ᠮᠠᠨ ᠤ ᠣᠷᠣᠨ ᠤ ᠲᠦᠭᠦᠬᠡᠢ ᠨᠡᠭᠦᠷᠡᠰᠦᠨ ᠤ ᠭᠠᠷᠤᠯᠲᠠ ᠪᠦᠭᠦ ᠤᠯᠤᠰ ᠲᠤ ᠲᠡᠷᠢᠭᠦᠯᠡᠪᠡ
ᠨᠡᠶᠢᠲᠡᠯᠡᠭᠰᠡᠨ ᠴᠠᠭ᠄
2025/2/7
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2024 ᠣᠨ ᠳᠤ ᠪᠦᠭᠦ ᠣᠷᠣᠨ ᠤ ᠲᠦᠭᠦᠬᠡᠢ ᠨᠡᠭᠦᠷᠡᠰᠦᠨ ᠤ ᠭᠠᠷᠤᠯᠲᠠ 12.97 ᠳ᠋ᠦᠩᠰᠢᠭᠤᠷ ᠲᠣᠨ ᠳᠤ ᠬᠦᠷᠴᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠵᠦ᠂ ᠪᠦᠭᠦ ᠤᠯᠤᠰ ᠤᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 4.1 ᠬᠤᠪᠢ ᠥᠨᠳᠥᠷ ᠪᠣᠯᠵᠤ᠂ ᠱᠠᠨ ᠰᠢ ᠮᠤᠵᠢ ᠠᠴᠠ ᠳᠠᠪᠠᠵᠤ ᠪᠦᠭᠦ ᠤᠯᠤᠰ ᠲᠤ ᠲᠡᠷᠢᠭᠦᠯᠡᠪᠡ᠃      ᠣᠶᠢᠯᠠᠭᠠᠭᠰᠠᠨ ᠢᠶᠠᠷ᠂ ᠣᠷᠳᠣᠰ ᠬᠤᠲᠠ᠂ ᠰᠢᠯᠢ ᠶᠢᠨ ᠭᠤᠣᠯ ᠠᠶᠢᠮᠠᠭ᠂ ᠬᠥᠯᠥᠨ ᠪᠤᠶᠢᠷ ᠬᠤᠲᠠ ᠵᠡᠷᠭᠡ ᠭᠤᠷᠪᠠᠨ ᠶᠡᠭᠡ ᠲᠦᠭᠦᠬᠡᠢ ᠨᠡᠭᠦᠷᠡᠰᠦᠨ ᠤ ᠭᠤᠣᠯ ᠭᠠᠷᠤᠯᠲᠠ ᠶᠢᠨ ᠣᠷᠣᠨ ᠤ ᠭᠠᠷᠤᠯᠲᠠ ᠨᠢ ᠪᠦᠭᠦ ᠣᠷᠣᠨ ᠤ ᠲᠦᠭᠦᠬᠡᠢ ᠨᠡᠭᠦᠷᠡᠰᠦᠨ ᠤ ᠭᠠᠷᠤᠯᠲᠠ ᠶᠢᠨ 88.3% ᠶᠢ ᠡᠵᠡᠯᠡᠵᠦ᠂ ᠪᠦᠭᠦ ᠤᠯᠤᠰ ᠤᠨ ᠲᠦᠭᠦᠬᠡᠢ ᠨᠡᠭᠦᠷᠡᠰᠦᠨ ᠤ ᠭᠠᠷᠤᠯᠲᠠ ᠶᠢᠨ 24.1% ᠶᠢ ᠡᠵᠡᠯᠡᠪᠡ᠃ ᠣᠶᠢᠷ᠎ᠠ ᠶᠢᠨ ᠵᠢᠯ ᠤᠨ ᠲᠤᠷᠰᠢ ᠮᠠᠨ ᠤ ᠣᠷᠣᠨ ᠡᠨᠧᠷᠭᠢ ᠶᠢᠨ ᠠᠮᠤᠷ ᠲᠦᠪᠰᠢᠨ ᠤ ᠰᠢᠨ᠎ᠡ ᠪᠠᠶᠢᠯᠳᠤᠬᠤ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠨ᠂ ᠤᠯᠤᠰ ᠤᠨ ᠨᠡᠭᠦᠷᠡᠰᠦᠨ ᠤ ᠬᠠᠩᠭᠠᠯᠭ᠎ᠠ ᠶᠢ ᠪᠦᠭᠦ ᠬᠦᠴᠦᠨ ᠢᠶᠠᠷ ᠢᠶᠠᠨ ᠪᠠᠲᠤᠯᠠᠪᠠ᠃ ᠨᠡᠭᠦᠷᠡᠰᠦᠨ ᠤ ᠠᠵᠤ ᠦᠢᠯᠡᠰ ᠤᠨ ᠬᠥᠭᠵᠢᠯᠲᠡ ᠶᠢᠨ ᠶᠠᠪᠤᠴᠠ ᠳᠤ ᠮᠠᠨ ᠤ ᠣᠷᠣᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢ ᠪᠠᠷᠢᠮᠲᠠᠯᠠᠨ᠂ ᠨᠡᠭᠦᠷᠡᠰᠦᠨ ᠤ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠳᠠᠷᠠᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠤᠷᠢᠳ ᠬᠤᠵᠢᠳ ︽ᠥᠪᠡᠷᠲᠡᠭᠡᠨ ᠵᠠᠰᠠᠬᠤ ᠣᠷᠣᠨ  ᠤ ᠨᠡᠭᠦᠷᠡᠰᠦᠨ ᠤ ᠬᠠᠮᠢᠶᠠᠷᠤᠯᠲᠠ ᠶᠢᠨ ᠳᠦᠷᠢᠮ︾᠂ ︽ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠵᠡᠷᠭᠡ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠨᠡᠶᠢᠲᠡᠯᠡᠵᠦ᠂ ︽ᠪᠦᠭᠦ ᠣᠷᠣᠨ ᠤ ᠨᠡᠭᠦᠷᠡᠰᠦᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ᠵᠢᠴᠢ ᠭᠤᠷᠪᠠᠨ ᠵᠢᠯ ᠤᠨ ᠠᠵᠢᠯᠯᠠᠭᠠᠨ ᠤ ᠲᠥᠰᠥᠯ᠂ ︽ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠦᠢᠯᠡᠳᠪᠦᠷᠢᠯᠡᠯ  ᠤᠨ ᠴᠢᠳᠠᠪᠤᠷᠢ ᠶᠢ ᠲᠣᠭᠲᠠᠭᠤᠨ ᠢᠶᠠᠷ ᠦᠷᠭᠦᠯᠵᠢᠯᠡᠭᠦᠯᠬᠦ ᠪᠠ ᠡᠮᠬᠢ ᠵᠢᠷᠤᠮ ᠲᠠᠢ ᠪᠠᠷ ᠨᠡᠭᠡᠭᠡᠨ ᠬᠥᠭᠵᠢᠭᠦᠯᠬᠦ ᠲᠥᠰᠥᠯ︾ ᠵᠡᠷᠭᠡ ᠲᠥᠷᠥ ᠶᠢᠨ ᠪᠣᠳᠣᠯᠭ᠎ᠠ ᠳᠦᠷᠢᠮ ᠢ ᠲᠣᠭᠲᠠᠭᠠᠵᠤ᠂ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ  ᠤᠨ ᠴᠢᠳᠠᠪᠤᠷᠢ ᠶᠢ ᠬᠢᠨᠠᠨ ᠨᠡᠮᠡᠭᠳᠡᠭᠦᠯᠬᠦ ᠶᠢ ᠲᠦᠷᠭᠡᠳᠬᠡᠬᠦ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠢ ᠬᠢᠨᠠᠨ ᠵᠥᠪᠰᠢᠶᠡᠷᠡᠬᠦ᠂ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠲᠠᠮᠵᠢᠨ᠂ ᠪᠦᠭᠦ ᠣᠷᠣᠨ  ᠤ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠪᠠᠶᠢᠯᠭᠠᠬᠤ ᠶᠢ ᠪᠠᠲᠤᠯᠠᠵᠠᠢ᠃ ᠡᠭᠦᠨ ᠤ ᠬᠠᠮᠲᠤ᠂ ᠪᠦᠭᠦ ᠣᠷᠣᠨ ᠤ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠪᠦᠭᠦ ᠤᠯᠤᠰ ᠤᠨ ᠡᠮᠦᠨ᠎ᠡ ᠡᠩᠨᠡᠭᠡᠨ ᠳᠤ ᠵᠢᠭᠰᠠᠵᠤ᠂ ᠪᠦᠭᠦ ᠣᠷᠣᠨ ᠤ 205 ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠂ ᠣᠶᠤᠨᠴᠢᠯᠠᠭᠰᠠᠨ ᠦᠢᠯᠡᠳᠪᠦᠷᠢᠯᠡᠯ ᠤᠨ ᠴᠢᠳᠠᠪᠤᠷᠢ ᠨᠢ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢᠨ 88% ᠶᠢ ᠡᠵᠡᠯᠡᠵᠦ᠂ ᠪᠦᠭᠦ ᠣᠷᠣᠨ ᠤ ᠮᠢᠩᠭᠠᠨ ᠲᠦᠮᠡᠨ ᠲᠣᠨ ᠠᠴᠠ ᠳᠡᠭᠡᠭᠰᠢᠬᠢ ᠦᠢᠯᠡᠳᠪᠦᠷᠢᠯᠡᠯ ᠤᠨ ᠴᠢᠳᠠᠪᠤᠷᠢ ᠪᠦᠬᠦᠢ ᠨᠡᠭᠦᠷᠡᠰᠦᠨ ᠠᠭᠤᠷᠬᠠᠢ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠪᠠᠨ ᠪᠦᠭᠦᠨ ᠢ ᠪᠡᠶᠡᠯᠡᠭᠦᠯᠵᠦ᠂ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠦᠷ᠎ᠡ ᠪᠦᠲᠦᠮᠵᠢ ᠤᠯᠠᠮ ᠨᠢᠭᠡ ᠠᠯᠬᠤᠮ ᠳᠡᠭᠡᠭᠰᠢᠯᠡᠵᠦ᠂ ᠪᠦᠭᠦ ᠣᠷᠣᠨ ᠤ ᠨᠡᠭᠦᠷᠡᠰᠦᠨ ᠤ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠠᠬᠢᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号