ᠮᠠᠨ ᠤ ᠣᠷᠣᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠬᠠᠮᠲᠤᠷᠠᠭᠰᠠᠨ ᠬᠤᠷᠠᠯ ᠤᠨ ᠳᠦᠷᠢᠮ ᠢ ᠨᠡᠶᠢᠲᠡᠯᠡᠪᠡ
ᠨᠡᠶᠢᠲᠡᠯᠡᠭᠰᠡᠨ ᠴᠠᠭ᠄
2025/2/7
     ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠥᠪᠯᠡᠯ ᠤᠨ ᠠᠯᠪᠠᠨ ᠭᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠬᠠᠮᠲᠤᠷᠠᠭᠰᠠᠨ ᠬᠤᠷᠠᠯ ᠤᠨ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃      ︽ᠳᠦᠷᠢᠮ︾ ᠳᠤ ᠨᠡᠶᠢᠲᠡᠯᠡᠭᠰᠡᠨ ᠢᠶᠠᠷ᠂ ᠬᠠᠮᠲᠤᠷᠠᠭᠰᠠᠨ ᠬᠤᠷᠠᠯ ᠪᠣᠯ ᠥᠪᠥᠷ ᠮᠣᠩᠭᠤᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠤᠳᠤᠷᠢᠳᠬᠤ᠂ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠪᠠᠶᠢᠭᠤᠯᠤᠮᠵᠢ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠥᠪᠯᠡᠯ  ᠨᠢᠭᠡᠳᠦᠯᠲᠡᠢ ᠲᠥᠯᠥᠪᠵᠢᠭᠦᠯᠵᠦ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠳᠤ ᠪᠠᠶᠢᠷᠢᠯᠠᠭᠤᠯᠵᠤ᠂ ᠠᠶᠢᠮᠠᠭ ᠬᠤᠲᠠ᠂ ᠬᠤᠰᠢᠭᠤ ᠰᠢᠶᠠᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠮᠲᠤᠷᠠᠭᠰᠠᠨ ᠬᠤᠷᠠᠯ ᠤᠨ ᠲᠣᠭᠲᠠᠴᠠ ᠶᠢ ᠪᠠᠶᠢᠭᠤᠯᠤᠨ᠎ᠠ᠃ ᠬᠠᠮᠲᠤᠷᠠᠭᠰᠠᠨ ᠬᠤᠷᠠᠯ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ ᠵᠡᠷᠭᠡ 40 ᠰᠠᠯᠠᠭ᠎ᠠ ᠮᠥᠴᠢᠷ ᠬᠠᠮᠲᠤ ᠪᠠᠷ ᠣᠷᠣᠯᠴᠠᠵᠤ᠂ ᠨᠡᠶᠢᠭᠡᠮ ᠳᠠᠶᠠᠭᠠᠷ ᠬᠠᠮᠲᠤ ᠪᠠᠷ ᠣᠷᠣᠯᠴᠠᠬᠰᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠪᠠᠶᠢᠷᠢᠰᠢᠯ ᠢ ᠪᠠᠶᠢᠭᠤᠯᠤᠨ᠎ᠠ᠃      ︽ᠳᠦᠷᠢᠮ︾ ᠳᠤ᠂ ᠡᠯ᠎ᠡ ᠪᠦᠷᠢᠯᠳᠦᠭᠦᠨ ᠨᠢᠭᠡᠴᠢ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠬᠤᠯᠪᠣᠭᠳᠠᠯ ᠪᠦᠬᠦᠢ ᠠᠰᠠᠭᠤᠳᠠᠯ ᠢ ᠭᠦᠨᠵᠡᠭᠡᠢ ᠰᠤᠳᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠳᠤ ᠲᠤᠯᠭᠠᠷᠠᠵᠤ ᠪᠠᠶᠢᠭ᠎ᠠ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠠᠮᠢᠶ᠎ᠠ ᠪᠦᠬᠦᠢ ᠲᠥᠬᠦᠷᠵᠢᠭᠦᠯᠦᠭᠰᠡᠨ ᠠᠷᠭ᠎ᠠ ᠬᠡᠮᠵᠢᠶ᠎ᠡ ᠶᠢ ᠲᠣᠭᠲᠠᠭᠠᠨ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠳᠦᠷᠢᠮ ᠢ ᠪᠦᠷᠢᠨᠰᠢᠭᠦᠯᠬᠦ ᠭᠡᠷᠡᠭᠲᠡᠢ᠃ ᠡᠯ᠎ᠡ ᠰᠠᠯᠠᠭ᠎ᠠ ᠮᠥᠴᠢᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠨᠡᠪᠲᠡᠷᠡᠯᠴᠡᠭᠡ ᠪᠠ ᠬᠠᠮᠵᠢᠯᠴᠠᠭ᠎ᠠ ᠶᠢ ᠴᠢᠩᠭᠠᠳᠬᠠᠵᠤ᠂ ᠬᠠᠮᠲᠤᠷᠠᠭᠰᠠᠨ ᠬᠤᠷᠠᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠮᠠᠨ ᠤ ᠣᠷᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠰ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠰᠢᠨ᠎ᠡ ᠠᠮᠵᠢᠯᠲᠠ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号