᠦ ᠶᠢ ᠨᠢ ᠵᠣᠷᠢᠭᠵᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠳᠡᠮᠵᠢᠬᠦ ᠶᠢᠨ ᠬᠠᠮᠲᠤ᠂ ᠲᠠᠷᠢᠶᠠᠴᠢᠳ ᠲᠠᠢ | ᠬᠤᠯᠪᠤᠭᠠᠯᠠᠨ ᠲᠠᠷᠢᠶᠠᠴᠢᠳ ᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠨ᠎ᠡ ᠪᠠᠷ | ᠳᠠᠩᠰᠠᠯᠠᠭᠤᠯᠤᠭᠰᠠᠨ ᠮᠥᠷᠲᠡᠭᠡᠨ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠪᠠᠨ 2 | ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠨᠢ ᠤᠯᠤᠰ ᠤᠨ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠨ ᠪᠠᠶᠢᠭᠤᠯᠤᠭᠰᠠᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠠᠴᠠ ᠭᠦᠢᠯᠭᠡᠭᠡᠨ ᠤ ᠪᠡᠯᠡ ᠮᠥᠩᠭᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠤᠳᠤᠯᠤᠨ ᠨᠡᠭᠡᠭᠡᠬᠦ ᠪᠡᠯᠡ ᠮᠥᠩᠭᠦ ᠵᠢᠭᠡᠯᠡᠬᠦ ᠳᠤ ᠭᠦᠷᠪᠡᠯ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ | ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦᠨ ᠤ ᠨᠣᠷᠮ᠎ᠠ ︵LPR︶ ᠶᠢᠨ 70% ᠪᠠᠷ | ᠲᠡᠷᠡᠴᠢᠯᠡᠨ 2% ᠠᠴᠠ ᠥᠯᠥ ᠬᠡᠲᠦᠷᠡᠬᠦ ᠬᠦᠦ ᠮᠥᠩᠭᠦᠨ ᠤ ᠨᠣᠷᠮ᠎ᠠ ᠶᠣᠰᠣᠭᠠᠷ᠂ ᠵᠢᠯ ᠪᠦᠷᠢ 200 ᠲᠦᠮᠡᠨ | ᠲᠥᠭᠦᠷᠢᠭ ᠠᠴᠠ ᠥᠯᠥ ᠬᠡᠲᠦᠷᠡᠭᠦᠯᠬᠦ ᠳᠠᠮ ᠬᠦᠦ ᠶᠢᠨ ᠳᠡᠮᠵᠢᠯᠭᠡ ᠣᠯᠭᠤᠨ᠎ᠠ᠃ ﹇ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ﹈ | ᠭᠤᠷᠪᠠ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠰᠢᠯᠢᠳᠡᠭᠵᠢᠭᠦᠯᠵᠦ ᠲᠠᠰ ᠳᠡᠪᠰᠢᠭᠦᠯᠬᠦ ᠶᠢ | ᠠᠬᠢᠭᠤᠯᠤᠨ᠎ᠠ | 2024 ᠣᠨ ᠠᠴᠠ ᠬᠤᠶᠢᠰᠢᠬᠢ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ | ᠨᠢ 1.6 ᠳ᠋ᠦᠩᠰᠢᠭᠤᠷ ᠲᠥᠭᠦᠷᠢᠭ ᠲᠤ ᠬᠦᠷᠴᠦ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠠᠴᠠ ᠰᠢᠨ᠎ᠡ ᠪᠠᠷ ᠪᠠᠶᠢᠭᠤᠯᠤᠭᠰᠠᠨ ᠪᠠ ᠲᠠᠰ ᠳᠡᠪᠰᠢᠭᠦᠯᠵᠦ ᠥᠭᠡᠷᠡᠴᠢᠯᠡᠨ ᠰᠢᠨᠡᠳᠬᠡᠭᠰᠡᠨ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ | ᠵᠦᠢᠯ ᠤᠨ ᠵᠢᠭᠡᠯᠡᠯᠭᠡ ᠵᠢᠭᠡᠯᠡᠭᠰᠡᠨ ᠠᠵᠤ ᠠᠬᠤᠶᠢᠯᠠᠯ ᠳᠤ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ | ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦᠨ ᠤ ᠨᠣᠷᠮ᠎ᠠ ︵LPR︶ ᠶᠢᠨ 70% ᠪᠠᠷ | ᠲᠡᠷᠡᠴᠢᠯᠡᠨ 2% ᠠᠴᠠ ᠥᠯᠥ ᠬᠡᠲᠦᠷᠡᠬᠦ ᠬᠦᠦ ᠮᠥᠩᠭᠦᠨ ᠤ ᠨᠣᠷᠮ᠎ᠠ ᠶᠣᠰᠣᠭᠠᠷ᠂ ᠵᠢᠯ ᠪᠦᠷᠢ 300 ᠲᠦᠮᠡᠨ | ᠲᠥᠭᠦᠷᠢᠭ ᠠᠴᠠ ᠥᠯᠥ ᠬᠡᠲᠦᠷᠡᠭᠦᠯᠬᠦ ᠳᠠᠮ ᠬᠦᠦ ᠶᠢᠨ ᠳᠡᠮᠵᠢᠯᠭᠡ ᠣᠯᠭᠤᠨ᠎ᠠ᠃ ᠵᠢᠯ ᠤᠨ ᠨᠢᠲᠤᠯᠵᠤ ᠡᠳ᠋ᠰᠢᠭᠦᠯᠦᠨ | ᠪᠣᠯᠪᠠᠰᠤᠷᠠᠭᠤᠯᠤᠭᠰᠠᠨ ᠪᠣᠳᠠᠲᠠᠢ ᠬᠡᠮᠵᠢᠶ᠎ᠡ ᠨᠢ 2 ᠲᠦᠮᠡ ᠠᠴᠠ ᠳᠡᠭᠡᠭᠰᠢ ᠳᠤ ᠬᠦᠷᠦᠭᠰᠡᠨ ᠠᠯᠠᠰᠢᠨ ᠦᠬᠡᠷ | ᠨᠢᠲᠤᠯᠬᠤ ᠠᠵᠤ ᠠᠬᠤᠶᠢᠯᠠᠯ ᠨᠢ ᠪᠣᠷᠳᠣᠭᠰᠠᠨ ᠦᠬᠡᠷᠬᠤᠳᠠᠯᠳᠤᠨ ᠠᠪᠬᠤ ᠪᠠᠷ ᠭᠦᠢᠯᠭᠡᠭᠡᠨ ᠤ ᠪᠡᠯᠡ | ᠮᠥᠩᠭᠦᠨ ᠤ ᠵᠢᠭᠡᠯᠡᠯᠭᠡ ᠵᠢᠭᠡᠯᠡᠬᠦ ᠳᠤ ᠭᠦᠷᠪᠡᠯ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ | ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦᠨ ᠤ ᠨᠣᠷᠮ᠎ᠠ ︵LPR︶ ᠶᠢᠨ 70% ᠪᠠᠷ | ᠲᠡᠷᠡᠴᠢᠯᠡᠨ 2% ᠠᠴᠠ ᠥᠯᠥ ᠬᠡᠲᠦᠷᠡᠬᠦ ᠬᠦᠦ ᠮᠥᠩᠭᠦᠨ ᠤ ᠨᠣᠷᠮ᠎ᠠ ᠪᠠᠷ ᠵᠢᠯ ᠪᠦᠷᠢ 600 ᠲᠦᠮᠡᠨ | ᠲᠥᠭᠦᠷᠢᠭ ᠠᠴᠠ ᠥᠯᠥ ᠬᠡᠲᠦᠷᠡᠭᠦᠯᠬᠦ ᠳᠠᠮ ᠬᠦᠦ ᠶᠢᠨ ᠳᠡᠮᠵᠢᠯᠭᠡ ᠣᠯᠭᠤᠨ᠎ᠠ᠃ ᠠᠯᠠᠰᠢᠨ ᠦᠬᠡᠷ ᠤᠨ ᠠᠵᠤ | ᠠᠬᠤᠶᠢᠯᠠᠯ ᠤᠨ ᠦᠬᠡᠷ ᠤᠨ ᠮᠢᠬᠠᠨ ᠤ ᠪᠡᠯᠡᠨ ᠵᠠᠭᠤᠰᠢ᠂ ᠴᠢᠳᠬᠤᠭᠰᠠᠨ ᠪᠦᠲᠦᠭᠡᠭᠳᠡᠬᠦᠨ᠂ ᠡᠷᠡᠭᠦᠯᠵᠢᠯ ᠤᠨ | ᠪᠦᠲᠦᠭᠡᠭᠳᠡᠬᠦᠨ᠂ ᠢᠳᠡᠪᠬᠢ ᠢᠰᠬᠡᠭᠦᠷ ᠵᠡᠷᠭᠡ ᠰᠢᠨ᠎ᠡ ᠪᠦᠲᠦᠭᠡᠭᠳᠡᠬᠦᠨ ᠰᠢᠨ᠎ᠡ ᠮᠡᠷᠭᠡᠵᠢᠯ ᠰᠤᠳᠤᠯᠤᠨ ᠨᠡᠭᠡᠭᠡᠬᠦ ᠪᠠ | ᠬᠡᠷᠡᠭᠯᠡᠬᠦ ᠶᠢ ᠨᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠲᠣᠮᠣ ᠬᠡᠯᠪᠡᠷᠢ ᠶᠢᠨ ᠨᠠᠷᠠᠲᠠᠢ ᠠᠵᠤ ᠠᠬᠤᠶᠢᠯᠠᠯ ᠤᠨ | ᠠᠯᠠᠰᠢᠨ ᠦᠬᠡᠷ ᠤᠨ ᠠᠵᠤ ᠦᠢᠯᠡᠰ ᠲᠤ ᠣᠷᠣᠬᠤ ᠶᠢ ᠨᠢ ᠵᠣᠷᠢᠭᠵᠢᠭᠤᠯᠵᠤ᠂ ᠲᠡᠳᠡᠨ ᠤ ᠠᠵᠤ ᠠᠬᠤᠶᠢᠯᠠᠯ ᠤᠨ | ᠪᠣᠷᠤᠯᠠᠭᠤᠯᠭ᠎ᠠ ᠶᠢᠨ ᠠᠷᠭ᠎ᠠ ᠵᠠᠮ᠂ ᠨᠠᠷᠠᠲᠤ ᠲᠡᠮᠳᠡᠭ ᠤᠨ ᠳᠠᠪᠠᠭᠤᠯᠢᠭ ᠪᠠ ᠬᠠᠮᠢᠶᠠᠷᠤᠯᠲᠠ ᠶᠢᠨ ᠲᠦᠪᠰᠢᠨ ᠢ | ᠠᠰᠢᠭᠯᠠᠨ᠂ ᠪᠥᠬᠦ ᠣᠷᠣᠨ ᠤ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢ ᠶᠢᠨ ᠲᠡᠰ ᠢ | ᠨᠢ ᠲᠡᠬᠡᠭᠰᠢᠯᠡᠬᠦᠯᠦᠨ᠎ᠡ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ﹈ | ᠳᠥᠷᠪᠡ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ | ᠲᠡᠶᠢᠰᠢ ᠪᠥᠭᠡᠮᠨᠡᠷᠡᠬᠦ ᠶᠢ ᠠᠬᠢᠭᠤᠯᠤᠨ᠎ᠠ | ᠵᠢᠯ ᠪᠦᠷᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠪᠠᠷ ᠭᠤᠣᠯ ᠪᠣᠯᠭᠠᠭᠰᠠᠨ ᠥᠪᠡᠷᠲᠡᠭᠡᠨ ᠵᠠᠰᠠᠬᠤ | ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠠᠴᠠ 2 ᠢ | ᠰᠢᠯᠢᠵᠦ ᠳᠡᠮᠵᠢᠯᠭᠡ ᠦᠵᠡᠭᠦᠯᠦᠨ᠎ᠡ᠃ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠢ ᠡᠭᠦᠳᠦᠨ ᠪᠠᠶᠢᠭᠤᠯᠬᠤ ᠳᠤ ᠪᠠᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠪᠠᠷ ᠭᠤᠣᠯ ᠪᠣᠯᠭᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠢ ᠠᠳᠠᠯᠢ ᠨᠥᠬᠦᠴᠡᠯ ᠳᠣᠣᠷ᠎ᠠ ᠤᠷᠢᠳ ᠢᠶᠠᠷ ᠳᠡᠮᠵᠢᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠲᠤᠰᠬᠠᠢ ᠪᠡᠯᠡ ᠮᠥᠩᠭᠦ ᠶᠢ ᠬᠡᠷᠡᠭᠯᠡᠬᠦ ᠳᠤ ᠪᠠᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠪᠠᠷ ᠭᠤᠣᠯ ᠪᠣᠯᠭᠠᠭᠰᠠᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠠᠳᠠᠯᠢ ᠨᠥᠬᠦᠴᠡᠯ ᠳᠣᠣᠷ᠎ᠠ ᠤᠷᠢᠳ ᠢᠶᠠᠷ ᠳᠡᠮᠵᠢᠨ᠎ᠡ᠃ | ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ﹈ | ᠲᠠᠪᠤ᠂ ᠪᠡᠯᠡᠨ ᠵᠠᠭᠤᠰᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ | ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠪᠡᠯᠡᠨ ᠵᠠᠭᠤᠰᠢ ᠶᠢᠨ ᠵᠠᠮᠴᠢ ᠠᠵᠤ ᠠᠬᠤᠶᠢᠯᠠᠯ᠂ | ᠰᠦᠯᠵᠢᠶ᠎ᠡ ᠪᠠᠷ ᠪᠣᠷᠣᠯᠠᠭᠤᠯᠬᠤ᠂ ᠣᠨᠴᠠᠯᠢᠭᠲᠤ ᠨᠠᠷᠠᠲᠤ ᠲᠡᠮᠳᠡᠭ ᠤᠳ ᠠᠴᠠ ᠲᠤᠰ ᠪᠦᠷᠢ ᠰᠢᠯᠭᠠᠷᠠᠭᠤᠯᠤᠭᠰᠠᠨ | ᠠᠷᠪᠠᠨ ᠬᠦᠴᠦᠷᠬᠡᠭ ᠠᠵᠤ ᠠᠬᠤᠶᠢᠯᠠᠯ ᠳᠤ᠂ ᠪᠣᠷᠤᠯᠠᠭᠤᠯᠭ᠎ᠠ ᠶᠢᠨ ᠲᠤᠭ᠎ᠠ ᠨᠢ ᠳᠡᠭᠡᠷ᠎ᠡ ᠵᠢᠯ ᠤᠨ ᠬᠢ ᠠᠴᠠ ᠪᠠᠨ | 100 ᠲᠦᠮᠡᠨ ᠲᠥᠭᠦᠷᠢᠭ ᠰᠢᠨ᠎ᠡ ᠪᠠᠷ ᠨᠡᠮᠡᠭᠳᠡᠬᠦ ᠪᠦᠷᠢ 2 ᠲᠦᠮᠡᠨ ᠲᠥᠭᠦᠷᠢᠭ ᠱᠠᠩᠨᠠᠨ ᠬᠥᠬᠢᠭᠦᠯᠵᠦ᠂ | ᠬᠠᠮᠤᠭ ᠤᠨ ᠥᠨᠳᠥᠷ ᠲᠤ ᠪᠠᠨ 30 ᠲᠦᠮᠡᠨ ᠲᠥᠭᠦᠷᠢᠭ ᠠᠴᠠ ᠦᠯᠦ ᠬᠡᠲᠦᠷᠡᠭᠦᠯᠦᠨ᠂ ᠠᠳᠠᠯᠢ ᠨᠢᠭᠡ ᠠᠵᠤ | ᠠᠬᠤᠶᠢᠯᠠᠯ ᠢ ᠠᠳᠠᠯᠢ ᠨᠢᠭᠡ ᠵᠢᠯ ᠳᠤ ᠳᠠᠪᠬᠤᠷᠳᠠᠭᠤᠯᠤᠨ ᠱᠠᠩᠨᠠᠬᠤ ᠦᠭᠡᠢ᠃ ﹇ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ﹈ | ᠵᠢᠷᠭᠤᠭ᠎ᠠ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ | ᠰᠢᠨ᠎ᠡ ᠪᠠᠷ ᠳᠡᠪᠰᠢᠭᠰᠡᠨ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠲᠣᠭᠤᠷᠢᠭ᠂ 5A ᠲᠠᠰ ᠤᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠳᠤ᠂ ᠲᠣᠰ ᠲᠣᠰ 300 | ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ | ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠪᠡᠭᠡᠵᠢᠩ ᠱᠠᠩᠬᠠᠢ ᠭᠤᠸᠠᠩᠵᠧᠦ ᠱᠧᠨᠵᠧᠨ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠣᠯ ᠪᠣᠯᠬᠤ | ᠬᠡᠷᠡᠭᠯᠡᠭᠡᠨ ᠤ ᠭᠠᠵᠠᠷ ᠲᠤ ᠤᠷᠢᠳᠠᠴᠢ ᠬᠦᠢᠲᠡᠨ ᠬᠡᠯᠬᠢᠶᠡᠲᠦ ᠰᠣᠷᠭᠤᠭ ᠬᠠᠳᠠᠭᠠᠯᠠᠬᠤ ᠬᠥᠮᠥᠷᠭᠡ ᠬᠥᠭᠵᠢᠭᠦᠯᠬᠦ ᠶᠢ | ᠵᠣᠷᠢᠭᠵᠢᠭᠤᠯᠤᠨ᠎ᠠ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ | ﹈ | ᠳᠣᠯᠤᠭ᠎ᠠ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠬᠡᠪ ᠵᠠᠭᠪᠤᠷ ᠲᠤ ᠰᠢᠨ᠎ᠡ ᠶᠢ ᠡᠭᠦᠳᠦᠨ᠎ᠡ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭ ᠢ ᠪᠣᠶᠢᠵᠢᠭᠤᠯᠬᠤ ᠪᠠ ᠵᠠᠬ᠎ᠠ | ᠳᠡᠯᠭᠡᠭᠦᠷ ᠤᠨ ᠡᠵᠡᠩᠨᠡᠨ ᠪᠣᠷᠣᠯᠠᠭᠤᠯᠬᠤ ᠠᠵᠢᠯ ᠢ ᠳᠡᠮᠵᠢᠵᠦ᠂ ︽ᠥᠪᠥᠷ ᠮᠣᠩᠭᠤᠯ︾ ᠨᠡᠷᠡᠮᠵᠢᠲᠦ ᠲᠡᠮᠳᠡᠭ ᠤᠨ | ᠭᠡᠷᠡᠴᠢᠯᠡᠯᠲᠡ ᠶᠢ ᠥᠷᠨᠢᠭᠦᠯᠦᠨ᠂ ᠨᠢᠭᠡᠳᠦᠯᠲᠡᠢ ᠪᠠᠷᠢᠮᠵᠢᠶ᠎ᠠ᠂ ᠨᠢᠭᠡᠳᠦᠯᠲᠡᠢ ᠨᠠᠷᠠᠲᠤ ᠲᠡᠮᠳᠡᠭ᠂ ᠨᠢᠭᠡᠳᠦᠯᠲᠡᠢ | ᠢᠯᠭᠠᠬᠤ ᠲᠡᠮᠳᠡᠭ᠂ ᠨᠢᠭᠡᠳᠦᠯᠲᠡᠢ ᠤᠬᠠᠭᠤᠯᠭ᠎ᠠ᠂ ᠨᠢᠭᠡᠳᠦᠯᠲᠡᠢ ᠡᠵᠡᠩᠨᠡᠨ ᠪᠣᠷᠣᠯᠠᠭᠤᠯᠤᠯᠲᠠ ᠶᠢ ᠠᠬᠢᠭᠤᠯᠵᠤ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠥᠪᠥᠷ ᠮᠣᠩᠭᠤᠯ︾ ᠨᠡᠷᠡᠮᠵᠢᠲᠦ ᠲᠡᠮᠳᠡᠭ - ᠲᠠᠯ᠎ᠠ | ᠨᠤᠲᠤᠭ ᠤᠨ ᠣᠬᠢ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ | ᠴᠣᠭᠴᠠᠯᠠᠨ᠎ᠠ᠃ ︽ᠥᠪᠥᠷ ᠮᠣᠩᠭᠤᠯ︾ ᠨᠡᠷᠡᠮᠵᠢᠲᠦ ᠲᠡᠮᠳᠡᠭ ᠢᠶᠠᠷ ᠭᠡᠷᠡᠴᠢᠯᠡᠭᠳᠡᠭᠰᠡᠨ ᠠᠵᠤ ᠠᠬᠤᠶᠢᠯᠠᠯ ᠳᠤ | ᠭᠡᠷᠡᠴᠢᠯᠡᠭᠦᠯᠬᠦ ᠪᠠ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ᠃ | 2024 ᠣᠨ ᠳᠤ ᠪᠣᠬᠢᠷᠲᠤᠯ ᠦᠭᠡᠢ ᠢᠳᠡᠭᠡᠨ᠂ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠭᠡᠷᠡᠴᠢᠯᠡᠭᠰᠡᠨ ᠭᠠᠷᠤᠯᠲᠠ ᠨᠢ 1000 ᠲᠣᠨ ᠠᠴᠠ ᠳᠡᠭᠡᠭᠰᠢ ᠳᠤ ᠬᠦᠷᠦᠭᠰᠡᠨ ᠠᠵᠤ | ᠠᠬᠤᠶᠢᠯᠠᠯ ᠤᠨ ᠭᠡᠷᠡᠴᠢᠯᠡᠭᠦᠯᠦᠭᠰᠡᠨ ᠵᠠᠷᠤᠳᠠᠯ ᠢ ᠪᠥᠬᠦ ᠲᠤᠭ᠎ᠠ ᠪᠠᠷ ᠨᠢ ᠱᠠᠩᠨᠠᠨ ᠨᠥᠬᠦᠪᠦᠷᠢᠯᠡᠵᠦ᠂ ᠪᠣᠳᠠᠲᠠᠢ | ᠪᠠᠷᠢᠮᠵᠢᠶ᠎ᠠ ᠶᠢ ᠳᠡᠭᠡᠷ᠎ᠡ ᠨᠢᠭᠡ ᠵᠢᠯ ᠤᠨ ᠭᠡᠷᠡᠴᠢᠯᠡᠭᠰᠡᠨ ᠭᠠᠷᠤᠯᠲᠠ ᠪᠠᠷ ᠦᠨᠳᠦᠰᠦᠯᠡᠯ ᠪᠣᠯᠭᠠᠨ ᠲᠣᠭᠲᠠᠭᠠᠨ᠎ᠠ᠃ | ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠪᠣᠷᠤᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠬᠡᠷᠡᠭᠵᠢᠭᠦᠯᠬᠦ ᠶᠢ ᠠᠬᠢᠭᠤᠯᠵᠤ᠂ ᠪᠡᠭᠡᠵᠢᠩ ᠵᠡᠷᠭᠡ | ᠨᠢᠭᠡᠳᠦᠭᠡᠷ ᠵᠡᠷᠭᠡᠯᠡᠯ ᠤᠨ ᠬᠤᠲᠠ ᠳᠤ ︽ᠪᠣᠬᠢᠷᠲᠤᠯ ᠦᠭᠡᠢ ᠪᠦᠲᠦᠭᠡᠭᠳᠡᠬᠦᠨ ᠪᠣᠭᠤᠮᠲᠠ ᠠᠴᠠ ᠭᠠᠷᠬᠤ︾ | ᠬᠡᠷᠡᠭᠯᠡᠭᠡ ᠶᠢ ᠬᠠᠪᠰᠤᠷᠤᠨ ᠲᠡᠳᠬᠦᠵᠦ ᠲᠠᠨᠢᠯᠴᠠᠭᠤᠯᠬᠤ ᠠᠵᠢᠯᠯᠠᠭ᠎ᠠ ᠶᠢ ᠦᠷᠭᠦᠯᠵᠢᠯᠡᠨ ᠡᠷᠬᠢᠯᠡᠨ᠎ᠡ᠃ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠶᠠᠮᠤᠨ ᠵᠥᠪᠯᠡᠯ᠂ ᠲᠥᠪ ᠤᠨ ᠠᠵᠤ ᠠᠬᠤᠶᠢᠯᠠᠯ᠂ ᠶᠡᠭᠡ ᠳᠡᠭᠡᠳᠦ | ᠰᠤᠷᠭᠠᠭᠤᠯᠢ᠂ ᠬᠤᠳᠠᠯᠳᠤᠭ᠎ᠠ ᠬᠡᠲᠦ ᠳᠡᠯᠭᠡᠭᠦᠷ᠂ ᠢᠳᠡᠭᠡᠨ ᠤᠮᠳᠠᠭᠠᠨ ᠤ ᠦᠢᠯᠡᠰ ᠲᠤ ᠣᠷᠣᠭᠤᠯᠬᠤ ᠶᠢ ᠠᠬᠢᠭᠤᠯᠵᠤ | ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠣᠷᠣᠯᠠᠭᠤᠯᠬᠤ᠂ ᠡᠯᠧᠺᠲᠷᠣᠨ ᠬᠤᠳᠠᠯᠳᠤᠭᠠᠨ ᠤ ᠲᠠᠪᠴᠠᠩ ᠵᠡᠷᠭᠡ | ᠰᠦᠯᠵᠢᠶᠡᠨ ᠤ ᠪᠣᠷᠤᠯᠠᠭᠤᠯᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ﹇ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠬᠤᠳᠠᠯᠳᠤᠭᠠᠨ ᠤ ᠶᠠᠪᠤᠳᠠᠯ ᠤᠨ | ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ﹈ | ᠨᠠᠢᠮᠠ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠤᠨ᠎ᠠ | ᠠᠵᠤ ᠠᠬᠤᠶᠢᠯᠠᠯ ᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠪᠠ ᠲᠥᠷᠥᠯ ᠵᠦᠢᠯ ᠤᠨ ᠪᠡᠯᠡ | ᠲᠣᠬᠢᠷᠠᠭᠤᠯᠭ᠎ᠠ ᠬᠢᠬᠦ ᠶᠢ ᠳᠡᠮᠵᠢᠵᠦ᠂ ᠵᠠᠬᠢᠶᠠᠯᠠᠭ᠎ᠠ ᠶᠢᠨ ᠬᠠᠭᠤᠳᠠᠰᠤ᠂ ᠰᠠᠩ ᠤᠨ ᠬᠠᠭᠤᠳᠠᠰᠤ᠂ ᠬᠤᠷᠢᠶᠠᠪᠠᠰᠤ | ᠵᠣᠬᠢᠬᠤ ᠲᠠᠩᠰᠠᠨ ᠤ ᠵᠣᠭᠤᠰ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠵᠡᠷᠭᠡ ᠳᠠᠨᠵᠢᠯᠠᠭ᠎ᠠ ᠲᠠᠢ | ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠥᠷᠨᠢᠭᠦᠯᠵᠦ᠂ ᠬᠥᠳᠡᠯᠬᠦ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢ | ᠨᠢᠭᠡᠳᠦᠯᠲᠡᠢ ᠳᠠᠩᠰᠠᠯᠠᠨ ᠲᠡᠮᠳᠡᠭᠯᠡᠵᠦ ᠨᠡᠶᠢᠲᠡ ᠳᠤ ᠵᠠᠷᠯᠠᠬᠤ ᠰᠢᠰᠲ᠋ᠧᠮ ᠢᠶᠠᠷ ᠳᠠᠮᠵᠢᠭᠤᠯᠤᠨ ᠳᠠᠭᠠᠭᠠᠯᠲᠠ ᠲᠠᠢ ᠪᠡᠯᠡ | ᠲᠣᠬᠢᠷᠠᠭᠤᠯᠭ᠎ᠠ ᠶᠢᠨ ᠲᠤᠬᠠᠶᠢᠯᠠᠭᠰᠠᠨ ᠠᠵᠢᠯ ᠢ ᠳᠠᠩᠰᠠᠯᠠᠨ ᠲᠡᠮᠳᠡᠭᠯᠡᠨ᠎ᠡ᠃ ᠬᠦᠦ ᠮᠥᠩᠭᠦᠨ ᠤ ᠨᠣᠷᠮ᠎ᠠ ᠳᠤ | ᠨᠡᠮᠡᠭᠦᠷᠢ ᠥᠭᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠯᠡᠵᠦ ᠨᠠᠩ ᠣᠯᠠᠨ ᠮᠥᠩᠭᠦᠨ ᠭᠦᠢᠯᠭᠡᠭᠡᠨ ᠤ | ᠡᠬᠢ ᠪᠠᠶᠠᠯᠢᠭ ᠪᠠ ᠨᠡᠶᠢᠭᠡᠮ ᠤᠨ ᠮᠥᠩᠭᠦᠨ ᠭᠦᠢᠯᠭᠡᠭᠡᠨ ᠤ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ | ᠲᠠᠯ᠎ᠠ ᠳᠤ ᠣᠷᠣᠭᠤᠯᠤᠯᠲᠠ ᠬᠢᠯᠭᠡᠨ᠎ᠡ᠃ ᠨᠥᠬᠦᠴᠡᠯ ᠳᠤ ᠨᠡᠶᠢᠴᠡᠬᠦ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠪᠠᠩᠬᠢ ᠶᠢᠨ | ᠬᠤᠭᠤᠷᠣᠨᠳᠣᠬᠢ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠲᠤ ᠣᠬᠤᠷ ᠬᠤᠭᠤᠴᠠᠭᠠᠨ ᠤ ᠪᠡᠯᠡ | ᠲᠣᠬᠢᠷᠠᠭᠤᠯᠭ᠎ᠠ ᠶᠢᠨ ᠲᠡᠮᠳᠡᠭᠲᠦ᠂ ᠤᠷᠲᠤᠪᠲᠤᠷ ᠬᠤᠭᠤᠴᠠᠭᠠᠨ ᠤ ᠪᠠᠷᠢᠮᠲᠠ ᠵᠡᠷᠭᠡ ᠥᠷᠢ ᠥᠭᠴᠡᠭᠡᠨ ᠤ ᠪᠡᠯᠡ | ᠲᠣᠬᠢᠷᠠᠭᠤᠯᠭ᠎ᠠ ᠶᠢᠨ ᠪᠠᠭᠠᠵᠢ ᠲᠠᠷᠬᠠᠭᠠᠵᠤ ᠪᠡᠯᠡ ᠮᠥᠩᠭᠦ ᠴᠤᠭᠯᠠᠭᠤᠯᠬᠤ ᠶᠢ ᠵᠣᠷᠢᠭᠵᠢᠭᠤᠯᠤᠨ᠎ᠠ᠃ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠮᠥᠩᠭᠦᠨ | ᠭᠦᠢᠯᠭᠡᠭᠡᠨ ᠤ ᠬᠡᠯᠬᠢᠶᠡᠨ ᠳᠠᠷᠤᠭ᠎ᠠ ᠶᠢᠨ ᠳᠦᠷᠢᠮ ᠢ ᠪᠠᠶᠢᠭᠤᠯᠵᠤ᠂ ᠠᠵᠤ ᠦᠢᠯᠡᠰ ᠬᠤᠪᠢᠶᠠᠨ ᠬᠡᠯᠬᠢᠶᠡᠨ | ᠳᠠᠷᠤᠭ᠎ᠠ ᠶᠢᠨ ᠪᠠᠩᠬᠢ ᠪᠠ ᠬᠠᠮᠵᠢᠯᠴᠠᠨ ᠡᠷᠭᠢᠯᠡᠬᠦ ᠪᠠᠩᠬᠢ ᠶᠢ ᠲᠣᠳᠣᠷᠬᠠᠶᠢᠯᠠᠵᠤ᠂ ᠨᠠᠷᠢᠯᠢᠭ ᠭᠦᠨ ᠡᠳ᠋ᠰᠢᠭᠦᠯᠦᠨ | ᠪᠤᠯᠪᠠᠰᠤᠷᠠᠭᠤᠯᠬᠤ ᠠᠵᠤ ᠠᠬᠤᠶᠢᠯᠠᠯ ᠳᠤ ᠵᠠᠬᠢᠶᠠᠯᠠᠭ᠎ᠠ ᠮᠠᠶ᠋ᠢᠭ ᠤᠨ ᠦᠢᠯᠡᠴᠢᠯᠡᠭᠡ ᠬᠠᠩᠭᠠᠨ᠎ᠠ᠃ ᠥᠪᠡᠷ ᠤᠨ | ᠥᠷᠲᠡᠭ ᠤᠨ ᠳᠠᠭᠠᠳᠬᠠᠯ᠂ ᠶᠠᠰᠤ ᠴᠢᠨᠠᠷ ᠤᠨ ᠳᠠᠭᠠᠳᠬᠠᠯ᠂ ᠪᠡᠯᠡᠳᠬᠡᠮᠵᠢ ᠶᠢᠨ ᠳᠠᠭᠠᠳᠬᠠᠯ᠂ ᠳᠠᠭᠠᠳᠬᠠᠯ + | ᠬᠤᠭᠤᠴᠠᠭᠠᠲᠤ ᠪᠠᠷᠠᠭ᠎ᠠ ᠵᠡᠷᠭᠡ ᠰᠢᠷᠢᠰ ᠦᠢᠯᠡᠴᠢᠯᠡᠭᠡ ᠪᠠ ᠨᠡᠶᠢᠯᠡᠮᠡᠯ ᠨᠡᠷᠡᠳᠭᠦᠨ ᠳᠤ ᠰᠢᠨ᠎ᠡ ᠶᠢ ᠡᠭᠦᠳᠦᠨ | ᠳᠡᠯᠭᠡᠷᠡᠭᠦᠯᠦᠨ᠎ᠡ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ | ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ | ᠥᠪᠥᠷ ᠮᠣᠩᠭᠤᠯ ᠳᠠᠬᠢ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ | ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ﹈ | ᠶᠢᠰᠦ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠠᠵᠤ | ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢᠨ ᠬᠠᠮᠲᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ | ᠪᠤᠯᠪᠠᠰᠤᠷᠠᠭᠤᠯᠬᠤ ᠠᠵᠤ ᠠᠬᠤᠶᠢᠯᠠᠯ ᠨᠢ ᠬᠤᠳᠠᠯᠳᠤᠨ ᠠᠪᠤᠭᠰᠠᠨ ᠪᠠᠷᠢᠮᠲᠠ ᠪᠠᠷ ᠢᠶᠠᠨ ᠦᠷᠲᠡᠭ ᠨᠡᠮᠡᠭᠳᠡᠯ ᠤᠨ | ᠭᠠᠶᠢᠯᠢ ᠶᠢ ᠲᠣᠭᠲᠠᠭᠠᠯ ᠶᠣᠰᠣᠭᠠᠷ ᠲᠤᠯᠭᠠᠨ ᠰᠠᠭᠤᠯᠭᠠᠵᠤ ᠪᠣᠯᠣᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠬᠥᠭᠵᠢᠯᠲᠡ ᠳᠤ ᠬᠡᠷᠡᠭᠯᠡᠬᠦ ᠭᠠᠵᠠᠷ ᠢ | ᠤᠷᠢᠳ ᠢᠶᠠᠷ ᠪᠠᠲᠤᠯᠠᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ | ᠪᠤᠯᠪᠠᠰᠤᠷᠠᠭᠤᠯᠬᠤ ᠠᠵᠤ ᠠᠬᠤᠶᠢᠯᠠᠯ ᠤᠨ ᠪᠣᠬᠢᠷᠲᠤᠯ ᠦᠭᠡᠢ ᠴᠠᠬᠢᠯᠭᠠᠨ ᠪᠠᠭᠲᠠᠭᠠᠨ ᠰᠢᠩᠭᠡᠭᠡᠬᠦ ᠶᠢ ᠳᠡᠮᠵᠢᠵᠦ᠂ | ᠠᠵᠤ ᠠᠬᠤᠶᠢᠯᠠᠯ ᠤᠨ ᠥᠪᠡᠰᠦᠪᠡᠨ ᠪᠣᠬᠢᠷᠲᠤᠯ ᠦᠭᠡᠢ ᠴᠠᠬᠢᠯᠭᠠᠨ ᠡᠭᠦᠰᠬᠡᠭᠴᠢ ᠪᠠᠶᠢᠭᠤᠯᠬᠤ ᠶᠢ ᠵᠣᠷᠢᠭᠵᠢᠭᠤᠯᠤᠨ᠂ | ᠪᠣᠬᠢᠷᠲᠤᠯ ᠦᠭᠡᠢ ᠴᠠᠬᠢᠯᠭᠠᠨ ᠬᠦᠴᠦᠨ ᠤ ᠬᠡᠷᠡᠭᠯᠡᠭᠡ ᠶᠢᠨ ᠬᠠᠷᠢᠴᠠᠯ ᠢ ᠳᠡᠭᠡᠭᠰᠢᠯᠡᠭᠦᠯᠦᠨ᠎ᠡ᠃ ᠤᠰᠤᠨ ᠤ ᠡᠬᠢ | ᠰᠤᠷᠪᠤᠯᠵᠢ ᠪᠠᠷ ᠠᠵᠤ ᠦᠢᠯᠡᠰ ᠤᠨ ᠬᠡᠪᠴᠢᠶᠡᠵᠢᠯ ᠪᠠ ᠪᠦᠲᠦᠴᠡ ᠶᠢ ᠲᠥᠯᠥᠪᠵᠢᠭᠦᠯᠬᠦ ᠤᠷᠢᠲᠠᠯ ᠳᠣᠣᠷ᠎ᠠ᠂ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ | ᠦᠢᠯᠡᠳᠪᠦᠷᠢᠯᠡᠯ ᠳᠤ ᠬᠡᠷᠡᠭᠯᠡᠬᠦ ᠤᠰᠤ ᠶᠢ ᠪᠠᠲᠤᠯᠠᠨ᠎ᠠ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠰᠤᠨ | ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠥᠪᠥᠷ ᠮᠣᠩᠭᠤᠯ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠤᠮᠫᠠᠨᠢ᠂ ᠤᠯᠤᠰ ᠤᠨ | ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ﹈ | ᠳᠡᠭᠡᠷ᠎ᠡ ᠳᠤᠷᠠᠳᠤᠭᠰᠠᠨ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠱᠠᠩᠨᠠᠵᠤ ᠨᠥᠬᠦᠪᠦᠷᠢᠯᠡᠬᠦ ︵ᠱᠠᠩᠨᠠᠵᠤ | ᠬᠥᠬᠢᠭᠦᠯᠬᠦ︶ ᠪᠡᠯᠡ ᠮᠥᠩᠭᠦ ᠶᠢ ᠴᠥᠮ ︽ᠤᠷᠢᠳ ᠢᠶᠠᠷ ᠪᠠᠶᠢᠭᠤᠯᠵᠤ ᠳᠠᠷᠠᠭ᠎ᠠ ᠳᠤ ᠨᠢ ᠨᠥᠬᠦᠪᠦᠷᠢᠯᠡᠬᠦ᠂ ᠱᠠᠲᠤ | ᠬᠤᠪᠢᠶᠠᠨ ᠡᠭᠦᠷᠭᠡᠯᠡᠬᠦ᠂ ᠪᠣᠳᠠᠲᠠᠢ ᠶᠢ ᠦᠨᠳᠦᠰᠦᠯᠡᠨ ᠨᠥᠬᠦᠪᠦᠷᠢᠯᠡᠬᠦ᠂ ᠡᠷᠭᠢᠯᠳᠦᠭᠦᠯᠦᠨ ᠬᠡᠷᠡᠭᠵᠢᠭᠦᠯᠬᠦ︾ ᠠᠷᠭ᠎ᠠ | ᠮᠠᠶ᠋ᠢᠭ ᠢᠶᠠᠷ ᠰᠠᠯᠭᠠᠨ ᠥᠭᠴᠦ᠂ ᠡᠯ᠎ᠡ ᠬᠠᠷᠢᠭᠤᠴᠠᠯᠭᠠᠲᠤ ᠨᠢᠭᠡᠴᠢ ᠨᠢ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠢ | ᠲᠣᠭᠲᠠᠭᠠᠨ᠂ ᠪᠡᠯᠡ ᠮᠥᠩᠭᠦ ᠱᠠᠩᠨᠠᠵᠤ ᠨᠥᠬᠦᠪᠦᠷᠢᠯᠡᠬᠦ ᠬᠠᠮᠢᠶ᠎ᠠ ᠪᠦᠬᠦᠢ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠲᠠᠰ | ᠳᠠᠷᠠᠭᠠᠯᠠᠯ᠂ ᠬᠡᠷᠡᠭᠵᠢᠭᠦᠯᠬᠦ ᠠᠭᠤᠯᠭ᠎ᠠ᠂ ᠰᠢᠯᠭᠠᠨ ᠬᠢᠨᠠᠵᠤ ᠰᠢᠯᠭᠠᠨ ᠠᠪᠬᠤ ᠵᠡᠷᠭᠡ ᠠᠭᠤᠯᠭ᠎ᠠ ᠶᠢ | ᠲᠣᠳᠣᠷᠬᠠᠶᠢᠯᠠᠬᠤ ᠶᠢᠨ ᠬᠠᠮᠲᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ᠂ ᠴᠠᠭ ᠲᠤ ᠨᠢ | ᠲᠣᠬᠢᠷᠠᠭᠤᠯᠤᠨ ᠦᠨᠡᠯᠡᠨ ᠵᠢᠱᠢᠵᠦ᠂ ᠦᠷ᠎ᠡ ᠪᠦᠲᠦᠮᠵᠢ ᠶᠢ ᠨᠢ ᠮᠦᠷᠳᠡᠨ ᠠᠰᠠᠭᠤᠬᠤ ᠬᠡᠷᠡᠭᠲᠡᠢ᠃ | ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠶᠢ ᠳᠡᠮᠵᠢᠬᠦ ᠲᠤᠬᠠᠢ | ᠠᠷᠭ᠎ᠠ ᠬᠡᠮᠵᠢᠶ᠎ᠡ ᠨᠦᠭᠦᠳ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠬᠤ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ | ﹇2024﹈ 10 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠳᠠᠷᠤᠮᠠᠯᠯᠠᠨ ᠲᠠᠷᠬᠠᠭᠠᠪᠠ | | |