ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠢᠶᠠᠷ᠂ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯ ᠤᠨ | ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠡᠨᠡ ᠵᠢᠯ ᠤᠨ | 1 ᠳ᠋ᠦ᠋ᠭᠡᠷ ᠰᠠᠷ᠎ᠠ ᠠᠴᠠ ᠨᠠᠭᠠᠰᠢ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠨᠠᠰᠤᠵᠢᠯ ᠤᠨ ᠠᠰᠠᠷᠠᠮᠵᠢ᠂ | ᠡᠮᠴᠢᠯᠡᠭᠡ ᠵᠡᠷᠭᠡ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠣᠯᠠᠨ ᠵᠦᠢᠯ ᠤᠨ ᠲᠥᠷᠥ ᠶᠢᠨ | ᠪᠣᠳᠣᠯᠭ᠎ᠠ ᠶᠢ ᠨᠡᠶᠢᠲᠡᠯᠡᠪᠡ︕ ᠬᠠᠮᠲᠤ ᠪᠠᠷ ᠦᠵᠡᠵᠡᠭᠡᠶ᠎ᠡ - | ᠰᠤᠷᠭᠠᠨ ᠬᠥᠮᠦᠵᠢᠯ ᠤᠨ ᠲᠠᠯ᠎ᠠ ᠪᠠᠷ | ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ | ᠬᠥᠲᠥᠯᠪᠦᠷᠢ ︵2024 - 2035 ᠣᠨ︶︾ ᠶᠢ ᠳᠠᠷᠤᠮᠠᠯᠯᠠᠨ ᠲᠠᠷᠬᠠᠭᠠᠪᠠ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠠᠴᠠ | ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ | ᠬᠥᠲᠥᠯᠪᠦᠷᠢ ︵2024 - 2035 ᠣᠨ︶︾ ᠶᠢ ᠳᠠᠷᠤᠮᠠᠯᠯᠠᠨ ᠲᠠᠷᠬᠠᠭᠠᠵᠤ᠂ ᠬᠤᠶᠠᠷ ᠠᠯᠬᠤᠮ ᠢᠶᠠᠷ ᠶᠠᠪᠤᠬᠤ | ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠢ ᠲᠣᠭᠲᠠᠭᠠᠪᠠ᠃ 2027 ᠣᠨ ᠪᠣᠯᠬᠤ ᠳᠤ᠂ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠱᠠᠲᠤᠴᠢ ᠴᠢᠨᠠᠷᠲᠠᠢ ᠴᠢᠬᠤᠯᠠ ᠦᠷ᠎ᠡ | ᠪᠦᠲᠦᠮᠵᠢ ᠣᠯᠣᠨ᠎ᠠ᠃ 2035 ᠣᠨ ᠪᠣᠯᠬᠤ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠤᠨ᠎ᠠ᠃ | ︽ᠬᠥᠲᠥᠯᠪᠦᠷᠢ︾ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠯᠢᠭ ᠪᠥᠭᠡᠳ ᠲᠡᠩᠴᠡᠭᠦᠷᠢᠲᠡᠢ | ᠬᠥᠭᠵᠢᠭᠦᠯᠬᠦ ᠶᠢ ᠪᠠ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠯᠤᠭ᠎ᠠ ᠣᠷᠭᠠᠨᠢᠭ ᠢᠶᠠᠷ ᠠᠬᠢᠭᠤᠯᠵᠤ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯ ᠬᠦᠷᠲᠡᠭᠡᠵᠦ ᠲᠦᠭᠡᠮᠡᠯ ᠬᠠᠷᠠᠭᠠᠯᠵᠠᠬᠤ ᠪᠠ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠣᠯᠠᠨ ᠶᠠᠩᠵᠤᠴᠢᠯᠠᠨ ᠬᠥᠭᠵᠢᠬᠦ ᠶᠢ | ᠠᠬᠢᠭᠤᠯᠤᠨ᠎ᠠ ᠭᠡᠵᠦ ᠳᠤᠷᠠᠳᠴᠠᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ᠄ ᠰᠢᠨᠵᠢᠯᠡᠭᠡᠨ ᠤ ᠰᠠᠯᠠᠭᠠᠨ ᠤ | ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠨᠤᠭᠤᠳ ᠲᠤ ᠨᠠᠩ | ᠶᠡᠭᠡ ᠡᠵᠡᠨ ᠮᠡᠳᠡᠬᠦ ᠡᠷᠬᠡ ᠣᠯᠭᠤᠨ᠎ᠠ | 1 ᠳ᠋ᠦ᠋ᠭᠡᠷ ᠰᠠᠷ᠎ᠠ ᠶᠢᠨ 17 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯᠳᠤᠭᠠᠨ ᠢᠶᠠᠷ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠲᠤᠷᠰᠢᠯᠲᠠ ᠶᠢᠨ ᠴᠡᠭ ᠤᠨ ᠠᠵᠢᠯ ᠢ ᠰᠤᠳᠤᠯᠪᠠ᠃ ᠬᠤᠷᠠᠯᠳᠤᠭᠠᠨ ᠢᠶᠠᠷ᠂ ᠶᠡᠭᠡ ᠳᠡᠭᠡᠳᠦ ᠰᠤᠷᠭᠠᠭᠤᠯᠢ ᠶᠢᠨ ᠬᠥᠮᠥᠨ | ᠬᠥᠮᠥᠵᠢᠭᠦᠯᠬᠦ ᠠᠷᠭ᠎ᠠ ᠬᠡᠯᠪᠡᠷᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠡᠪ ᠲᠣᠮᠢᠶ᠎ᠠ᠂ ᠰᠤᠷᠭᠠᠭᠤᠯᠢ ᠡᠷᠬᠢᠯᠡᠬᠦ ᠬᠡᠪ | ᠵᠠᠭᠪᠤᠷ᠂ ᠵᠠᠰᠠᠯᠲᠠ ᠶᠢᠨ ᠲᠣᠭᠲᠠᠯᠴᠠᠭ᠎ᠠ ᠵᠡᠷᠭᠡ ᠲᠠᠯ᠎ᠠ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠰᠠᠶᠢᠨ ᠣᠷᠴᠢᠯ ᠢ | ᠰᠢᠯᠤᠭᠤᠳᠬᠠᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠰᠢᠨᠵᠢᠯᠡᠭᠡᠨ ᠤ | ᠰᠠᠯᠠᠭᠠᠨ ᠤ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠶᠢ ᠥᠭᠡᠷᠡᠴᠢᠯᠡᠯᠲᠡ ᠶᠢᠨ | ᠭᠤᠣᠯᠳᠠᠯᠭ᠎ᠠ ᠪᠠᠨ ᠪᠣᠯᠭᠠᠵᠤ᠂ ᠶᠡᠭᠡ ᠳᠡᠭᠡᠳᠦ ᠰᠤᠷᠭᠠᠭᠤᠯᠢ ᠨᠤᠭᠤᠳ ᠲᠤ ᠨᠠᠩ ᠶᠡᠭᠡ ᠡᠵᠡᠨ ᠮᠡᠳᠡᠬᠦ ᠡᠷᠬᠡ | ᠣᠯᠭᠤᠬᠤ ᠬᠡᠷᠡᠭᠲᠡᠢ᠃ ᠰᠤᠷᠭᠠᠨ ᠬᠥᠮᠦᠵᠢᠯ ᠤᠨ ᠦᠨᠡᠯᠡᠯᠲᠡ ᠶᠢᠨ ᠲᠣᠭᠲᠠᠯᠴᠠᠭᠠᠨ ᠤ ᠥᠭᠡᠷᠡᠴᠢᠯᠡᠯᠲᠡ ᠶᠢᠨ | ᠳᠣᠬᠢᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠣᠨᠴᠠᠯᠢᠭᠲᠤ | ᠬᠥᠭᠵᠢᠯᠲᠡ᠂ ᠪᠠᠭᠰᠢ ᠶᠢᠨ ᠨᠢᠭᠡ ᠰᠡᠳᠬᠢᠯ ᠢᠶᠠᠷ ᠵᠢᠭᠠᠨ ᠰᠤᠷᠭᠠᠵᠤ ᠰᠤᠳᠤᠯᠤᠯᠲᠠ ᠬᠢᠬᠦ ᠳᠤ ᠨᠢ ᠰᠠᠶᠢᠨ ᠰᠠᠶᠢᠬᠠᠨ | ᠣᠷᠴᠢᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠳᠤ ᠬᠤᠯᠪᠣᠭᠳᠠᠨ᠎ᠠ᠂ ᠰᠤᠷᠭᠠᠨ ᠬᠥᠮᠦᠵᠢᠯ ᠤᠨ ᠶᠠᠮᠤᠨ | ᠪᠢᠴᠢᠭ ᠮᠠᠲ᠋ᠧᠷᠢᠶᠠᠯ ᠲᠠᠷᠬᠠᠭᠠᠪᠠ | ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ︽ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ | ᠤᠬᠠᠭᠠᠨ ᠰᠤᠷᠭᠠᠨ ᠬᠥᠮᠦᠵᠢᠯ ᠤᠨ ᠠᠵᠢᠯ ᠤᠨ ᠵᠦᠭᠯᠡᠭᠦᠷ︾ ᠢ ᠳᠠᠷᠤᠮᠠᠯᠯᠠᠨ ᠲᠠᠷᠬᠠᠭᠠᠵᠤ᠂ ᠠᠯᠪᠠᠨ ᠵᠠᠷᠤᠳᠠᠯ ᠢᠶᠠᠷ | ᠬᠥᠮᠥᠵᠢᠭᠦᠯᠬᠦ ᠪᠠᠭᠰᠢ ᠶᠢᠨ ᠮᠡᠷᠭᠡᠵᠢᠯ ᠤᠨ ᠰᠣᠷᠣᠭᠴᠢ ᠶᠢᠨ ᠲᠥᠷᠥᠯ ᠵᠦᠢᠯ ᠳᠤ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠤᠨ ᠰᠣᠷᠣᠭᠴᠢ ᠶᠢ ᠬᠥᠮᠥᠵᠢᠭᠦᠯᠬᠦ ᠬᠠᠷᠢᠴᠠᠯ ᠢᠶᠠᠨ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠴᠢᠨᠠᠷᠲᠠᠢ ᠶᠡᠭᠡ | ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠲᠥᠷᠥᠯ ᠤᠨ ᠬᠢᠴᠢᠶᠡᠯ ᠤᠨ ᠪᠠᠭᠰᠢ ᠬᠥᠮᠥᠵᠢᠭᠦᠯᠬᠦ ᠶᠢ ᠨᠢ ᠳᠡᠮᠵᠢᠨ᠎ᠡ | ᠭᠡᠵᠦ ᠲᠣᠳᠣᠷᠬᠠᠢ ᠲᠣᠭᠲᠠᠭᠠᠵᠠᠢ᠃ ᠪᠠᠭ᠎ᠠ ᠰᠤᠷᠭᠠᠭᠤᠯᠢ ᠨᠢᠭᠡ ᠪᠦᠷᠢ ᠳᠤ ᠪᠠᠶᠢᠭᠠᠯᠢ ᠲᠧᠭᠨᠢᠭ ᠤᠨ ᠤᠬᠠᠭᠠᠨ ᠤ | ᠲᠥᠷᠥᠯ ᠤᠨ ᠰᠣᠷᠣᠯᠴᠠᠭᠰᠠᠨ ᠨᠠᠮᠲᠠᠷ ᠲᠠᠢ ᠮᠠᠰᠲ᠋ᠧᠷ ᠴᠣᠯᠠ ᠲᠠᠢ ᠰᠢᠨᠵᠢᠯᠡᠬᠦ ᠤᠬᠠᠭᠠᠨ ᠤ ᠪᠠᠭᠰᠢ ᠶᠢ ᠨᠠᠭᠠᠲᠤ | ᠵᠠᠬ᠎ᠠ ᠳᠤ ᠪᠠᠨ 1 ᠪᠠᠶᠢᠬᠤ ᠶᠢ ᠠᠬᠢᠭᠤᠯᠤᠨ᠂ ᠰᠤᠷᠭᠠᠭᠤᠯᠢ ᠨᠢᠭᠡ ᠪᠦᠷᠢ ᠳᠤ ᠰᠢᠨᠵᠢᠯᠡᠬᠦ ᠤᠬᠠᠭᠠᠨ ᠤ ᠳᠡᠳ᠋ ᠵᠠᠬᠢᠷᠤᠯ | ᠨᠠᠭᠠᠲᠤ ᠵᠠᠬ᠎ᠠ ᠳᠤ ᠪᠠᠨ 1 ᠪᠠᠶᠢᠬᠤ ᠶᠢ ᠦᠨᠡᠨ ᠬᠦ ᠪᠠᠲᠤᠯᠠᠨ᠎ᠠ᠃ | ᠠᠵᠢᠯ ᠣᠯᠭᠤᠯᠲᠠ ᠶᠢ ᠠᠬᠢᠭᠤᠯᠵᠤ᠂ ᠬᠥᠯᠥᠰᠦᠨ ᠠᠵᠢᠯᠴᠢᠨ ᠤ ᠴᠠᠯᠢᠩ ᠢ ᠪᠠᠲᠤᠯᠠᠬᠤ ᠵᠡᠷᠭᠡ ᠲᠠᠯ᠎ᠠ ᠪᠠᠷ | ᠨᠥᠬᠦᠪᠦᠷᠢ ᠶᠢᠨ ᠬᠡᠪᠴᠢᠶ᠎ᠡ ᠶᠢ ᠥᠷᠭᠡᠳᠬᠡᠵᠦ᠂ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ | ᠥᠷᠨᠢᠭᠦᠯᠦᠨ᠎ᠡ ᠁ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ ᠠᠵᠢᠯ | ᠣᠯᠭᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠰᠤᠳᠤᠯᠪᠠ | 1 ᠳ᠋ᠦ᠋ᠭᠡᠷ ᠰᠠᠷ᠎ᠠ ᠶᠢᠨ 17 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯᠳᠤᠭᠠᠨ ᠢᠶᠠᠷ᠂ ᠠᠵᠢᠯ ᠣᠯᠭᠤᠯᠲᠠ ᠶᠢ ᠠᠬᠢᠭᠤᠯᠬᠤ ᠬᠤᠯᠪᠣᠭᠳᠠᠯ ᠪᠦᠬᠦᠢ ᠲᠦᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠰᠤᠳᠤᠯᠤᠨ ᠠᠬᠢᠭᠤᠯᠪᠠ᠃ ᠬᠤᠷᠠᠯᠳᠤᠭᠠᠨ ᠢᠶᠠᠷ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠶᠢ | ᠪᠠᠷᠢᠮᠲᠠᠯᠠᠵᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ᠂ ᠪᠣᠯᠪᠠᠰᠤᠷᠠᠯ ᠢᠶᠠᠷ ᠬᠦᠴᠦᠨ ᠴᠢᠳᠠᠮᠵᠢ ᠶᠢ ᠨᠢ ᠡᠷᠴᠢᠮᠯᠡᠬᠦ᠂ | ᠦᠢᠯᠡᠴᠢᠯᠡᠭᠡ ᠪᠠᠷ ᠬᠦᠴᠦᠨ ᠨᠡᠮᠡᠷᠢᠯᠡᠬᠦ ᠶᠢ ᠴᠢᠩᠭᠠᠳᠬᠠᠨ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ | ᠴᠢᠷᠮᠠᠶᠢᠨ ᠠᠬᠢᠭᠤᠯᠬᠤ ᠬᠡᠷᠡᠭᠲᠡᠢ᠃ ᠠᠵᠢᠯ ᠣᠯᠭᠤᠬᠤ ᠠᠵᠢᠯ ᠤᠨ ᠪᠠᠶᠢᠷᠢ ᠶᠢᠨ ᠲᠠᠯᠳᠠ ᠬᠦᠴᠦᠨ ᠢ ᠨᠢ | ᠠᠭᠤᠳᠠᠯᠤᠨ ᠪᠠᠭᠲᠠᠭᠠᠮᠵᠢ ᠶᠢ ᠨᠢ ᠥᠷᠭᠡᠳᠬᠡᠬᠦ ᠠᠵᠢᠯ ᠢ ᠬᠦᠴᠦᠯᠡᠨ ᠬᠢᠬᠦ ᠬᠡᠷᠡᠭᠲᠡᠢ᠃ ᠭᠤᠣᠯᠳᠠᠯᠭ᠎ᠠ ᠪᠣᠯᠬᠤ | ᠬᠥᠮᠥᠰ ᠲᠤ ᠠᠵᠢᠯ ᠣᠯᠭᠤᠬᠤ ᠶᠢ ᠲᠡᠳᠬᠦᠨ ᠳᠡᠮᠵᠢᠬᠦ ᠪᠠᠨ ᠨᠡᠮᠡᠭᠳᠡᠭᠦᠯᠵᠦ᠂ ᠠᠵᠢᠯ ᠤᠨ ᠪᠠᠶᠢᠷᠢ ᠶᠢ ᠨᠢ | ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠨᠢ ᠥᠷᠭᠡᠳᠬᠡᠬᠦ ᠲᠤᠰᠬᠠᠢ ᠵᠦᠢᠯ ᠤᠨ ᠵᠢᠭᠡᠯᠡᠯᠭᠡ ᠶᠢᠨ ᠢᠲᠡᠭᠡᠮᠵᠢ | ᠣᠯᠭᠤᠬᠤ ᠲᠤᠭ᠎ᠠ ᠬᠡᠮᠵᠢᠶ᠎ᠡ ᠶᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ | ᠳᠠᠭᠠᠭᠠᠴᠢᠯᠠᠯᠲᠠ ᠶᠢᠨ ᠲᠣᠭᠲᠠᠯᠴᠠᠭᠠᠨ ᠤ ᠠᠵᠢᠯ ᠣᠯᠵᠤ ᠦᠢᠯᠡᠰ ᠴᠣᠭᠴᠠᠯᠠᠬᠤ ᠶᠢ ᠬᠦᠴᠦᠯᠡᠨ ᠳᠡᠮᠵᠢᠬᠦ ᠶᠢ ᠨᠢ | ᠠᠬᠢᠭᠤᠯᠵᠤ᠂ ᠠᠵᠢᠯ ᠤᠨ ᠪᠠᠶᠢᠷᠢ ᠶᠢ ᠨᠢ ᠥᠷᠭᠡᠳᠬᠡᠬᠦ ᠪᠠᠷ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ | ᠣᠯᠭᠤᠬᠤ ᠡᠲᠡᠭᠡᠳ ᠤᠨ ᠬᠡᠪᠴᠢᠶ᠎ᠡ ᠶᠢ ᠰᠤᠳᠤᠯᠤᠨ ᠥᠷᠭᠡᠳᠬᠡᠬᠦ ᠬᠡᠷᠡᠭᠲᠡᠢ᠃ ᠶᠡᠭᠡ ᠬᠡᠪᠴᠢᠶᠡᠨ ᠤ ᠠᠵᠢᠯ | ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ ᠥᠷᠨᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ᠄ ᠵᠣᠷᠢᠭᠤᠳᠠ ᠪᠠᠷ ᠴᠠᠯᠢᠩ ᠥᠷᠢᠲᠦᠬᠦ ᠶᠢ | ᠴᠢᠩᠭ᠎ᠠ ᠵᠠᠯᠬᠠᠭᠠᠨ ᠰᠢᠢᠳᠬᠡᠵᠦ᠂ ᠬᠥᠯᠥᠰᠦᠨ ᠠᠵᠢᠯᠴᠢᠨ ᠳᠤ ᠴᠠᠯᠢᠩ ᠥᠭᠬᠦ ᠶᠢ ᠨᠢ ᠪᠠᠲᠤᠯᠠᠨ᠎ᠠ | 1 ᠳ᠋ᠦ᠋ᠭᠡᠷ ᠰᠠᠷ᠎ᠠ ᠶᠢᠨ 3 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯᠳᠤᠭᠠᠨ ᠢᠶᠠᠷ᠂ ᠬᠥᠯᠥᠰᠦᠨ ᠠᠵᠢᠯᠴᠢᠨ ᠳᠤ ᠴᠠᠯᠢᠩ ᠥᠭᠬᠦ ᠶᠢ ᠨᠢ ᠪᠠᠲᠤᠯᠠᠬᠤ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯᠳᠤᠭᠠᠨ ᠢᠶᠠᠷ ᠵᠢᠭᠠᠨ ᠭᠠᠷᠭᠠᠬᠤ ᠳᠤ ᠪᠠᠨ᠂ ᠴᠠᠯᠢᠩ ᠥᠷᠢᠲᠦᠬᠦ | ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠡᠷᠬᠡ ᠪᠠᠨ | ᠬᠠᠮᠠᠭᠠᠯᠠᠬᠤ ᠠᠷᠭ᠎ᠠ ᠵᠠᠮ ᠢ ᠨᠢ ᠰᠠᠭᠠᠳ ᠦᠭᠡᠢ ᠨᠠᠪᠲᠠᠷᠡᠭᠦᠯᠵᠦ᠂ ᠵᠣᠷᠢᠭᠤᠳᠠ ᠪᠠᠷ ᠴᠠᠯᠢᠩ ᠥᠷᠢᠲᠦᠬᠦ ᠶᠢ ᠴᠢᠩᠭ᠎ᠠ | ᠵᠠᠯᠬᠠᠭᠠᠨ ᠰᠢᠢᠳᠬᠡᠵᠦ᠂ ᠥᠷᠭᠡᠨ ᠣᠯᠠᠨ ᠬᠥᠯᠥᠰᠦᠨ ᠠᠵᠢᠯᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ | ᠬᠦ ᠬᠠᠮᠠᠭᠠᠯᠠᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠪᠠ ᠲᠥᠪ ᠤᠨ ᠠᠵᠤ ᠠᠬᠤᠶᠢᠯᠠᠯ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠳ ᠢ ᠵᠢᠯᠤᠭᠤᠳᠴᠤ ᠪᠠᠶᠢᠭᠠᠳ ᠬᠥᠯᠥᠰᠦᠨ ᠠᠵᠢᠯᠴᠢᠳ ᠲᠤ ᠴᠠᠯᠢᠩ ᠥᠭᠬᠦ ᠶᠢ | ᠨᠢ ᠤᠷᠢᠳ ᠢᠶᠠᠷ ᠪᠠᠲᠤᠯᠠᠬᠤ ᠪᠠ ᠴᠠᠯᠢᠩ ᠥᠷᠢᠲᠦᠬᠦ ᠶᠢ ᠲᠦᠷᠦᠭᠦᠯᠡᠨ ᠴᠡᠪᠡᠷᠯᠡᠵᠦ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠳ ᠤᠨ ᠴᠠᠯᠢᠩ ᠥᠷᠢᠲᠦᠵᠦ ᠪᠠᠶᠢᠭ᠎ᠠ ᠶᠢ ᠨᠢ ᠬᠠᠤᠯᠢ ᠶᠣᠰᠣᠭᠠᠷ ᠰᠢᠪᠠᠳᠠᠭᠤᠯᠵᠤ ᠪᠠᠶᠢᠭᠠᠳ | ᠴᠠᠭ ᠲᠤᠬᠠᠢ ᠳᠤ ᠨᠢ ᠲᠥᠯᠥᠭᠦᠯᠬᠦ ᠬᠡᠷᠡᠭᠲᠡᠢ ᠭᠡᠪᠡ᠃ | ᠬᠥᠯᠥᠰᠦᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠭᠰᠠᠨ ᠪᠠ ᠥᠷᠢᠲᠦᠭᠰᠡᠨ ᠢᠲᠡᠭᠡᠯ ᠠᠯᠳᠠᠭᠰᠠᠳ ᠢ | ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠤᠨ ᠨᠡᠷᠡᠰ ᠤᠨ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭᠠᠭᠠᠳ | ᠢᠲᠡᠭᠡᠯ ᠠᠯᠳᠠᠭᠰᠠᠳ ᠤᠨ ᠨᠡᠷᠡᠰ ᠤᠨ ᠬᠠᠮᠢᠶᠠᠷᠤᠯᠲᠠ ᠶᠢ ᠵᠢᠷᠤᠮᠵᠢᠭᠤᠯᠤᠨ ᠥᠷᠨᠢᠭᠦᠯᠵᠦ᠂ ᠢᠲᠡᠭᠡᠯ ᠠᠯᠳᠠᠭᠰᠠᠳ ᠤᠨ | ᠨᠡᠷᠡᠰ ᠢ ᠬᠠᠮᠲᠤ ᠪᠠᠷ ᠬᠦᠷᠲᠡᠬᠦ ᠲᠣᠭᠲᠠᠴᠠ ᠶᠢ ᠪᠦᠷᠢᠨᠰᠢᠭᠦᠯᠦᠨ᠂ ᠰᠢᠪᠠᠳᠠᠭᠤᠯᠤᠨ ᠵᠢᠯᠤᠭᠤᠳᠬᠤ ᠪᠠᠨ ᠦᠨᠡᠨ ᠬᠦ | ᠴᠢᠩᠭᠠᠳᠬᠠᠬᠤ ᠶᠢ ᠱᠠᠭᠠᠷᠳᠠᠪᠠ᠃ | ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ 2025 ᠣᠨ ᠤ ᠨᠢᠭᠡᠳᠦᠭᠡᠷ | ᠪᠦᠯᠦᠭ ᠤᠨ ᠭᠤᠣᠯᠳᠠᠯᠭ᠎ᠠ ᠪᠣᠯᠬᠤ ᠵᠦᠢᠯᠡᠰ ᠤᠨ ᠨᠠᠷᠢᠨ ᠳᠠᠩᠰᠠ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽︿ᠥᠨᠳᠥᠷ ᠪᠦᠲᠦᠮᠵᠢᠲᠡᠶ ᠪᠠᠷ ᠨᠢᠭᠡ ᠠᠵᠢᠯ | ᠶᠠᠪᠤᠳᠠᠯ ᠭᠦᠢᠴᠡᠳᠬᠡᠬᠦ﹀ 2025 ᠣᠨ ᠤ ᠨᠢᠭᠡᠳᠦᠭᠡᠷ ᠪᠦᠯᠦᠭ ᠤᠨ ᠭᠤᠣᠯᠳᠠᠯᠭ᠎ᠠ ᠪᠣᠯᠬᠤ ᠵᠦᠢᠯᠡᠰ ᠤᠨ ᠨᠠᠷᠢᠨ | ᠳᠠᠩᠰᠠ︾ ᠶᠢ ᠳᠠᠷᠤᠮᠠᠯᠯᠠᠨ ᠶᠠᠪᠤᠭᠤᠯᠪᠠ᠂ ᠲᠡᠷᠡ ᠨᠢ ᠠᠵᠤ ᠠᠬᠤᠶᠢᠯᠠᠯ ᠤᠨ ᠵᠦᠢᠯᠡᠰ ᠪᠠ ᠬᠤᠪᠢ ᠬᠥᠮᠥᠨ ᠤ | ᠵᠦᠢᠯᠡᠰ ᠤᠨ 12 ᠲᠠᠯ᠎ᠠ ᠶᠢ ᠬᠠᠮᠤᠷᠴᠠᠢ᠂ ᠵᠢᠱᠢᠶᠡᠯᠡᠪᠡᠯ ᠰᠢᠨ᠎ᠡ ᠮᠠᠰᠢᠨ ᠲᠡᠷᠭᠡᠨ ᠳᠤ ᠫᠠᠶᠢᠰᠠ ᠡᠯᠭᠦᠬᠦ᠂ ᠬᠤᠪᠢ | ᠬᠥᠮᠥᠨ ᠤ ᠦᠢᠯᠡᠰ ᠴᠣᠭᠴᠠᠯᠠᠬᠤ᠂ ᠤᠷᠤᠭᠯᠠᠵᠤ ᠡᠷᠦᠬᠡ ᠠᠮᠠ ᠶᠢᠨ ᠳᠠᠩᠰᠠ ᠣᠷᠣᠬᠤ᠂ ᠭᠠᠳᠠᠭᠠᠳᠤ ᠶᠢᠨ ᠬᠥᠮᠥᠨ | ᠳᠤᠮᠳᠠᠳᠤ ᠤᠯᠤᠰ ᠲᠤ ᠢᠷᠡᠵᠦ ᠠᠵᠢᠯᠯᠠᠬᠤ᠂ ᠭᠡᠷ ᠤᠨ ᠬᠠᠭᠤᠴᠢᠨ ᠴᠠᠬᠢᠯᠭᠠᠨ ᠬᠡᠷᠡᠭᠰᠡᠯ ᠢ ᠰᠢᠨ᠎ᠡ ᠪᠠᠷ ᠰᠣᠯᠢᠬᠤ ᠪᠠ | ᠭᠠᠷ ᠤᠲᠠᠰᠤ ᠵᠡᠷᠭᠡ ᠶᠢ ᠰᠢᠨ᠎ᠡ ᠪᠠᠷ ᠬᠤᠳᠠᠯᠳᠤᠨ ᠠᠪᠬᠤ ᠳᠤ ᠨᠥᠬᠦᠪᠦᠷᠢ ᠭᠤᠶᠤᠴᠢᠯᠠᠬᠤ ᠵᠡᠷᠭᠡ ︽ᠨᠢᠭᠡ ᠠᠵᠢᠯ | ᠶᠠᠪᠤᠳᠠᠯ︾ ᠪᠣᠢ᠃ | ᠤᠷ᠎ᠠ ᠮᠡᠷᠭᠡᠰᠢᠯ ᠢᠶᠠᠷ ᠠᠵᠤ ᠠᠬᠤᠶᠢᠯᠠᠯ ᠢ ᠬᠦᠴᠦᠷᠬᠡᠭᠵᠢᠭᠦᠯᠬᠦ ᠠᠵᠢᠯ ᠢ ᠤᠯᠠᠮ ᠨᠢᠭᠡ ᠠᠯᠬᠤᠮ | ᠠᠬᠢᠭᠤᠯᠤᠨ᠎ᠠ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ 8 ᠰᠠᠯᠠᠭ᠎ᠠ | ᠮᠥᠴᠢᠷ ︽ᠤᠷ᠎ᠠ ᠮᠡᠷᠭᠡᠰᠢᠯ ᠢᠶᠠᠷ ᠠᠵᠤ ᠠᠬᠤᠶᠢᠯᠠᠯ ᠢ ᠬᠦᠴᠦᠷᠬᠡᠭᠵᠢᠭᠦᠯᠬᠦ ᠠᠵᠢᠯ ᠢ ᠠᠬᠢᠭᠤᠯᠬᠤ ᠲᠤᠬᠠᠢ | ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠠᠵᠤ ᠠᠬᠤᠶᠢᠯᠠᠯ ᠢ ᠵᠢᠯᠣᠭᠤᠳᠤᠨ ᠠᠵᠢᠯ ᠮᠡᠷᠭᠡᠵᠢᠯ ᠤᠨ ᠤᠷ᠎ᠠ | ᠮᠡᠷᠭᠡᠰᠢᠯ ᠤᠨ ᠵᠡᠷᠭᠡ ᠳᠡᠰ ᠢᠶᠠᠷ ᠴᠠᠯᠢᠩ ᠬᠤᠪᠢᠶᠠᠷᠢᠯᠠᠬᠤ ᠶᠢᠨ ᠴᠢᠬᠤᠯᠠ ᠯᠠᠪᠯᠠᠯᠲᠠ ᠪᠣᠯᠭᠠᠵᠤ᠂ ᠴᠠᠯᠢᠩ ᠤᠨ | ᠬᠤᠪᠢᠶᠠᠷᠢᠯᠠᠯᠲᠠ ᠶᠢ ᠵᠠᠩᠭᠢᠯᠠᠭ᠎ᠠ ᠶᠢᠨ ᠠᠵᠢᠯ ᠤᠨ ᠪᠠᠶᠢᠷᠢ᠂ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠪᠠ ᠪᠠᠴᠢᠮ | ᠬᠡᠷᠡᠭᠰᠡᠬᠦ ᠳᠤᠲᠠᠭᠳᠠᠵᠤ ᠪᠠᠶᠢᠭ᠎ᠠ ᠤᠷ᠎ᠠ ᠮᠡᠷᠭᠡᠰᠢᠯᠲᠦ ᠴᠢᠳᠠᠪᠤᠷᠢᠲᠠᠨ ᠲᠡᠶᠢᠰᠢ ᠬᠡᠯᠪᠡᠶᠢᠯᠭᠡᠬᠦ ᠶᠢ ᠠᠬᠢᠭᠤᠯᠪᠠ᠃ | ᠨᠠᠰᠤᠵᠢᠯ ᠤᠨ ᠠᠰᠠᠷᠠᠮᠵᠢ᠂ ᠡᠪᠡᠳᠴᠢᠨ ᠦᠵᠡᠭᠦᠯᠬᠦ ᠲᠠᠯ᠎ᠠ ᠪᠠᠷ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠬᠠᠢ ᠴᠢᠬᠤᠯᠠ ᠪᠢᠴᠢᠭ ᠮᠠᠲ᠋ᠧᠷᠢᠶᠠᠯ ᠢ ᠨᠡᠶᠢᠲᠡᠯᠡᠪᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ | ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠬᠥᠭᠵᠢᠯᠲᠡ ᠶᠢ ᠭᠦᠨᠵᠡᠭᠡᠶᠢᠷᠡᠭᠦᠯᠬᠦ ᠲᠤᠬᠠᠢ | ᠰᠠᠨᠠᠯ︾ ᠢ ᠨᠡᠶᠢᠲᠡᠯᠡᠵᠦ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡ ᠳᠤ ᠴᠢᠳᠠᠪᠤᠷᠢ ᠪᠠᠨ ᠠᠯᠳᠠᠭᠰᠠᠨ | ᠨᠠᠰᠤᠲᠠᠶᠢᠴᠤᠳ ᠢ ᠬᠠᠷᠠᠭᠠᠯᠵᠠᠬᠤ ᠪᠠᠷ ᠭᠤᠣᠯᠳᠠᠯᠭ᠎ᠠ ᠪᠣᠯᠭᠠᠬᠤ ᠶᠢ ᠠᠩᠬ᠎ᠠ ᠤᠳᠠᠭ᠎ᠠ ᠲᠣᠳᠣᠷᠬᠠᠢ ᠳᠤᠷᠠᠳᠴᠠᠢ᠃ | ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠬᠡᠨ ᠨᠥᠬᠦᠪᠦᠷᠢᠯᠡᠬᠦ | ᠬᠡᠷᠡᠭᠲᠡᠢ ᠬᠡᠮᠡᠨ ᠱᠠᠭᠠᠷᠳᠠᠵᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠵᠤ ᠪᠠᠶᠢᠭᠠᠳ ᠬᠥᠳᠡᠭᠡ ᠲᠣᠰᠬᠤᠨ ᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠬᠦ᠂ ᠬᠥᠳᠡᠭᠡ ᠲᠣᠰᠬᠤᠨ ᠤ ᠬᠠᠮᠲᠤ ᠶᠢᠨ | ᠠᠵᠤ ᠠᠬᠤᠢ ᠶᠢ ᠵᠣᠷᠢᠭᠵᠢᠭᠤᠯᠵᠤ ᠪᠠᠶᠢᠭᠠᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠵᠣᠬᠢᠶᠠᠨ | ᠪᠠᠶᠢᠭᠤᠯᠤᠨ ᠬᠥᠭᠵᠢᠭᠦᠯᠬᠦ ᠵᠡᠷᠭᠡ ᠠᠷᠭ᠎ᠠ ᠪᠠᠷᠢᠯ ᠢ ᠳᠤᠷᠠᠳᠪᠠ᠃ | ᠭᠡᠷ ᠤᠨ ᠡᠭᠦᠳᠡᠨ ᠳᠤ ᠪᠠᠨ ᠡᠪᠡᠳᠴᠢᠨ ᠦᠵᠡᠭᠦᠯᠬᠦ ᠳᠤ ᠨᠢ ᠨᠡᠩ ᠳᠥᠭᠦᠮ ᠪᠣᠯᠪᠠ︕ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠤ ᠪᠠᠶᠢᠷᠢᠯᠠᠭᠤᠯᠤᠯᠲᠠ | 1 ᠳ᠋ᠦ᠋ᠭᠡᠷ ᠰᠠᠷ᠎ᠠ ᠶᠢᠨ 17 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯᠳᠤᠭᠠᠨ ᠢᠶᠠᠷ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯᠳᠤᠭᠠᠨ ᠢᠶᠠᠷ ᠵᠢᠭᠠᠨ ᠭᠠᠷᠭᠠᠬᠤ ᠳᠤ ᠪᠠᠨ᠂ ᠣᠳᠣᠬᠠᠨ ᠪᠠ ᠠᠯᠤᠰ ᠬᠡᠳᠦ ᠶᠢ ᠨᠢᠭᠡᠳᠦᠯᠲᠡᠢ ᠲᠥᠯᠥᠪᠯᠡᠵᠦ᠂ | ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ᠂ ᠬᠥᠮᠥᠨ ᠠᠮᠠ ᠶᠢᠨ ᠪᠦᠲᠦᠴᠡ ᠶᠢᠨ ᠬᠤᠪᠢᠷᠠᠯᠲᠠ᠂ ᠤᠯᠠᠨ | ᠲᠦᠮᠡᠨ ᠤ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠤᠳ ᠢ ᠶᠡᠷᠦᠩᠬᠡᠶᠢᠯᠡᠨ | ᠪᠣᠳᠣᠯᠬᠢᠯᠠᠵᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠵᠤ ᠪᠠᠶᠢᠭᠠᠳ ᠪᠦᠲᠦᠭᠡᠨ ᠪᠠᠶᠢᠭᠤᠯᠤᠯᠲᠠ ᠶᠢᠨ | ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠤᠯᠠᠨ ᠲᠦᠮᠡᠨ ᠤ ᠣᠶᠢᠷ᠎ᠠ ᠬᠠᠪᠢ ᠳᠤ ᠪᠠᠨ ᠡᠪᠡᠳᠴᠢᠨ | ᠦᠵᠡᠭᠦᠯᠬᠦ ᠳᠤ ᠨᠢ ᠨᠡᠩ ᠢᠯᠡᠭᠦᠦ ᠳᠥᠭᠦᠮᠯᠡᠬᠦ ᠬᠡᠷᠡᠭᠲᠡᠢ᠃ ᠦᠨᠳᠦᠰᠦᠨ ᠱᠠᠲᠤᠨ ᠤ ᠦᠨᠳᠦᠰᠦᠨ ᠡᠮᠴᠢᠯᠡᠭᠡᠨ ᠤ | ᠦᠢᠯᠡᠴᠢᠯᠡᠭᠡᠨ ᠤ ᠬᠢᠷᠢ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠡᠮᠴᠢᠯᠡᠭᠡᠨ ᠤ ᠰᠠᠯᠠᠭ᠎ᠠ ᠲᠠᠰᠤᠭ ᠤᠨ | ᠲᠣᠬᠢᠷᠠᠭᠤᠯᠤᠯᠲᠠ ᠪᠠ ᠡᠮᠴᠢᠯᠡᠭᠡᠨ ᠤ ᠪᠡᠯᠡᠳᠬᠡᠮᠵᠢ ᠶᠢᠨ ᠲᠣᠬᠢᠷᠠᠭᠤᠯᠤᠯᠲᠠ ᠶᠢ ᠪᠦᠷᠢᠨᠰᠢᠭᠦᠯᠵᠦ᠂ ᠦᠨᠳᠦᠰᠦᠨ | ᠱᠠᠲᠤᠨ ᠤ ᠬᠡᠷᠡᠭᠯᠡᠬᠦ ᠡᠮ ᠤᠨ ᠵᠦᠢᠯ ᠢ ᠥᠷᠭᠡᠳᠬᠡᠨ᠂ ᠡᠮᠨᠡᠯᠭᠡ ᠶᠢᠨ ᠠᠵᠢᠯᠲᠠᠳ ᠤᠨ ᠪᠣᠯᠪᠠᠰᠤᠷᠠᠯ ᠢ ᠴᠢᠩᠭᠠᠳᠬᠠᠵᠤ᠂ | ᠤᠵᠢᠭ ᠡᠪᠡᠳᠴᠢᠨ ᠪᠠ ᠪᠠᠶᠢᠩᠭᠤ ᠲᠣᠬᠢᠶᠠᠯᠳᠤᠳᠠᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ᠂ | ᠡᠷᠡᠭᠦᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠪᠡ᠃ | ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠶᠢ | ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠡᠮ ᠤᠨ ᠵᠦᠢᠯ ᠡᠮᠴᠢᠯᠡᠭᠡᠨ ᠤ ᠪᠠᠭᠠᠵᠢ | ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠡᠮ | ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ᠢ ᠳᠠᠷᠤᠮᠠᠯᠯᠠᠨ | ᠲᠠᠷᠬᠠᠭᠠᠵᠤ᠂ 5 ᠲᠠᠯ᠎ᠠ ᠶᠢᠨ 24 ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ | ᠡᠭᠦᠨ ᠳᠤ᠂ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠡᠬᠢ ᠪᠠᠶᠠᠯᠢᠭ ᠢ ᠡᠮᠴᠢᠯᠡᠭᠡᠨ ᠳᠤ ᠪᠠᠴᠢᠮ ᠬᠡᠷᠡᠭᠰᠡᠬᠦ ᠭᠤᠣᠯᠳᠠᠯᠭ᠎ᠠ | ᠪᠣᠯᠬᠤ ᠰᠢᠨ᠎ᠡ ᠡᠭᠦᠳᠦᠯᠲᠡ ᠶᠢᠨ ᠡᠮ ᠪᠠ ᠡᠮᠴᠢᠯᠡᠭᠡᠨ ᠤ ᠪᠠᠭᠠᠵᠢ ᠬᠡᠷᠡᠭᠰᠡᠯ ᠲᠡᠶᠢᠰᠢ ᠨᠡᠩ ᠢᠯᠡᠭᠦᠦ ᠬᠡᠯᠪᠡᠶᠢᠯᠭᠡᠵᠦ᠂ | ᠬᠢᠲᠠᠳ ᠡᠮ ᠤᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠨᠥᠬᠦᠴᠡᠯ ᠳᠤ ᠨᠡᠶᠢᠴᠡᠬᠦ ᠬᠤᠪᠣᠷᠬᠠᠨ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠤᠨ ᠵᠦᠢᠯ᠂ ᠬᠡᠦᠬᠡᠳ ᠲᠤ | ᠬᠡᠷᠡᠭᠯᠡᠬᠦ ᠡᠮ ᠤᠨ ᠵᠦᠢᠯ᠂ ᠬᠢᠮᠢ ᠶᠢᠨ ᠠᠩᠬᠠᠳᠠᠭᠴᠢ ᠳᠠᠭᠤᠷᠢᠶᠠᠮᠠᠯ ᠡᠮ ᠵᠢᠴᠢ ᠲᠤᠰᠠᠭᠠᠷ ᠨᠠᠶᠢᠷᠠᠭᠰᠠᠨ ᠬᠢᠲᠠᠳ | ᠡᠮ ᠤᠨ ᠲᠥᠷᠥᠯ ᠳᠤ ᠵᠣᠬᠢᠬᠤ ᠬᠡᠪᠴᠢᠶᠡᠨ ᠳᠤ ᠵᠠᠬ᠎ᠠ ᠳᠡᠯᠭᠡᠭᠦᠷ ᠢ ᠭᠠᠭᠴᠠᠭᠠᠷ ᠡᠵᠡᠯᠡᠬᠦ ᠬᠤᠭᠤᠴᠠᠭ᠎ᠠ ᠣᠯᠭᠤᠨ᠎ᠠ᠃ | | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠤᠷᠢᠳᠴᠢᠯᠠᠨ ᠲᠤᠰᠢᠶᠠᠬᠤ ᠮᠥᠩᠭᠦ ᠶᠢ ᠴᠤᠴᠠᠯᠬᠤ ᠪᠠ | ᠵᠢᠷᠤᠮᠵᠢᠭᠤᠯᠵᠤ᠂ 3 ᠳ᠋ᠤᠭᠠᠷ ᠰᠠᠷ᠎ᠠ ᠠᠴᠠ ᠡᠬᠢᠯᠡᠨ ᠬᠡᠷᠡᠭᠵᠢᠭᠦᠯᠦᠨ᠎ᠡ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠰᠤᠳᠤᠯᠤᠨ ᠲᠣᠭᠲᠠᠭᠠᠭᠰᠠᠨ ᠢᠶᠠᠷ᠂ 2025 | ᠣᠨ ᠤ 3 ᠳ᠋ᠤᠭᠠᠷ ᠰᠠᠷ᠎ᠠ ᠠᠴᠠ ᠡᠬᠢᠯᠡᠨ᠂ ᠪᠥᠬᠦ ᠤᠯᠤᠰ ᠲᠠᠬᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠡᠭᠦᠳᠡᠨ ᠡᠮᠨᠡᠯᠭᠡ ᠶᠢᠨ ᠤᠷᠢᠳᠴᠢᠯᠠᠨ ᠲᠤᠰᠢᠶᠠᠬᠤ ᠮᠥᠩᠭᠦ ᠶᠢ ᠴᠤᠴᠠᠯᠵᠤ᠂ ᠡᠮᠨᠡᠯᠭᠡ ᠳᠤ | ᠰᠠᠭᠤᠬᠤ ᠤᠷᠢᠳᠴᠢᠯᠠᠨ ᠲᠤᠰᠢᠶᠠᠬᠤ ᠮᠥᠩᠭᠦ ᠶᠢ ᠠᠳᠠᠯᠢ ᠡᠪᠡᠳᠴᠢᠨ ᠤ ᠲᠥᠷᠥᠯ ᠤᠨ ᠡᠮᠴᠢᠯᠡᠭᠡᠨ ᠤ | ᠳᠠᠭᠠᠳᠬᠠᠯ ᠤᠨ ᠡᠪᠡᠳᠴᠢᠲᠡᠨ ᠤ ᠬᠤᠪᠢ ᠬᠥᠮᠥᠨ ᠤ ᠥᠪᠡᠰᠦᠪᠡᠨ ᠲᠣᠭᠠᠴᠠᠭ᠎ᠠ ᠬᠢᠬᠦ ᠳᠤᠮᠳᠠᠴᠢ ᠬᠢᠷᠢ | ᠲᠦᠪᠰᠢᠨ ᠳᠤ ᠬᠦᠷᠲᠡᠯ᠎ᠡ ᠪᠠᠭᠤᠷᠠᠭᠤᠯᠤᠨ᠎ᠠ᠃ | 2026 ᠣᠨ ᠤ ᠵᠢᠯ ᠤᠨ ᠰᠡᠭᠦᠯᠴᠢ ᠠᠴᠠ ᠡᠮᠦᠨ᠎ᠡ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢ ᠴᠠᠭ ᠲᠤᠬᠠᠢ ᠳᠤ ᠨᠢ ᠳ᠋ᠦᠩᠨᠡᠨ ᠪᠤᠳᠤᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠦᠨᠳᠦᠰᠦᠨ ᠡᠮᠴᠢᠯᠡᠭᠡᠨ ᠤ ᠳᠠᠭᠠᠳᠬᠠᠯ ᠤᠨ | ᠰᠠᠭᠤᠷᠢ ᠮᠥᠩᠭᠦ ᠶᠢ ᠴᠠᠭ ᠲᠤᠬᠠᠢ ᠳᠤ ᠨᠢ ᠳ᠋ᠦᠩᠨᠡᠨ ᠪᠤᠳᠤᠬᠤ ᠥᠭᠡᠷᠡᠴᠢᠯᠡᠯᠲᠡ ᠶᠢ ᠠᠬᠢᠭᠤᠯᠬᠤ ᠲᠤᠬᠠᠢ ᠮᠡᠳᠡᠭᠳᠡᠯ︾ | ᠢ ᠳᠠᠷᠤᠮᠠᠯᠯᠠᠨ ᠲᠠᠷᠬᠠᠭᠠᠵᠤ᠂ 2025 ᠣᠨ ᠳᠤ ᠪᠥᠬᠦ ᠤᠯᠤᠰ ᠲᠠᠬᠢ ᠨᠢᠭᠡᠳᠦᠯᠲᠡᠢ ᠲᠥᠯᠥᠪᠯᠡᠭᠡ ᠶᠢᠨ 80% | ᠣᠷᠴᠢᠮ ᠤᠨ ᠭᠠᠵᠠᠷ ᠣᠷᠣᠨ ᠳᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠬᠢᠭᠡᠳ ᠴᠡᠭ | ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠤᠭᠤᠳ ᠴᠠᠭ ᠲᠤᠬᠠᠢ ᠳᠤ ᠨᠢ ᠳ᠋ᠦᠩᠨᠡᠨ ᠪᠤᠳᠤᠬᠤ ᠶᠢ | ᠦᠨᠳᠦᠰᠦᠨ ᠳᠤ ᠪᠠᠨ ᠪᠡᠶᠡᠯᠡᠭᠦᠯᠵᠦ᠂ 2026 ᠣᠨ ᠳᠤ ᠪᠥᠬᠦ ᠤᠯᠤᠰ ᠲᠠᠬᠢ ᠨᠢᠭᠡᠳᠦᠯᠲᠡᠢ ᠲᠥᠯᠥᠪᠯᠡᠭᠡ ᠶᠢᠨ ᠪᠣᠶ | ᠪᠦᠬᠦᠢ ᠭᠠᠵᠠᠷ ᠣᠷᠣᠨ ᠳᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠬᠢᠭᠡᠳ ᠴᠡᠭ | ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠤᠭᠤᠳ ᠴᠠᠭ ᠲᠤᠬᠠᠢ ᠳᠤ ᠨᠢ ᠳ᠋ᠦᠩᠨᠡᠨ ᠪᠤᠳᠤᠬᠤ ᠶᠢ | ᠪᠡᠶᠡᠯᠡᠭᠦᠯᠦᠨ᠎ᠡ᠃ | ᠦᠨᠳᠦᠰᠦᠨ ᠡᠮᠴᠢᠯᠡᠭᠡᠨ ᠤ ᠳᠠᠭᠠᠳᠬᠠᠯ ᠨᠢ ᠪᠠᠶᠢᠩᠭᠤ ᠰᠠᠭᠤᠭ᠎ᠠ ᠭᠠᠵᠠᠷ᠂ ᠠᠵᠢᠯ ᠣᠯᠣᠭᠰᠠᠨ | ᠭᠠᠵᠠᠷ ᠲᠤ ᠪᠠᠨ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠲᠠᠩᠰᠠ ᠶᠢᠨ ᠬᠢᠵᠠᠭᠠᠷᠯᠠᠯ ᠢ ᠴᠢᠯᠦᠭᠡᠲᠡᠢ | ᠪᠣᠯᠭᠠᠨ᠎ᠠ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠬᠥᠳᠡᠯᠮᠦᠷᠢᠴᠢᠳ ᠤᠨ ᠡᠮᠴᠢᠯᠡᠭᠡᠨ ᠤ | ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ | ᠢ ᠳᠠᠷᠤᠮᠠᠯᠯᠠᠨ ᠲᠠᠷᠬᠠᠭᠠᠵᠤ᠂ ᠬᠥᠳᠡᠯᠮᠦᠷᠢᠴᠢᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ | ᠠᠵᠢᠯ ᠢ ᠶᠡᠭᠡ ᠪᠠᠷ ᠰᠠᠶᠢᠲᠤᠷ ᠬᠢᠬᠦ ᠶᠢ ᠲᠣᠳᠣᠷᠬᠠᠢ ᠲᠣᠭᠲᠠᠭᠠᠵᠤ᠂ ᠣᠷᠣᠯᠴᠠᠬᠤ ᠶᠣᠰᠣᠲᠠᠢ ᠶᠢ ᠨᠢ ᠴᠥᠮ | ᠣᠷᠣᠯᠴᠠᠭᠤᠯᠬᠤ ᠶᠢ ᠦᠨᠡᠨ ᠬᠦ ᠪᠠᠲᠤᠯᠠᠨ᠎ᠠ᠃ ᠬᠡᠲᠦ ᠲᠣᠮᠣ ᠬᠤᠲᠠ᠂ ᠣᠨᠴᠠ ᠶᠡᠭᠡ ᠬᠤᠲᠠ ᠳᠤ ᠠᠮᠢᠳᠤᠯᠢᠭ ᠢᠶᠠᠷ | ᠠᠵᠢᠯ ᠣᠯᠣᠭᠰᠠᠳ ᠠᠵᠢᠯ ᠣᠯᠣᠭᠰᠠᠨ ᠭᠠᠵᠠᠷ ᠲᠤ ᠪᠠᠨ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ | ᠳᠠᠩᠰᠠ ᠶᠢᠨ ᠬᠢᠵᠠᠭᠠᠷᠯᠠᠯ ᠢ ᠪᠦᠬᠦ ᠲᠠᠯ᠎ᠠ ᠪᠠᠷ ᠴᠤᠴᠠᠯᠬᠤ ᠶᠢ ᠠᠬᠢᠭᠤᠯᠤᠨ᠎ᠠ᠃ | ᠶᠡᠭᠡ ᠳᠡᠭᠡᠳᠦ ᠰᠤᠷᠭᠠᠭᠤᠯᠢ ᠨᠤᠭᠤᠳ ᠤᠨ ᠰᠤᠷᠤᠭᠴᠢᠳ ᠤᠨ ᠡᠮᠴᠢᠯᠡᠭᠡᠨ ᠤ ᠪᠠᠲᠤᠯᠠᠭ᠎ᠠ ᠶᠢᠨ ᠶᠠᠰᠤ ᠴᠢᠨᠠᠷ ᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ | ︽ᠶᠡᠭᠡ ᠳᠡᠭᠡᠳᠦ ᠰᠤᠷᠭᠠᠭᠤᠯᠢ ᠨᠤᠭᠤᠳ ᠤᠨ ᠰᠤᠷᠤᠭᠴᠢᠳ ᠤᠨ ᠡᠮᠴᠢᠯᠡᠭᠡᠨ ᠤ ᠪᠠᠲᠤᠯᠠᠭ᠎ᠠ ᠶᠢᠨ ᠶᠠᠰᠤ | ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠠᠯᠪᠠᠨ ᠲᠢᠩᠬᠢᠮ ᠤᠳ ᠤᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠶᠡᠭᠡ ᠳᠡᠭᠡᠳᠦ ᠰᠤᠷᠭᠠᠭᠤᠯᠢ ᠶᠢᠨ | ᠰᠤᠷᠤᠭᠴᠢᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ | ᠣᠷᠣᠯᠴᠠᠬᠤ ᠳᠤ ᠬᠡᠪᠴᠢᠶ᠎ᠡ ᠶᠢ ᠪᠦᠲᠦᠮᠵᠢᠲᠡᠶ ᠥᠷᠭᠡᠳᠬᠡᠬᠦ ᠶᠢ ᠲᠦᠷᠭᠡᠳᠬᠡᠨ ᠠᠬᠢᠭᠤᠯᠵᠤ᠂ ᠶᠡᠭᠡ ᠳᠡᠭᠡᠳᠦ | ᠰᠤᠷᠭᠠᠭᠤᠯᠢ ᠨᠤᠭᠤᠳ ᠤᠨ ᠰᠤᠷᠤᠭᠴᠢᠳ ᠤᠨ ᠳᠠᠭᠠᠳᠬᠠᠯ ᠳᠤ ᠣᠷᠣᠯᠴᠠᠬᠤ ᠳᠤ ᠲᠥᠬᠦᠮ ᠨᠥᠬᠦᠴᠡᠯ ᠡᠭᠦᠳᠴᠦ᠂ | ᠰᠤᠷᠤᠭᠴᠢᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠳᠥᠭᠦᠮ ᠳᠥᠲᠡ ᠦᠢᠯᠡᠴᠢᠯᠡᠭᠡ | ᠬᠠᠩᠭᠠᠨ᠎ᠠ᠃ | ᠦᠷᠡᠵᠢᠯ ᠳᠤ ᠨᠦᠬᠦᠷᠰᠡᠭ ᠡᠮᠨᠡᠯᠭᠡ ᠶᠢᠨ ᠬᠤᠷᠢᠶ᠎ᠠ᠂ ᠬᠡᠦᠬᠡᠳ ᠲᠤ ᠨᠦᠬᠦᠷᠰᠡᠭ ᠡᠮᠨᠡᠯᠭᠡ ᠶᠢᠨ ᠬᠤᠷᠢᠶᠠᠨ ᠤ | ᠪᠠᠶᠢᠭᠤᠯᠤᠯᠲᠠ ᠶᠢ ᠠᠬᠢᠭᠤᠯᠤᠨ᠎ᠠ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 4 ᠰᠠᠯᠠᠭ᠎ᠠ ᠮᠥᠴᠢᠷ ︽ᠦᠷᠡᠵᠢᠯ ᠳᠤ | ᠨᠥᠬᠦᠷᠰᠡᠭ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠶᠢ ᠠᠬᠢᠭᠤᠯᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ | 2030 ᠣᠨ ᠪᠣᠯᠬᠤ ᠳᠤ᠂ ᠦᠷᠡᠵᠢᠯ ᠳᠤ ᠨᠥᠬᠦᠷᠰᠡᠭ ᠡᠮᠨᠡᠯᠭᠡ ᠶᠢᠨ ᠬᠤᠷᠢᠶ᠎ᠠ ᠨᠢ ᠬᠥᠩᠭᠡᠵᠢᠯ ᠤᠨ ᠡᠮᠴᠢᠯᠡᠭᠡᠨ ᠤ | ᠪᠠᠶᠢᠭᠤᠯᠤᠮᠵᠢ ᠳᠠᠬᠢ ᠬᠠᠷᠢᠴᠠᠯ ᠢ 90% ᠳᠤ ᠬᠦᠷᠭᠡᠬᠦ ᠪᠠᠷ ᠴᠢᠷᠮᠠᠶᠢᠨ᠎ᠠ᠃ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 6 ᠰᠠᠯᠠᠭ᠎ᠠ ᠮᠥᠴᠢᠷ ︽ᠬᠡᠦᠬᠡᠳ ᠲᠤ | ᠨᠥᠬᠦᠷᠰᠡᠭ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠶᠢ ᠥᠷᠨᠢᠭᠦᠯᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ | 2030 ᠣᠨ ᠪᠣᠯᠬᠤ ᠳᠤ᠂ ᠬᠡᠦᠬᠡᠳ ᠲᠤ ᠨᠥᠬᠦᠷᠰᠡᠭ ᠡᠮᠨᠡᠯᠭᠡ ᠶᠢᠨ ᠬᠤᠷᠢᠶ᠎ᠠ ᠨᠢ ᠬᠡᠦᠬᠡᠳ ᠤᠨ ᠡᠮᠴᠢᠯᠡᠭᠡ | ᠡᠷᠡᠭᠦᠯᠵᠢᠯ ᠤᠨ ᠦᠢᠯᠡᠴᠢᠯᠡᠭᠡ ᠬᠠᠩᠭᠠᠳᠠᠭ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ᠂ ᠬᠡᠦᠬᠡᠳ ᠤᠨ | ᠡᠮᠨᠡᠯᠭᠡ ᠶᠢᠨ ᠬᠤᠷᠢᠶ᠎ᠠ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠬᠢᠲᠠᠳ ᠡᠮᠨᠡᠯᠭᠡ ᠶᠢᠨ ᠬᠤᠷᠢᠶᠠᠨ ᠳᠠᠬᠢ ᠡᠵᠡᠯᠡᠬᠦ | ᠬᠠᠷᠢᠴᠠᠯ ᠢ 90% ᠠᠴᠠ ᠳᠡᠭᠡᠭᠰᠢ ᠳᠤ ᠬᠦᠷᠭᠡᠬᠦ ᠪᠣᠯᠣᠮᠵᠢ ᠲᠠᠢ᠃ | | |