ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠪᠣᠯᠪᠠᠰᠤᠷᠠᠭᠤᠯᠤᠭᠰᠠᠨ ᠴᠢᠯᠠᠭᠤᠨ ᠲᠤᠰᠤᠨ ᠤ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2025/2/7
     ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡᠨ ᠤ ᠬᠠᠮᠢᠶᠠᠷᠤᠯᠲᠠ ᠶᠢᠨ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠲᠦᠷᠦᠭᠦᠬᠡᠨ ︽ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ 5 ᠲᠠᠯ᠎ᠠ ᠶᠢᠨ 21 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠪᠠ᠃      ᠨᠢᠭᠡ ᠳᠤ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠪᠣᠯᠪᠠᠰᠤᠷᠠᠭᠤᠯᠤᠭᠰᠠᠨ ᠴᠢᠯᠠᠭᠤᠨ ᠲᠣᠰᠣ ᠶᠢ ᠪᠥᠭᠡᠮ ᠢᠶᠠᠷ ᠬᠤᠳᠠᠯᠳᠤᠬᠤ ᠬᠥᠮᠥᠷᠭᠡᠯᠡᠨ ᠬᠠᠳᠠᠭᠠᠯᠠᠬᠤ ᠡᠵᠡᠩᠨᠡᠯᠲᠡ ᠳᠤ ᠳᠠᠩᠰᠠᠯᠠᠭᠤᠯᠬᠤ ᠬᠠᠮᠢᠶᠠᠷᠤᠯᠲᠠ ᠶᠢ ᠬᠡᠷᠡᠭᠵᠢᠭᠦᠯᠵᠦ᠂ ᠪᠦᠭᠦ ᠤᠯᠤᠰ ᠤᠨ ᠪᠣᠯᠪᠠᠰᠤᠷᠠᠭᠤᠯᠤᠭᠰᠠᠨ ᠴᠢᠯᠠᠭᠤᠨ ᠲᠣᠰᠣ ᠶᠢ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠬᠢᠷᠢ ᠭᠡᠮ ᠤᠨ ᠨᠢᠭᠡᠳᠦᠯᠲᠡᠢ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠲᠣᠭᠲᠠᠭᠠᠬᠤ ᠶᠢᠨ ᠵᠡᠷᠭᠡ ᠪᠠᠷ ᠴᠢᠩᠭ᠎ᠠ ᠬᠡᠷᠡᠭᠵᠢᠭᠦᠯᠦᠨ᠎ᠡ᠃ ᠠᠵᠤ ᠠᠬᠤᠶᠢᠯᠠᠯ ᠢ ᠱᠠᠯᠠᠪᠳᠠᠭᠤᠯᠵᠤ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠡᠬᠡ ᠲᠠᠩᠰᠠ ᠶᠢᠨ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠡᠵᠡᠩᠨᠡᠯᠲᠡ ᠶᠢᠨ ᠠᠵᠤ ᠠᠬᠤᠶᠢᠯᠠᠯ ᠤᠨ ᠢᠲᠡᠭᠡᠮᠵᠢ ᠶᠢ ᠲᠠᠰ ᠲᠥᠷᠥᠯ ᠬᠤᠪᠢᠶᠠᠨ ᠬᠠᠮᠢᠶᠠᠷᠬᠤ ᠶᠢ ᠠᠬᠢᠭᠤᠯᠤᠨ᠎ᠠ᠃ ᠬᠤᠶᠠᠷ ᠲᠤ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡ ᠶᠢ ᠰᠠᠯᠠᠭ᠎ᠠ ᠮᠥᠴᠢᠷ ᠠᠯᠤᠰᠯᠠᠨ ᠬᠢᠨᠠᠨ ᠬᠠᠮᠢᠶᠠᠷᠬᠤ ᠲᠣᠭᠲᠠᠴᠠ ᠶᠢ ᠪᠦᠷᠢᠨᠰᠢᠭᠦᠯᠦᠨ᠎ᠡ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡᠨ ᠢ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠢᠨᠠᠨ ᠬᠠᠮᠢᠶᠠᠷᠬᠤ ᠲᠣᠭᠲᠠᠴᠠ ᠪᠠᠶᠢᠭᠤᠯᠵᠤ᠂ ᠬᠠᠷᠢᠶ᠎ᠠ ᠭᠠᠵᠠᠷ ᠲᠤᠨᠢ ᠬᠢᠨᠠᠨ ᠬᠠᠮᠢᠶᠠᠷᠤᠭᠤᠯᠬᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠭᠠᠷᠳᠠᠪᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡᠨ ᠤ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠰᠢᠰᠲ᠋ᠧᠮ  ᠤᠨ ᠪᠠᠶᠢᠭᠤᠯᠤᠯᠲᠠ ᠶᠢ ᠠᠬᠢᠭᠤᠯᠵᠤ᠂ ᠳ᠋ᠠᠶᠢᠲ᠋ᠠ ᠶᠢ ᠬᠠᠮᠲᠤ ᠪᠠᠷ ᠬᠦᠷᠲᠡᠵᠦ ᠬᠡᠷᠡᠭᠯᠡᠬᠦ ᠶᠢ ᠴᠢᠩᠭᠠᠳᠬᠠᠨ᠂ ᠪᠥᠭᠡᠮ ᠢᠶᠠᠷ ᠬᠤᠳᠠᠯᠳᠤᠬᠤ᠂ ᠬᠥᠮᠥᠷᠭᠡᠯᠡᠨ ᠬᠠᠳᠠᠭᠠᠯᠠᠬᠤ᠂ ᠲᠡᠭᠡᠭᠡᠪᠦᠷᠢᠯᠡᠬᠦ᠂ ᠵᠢᠵᠢᠭᠯᠡᠨ ᠬᠤᠳᠠᠯᠳᠤᠬᠤ ᠵᠡᠷᠭᠡ ᠭᠤᠭᠴᠤᠭ᠎ᠠ ᠶᠢ ᠬᠠᠮᠤᠷᠤᠭᠰᠠᠨ ᠪᠦᠭᠦ ᠬᠡᠯᠬᠢᠶ᠎ᠡ᠂ ᠮᠥᠷᠳᠡᠵᠦ ᠪᠤᠯᠬᠤ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠭᠤᠷᠪᠠ ᠳᠤ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡᠨ ᠤ ᠭᠤᠣᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠳᠤ ᠬᠦᠷᠭᠡᠬᠦ ᠬᠠᠮᠢᠶᠠᠷᠤᠯᠲᠠ ᠶᠢ ᠴᠢᠩᠭᠠᠳᠬᠠᠵᠤ᠂ ᠶᠠᠰᠤ ᠴᠢᠨᠠᠷ ᠤᠨ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠢᠨᠲ᠋ᠧᠷ ᠰᠦᠯᠵᠢᠶ᠎ᠡ ᠪᠠᠷ ᠪᠣᠯᠪᠠᠰᠤᠷᠠᠭᠤᠯᠤᠭᠰᠠᠨ ᠴᠢᠯᠠᠭᠤᠨ ᠲᠣᠰᠣ ᠪᠣᠷᠣᠯᠠᠭᠤᠯᠬᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡᠨ ᠤ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠳᠥᠷᠪᠡ ᠳᠤ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡᠨ ᠤ ᠣᠳᠣᠬᠢᠴᠢᠯᠠᠬᠤ ᠬᠥᠭᠵᠢᠯᠲᠡ ᠶᠢ ᠠᠬᠢᠭᠤᠯᠤᠨ᠎ᠠ᠃ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠵᠢᠵᠢᠭᠯᠡᠨ ᠬᠤᠳᠠᠯᠳᠤᠬᠤ ᠲᠣᠣᠷ ᠴᠡᠭ ᠤᠨ ᠪᠠᠶᠢᠷᠢᠰᠢᠭᠤᠯᠤᠯ ᠢ ᠰᠢᠯᠢᠳᠡᠭᠵᠢᠭᠦᠯᠵᠦ᠂ ᠲᠣᠮᠣ ᠭᠡᠯᠪᠡᠷᠢ ᠶᠢᠨ ᠭᠤᠣᠯᠯᠠᠭᠴᠢ ᠠᠵᠤ ᠠᠬᠤᠶᠢᠯᠠᠯ ᠤᠨ ᠵᠢᠵᠢᠭᠯᠡᠨ ᠬᠤᠳᠠᠯᠳᠤᠬᠤ ᠰᠢᠰᠲ᠋ᠧᠮ  ᠢᠶᠠᠨ ᠬᠥᠳᠡᠭᠡ ᠲᠣᠰᠬᠤᠨ ᠵᠢᠴᠢ ᠪᠤᠶᠢᠳᠠ ᠪᠥᠭᠯᠡᠭᠦᠦ ᠭᠠᠵᠠᠷ ᠣᠷᠣᠨ ᠲᠡᠶᠢᠰᠢ ᠤᠯᠠᠮ ᠨᠢᠭᠡ ᠠᠯᠬᠤᠮ ᠤᠷᠲᠤᠳᠬᠠᠬᠤ ᠶᠢ ᠵᠣᠷᠢᠭᠵᠢᠭᠤᠯᠵᠤ᠂ ᠬᠥᠳᠡᠭᠡ ᠲᠣᠰᠬᠤᠨ ᠤ ᠲᠣᠰᠣ ᠨᠡᠮᠡᠬᠦ ᠴᠡᠭ ᠢ ᠲᠠᠰ ᠳᠡᠪᠰᠢᠭᠦᠯᠦᠨ ᠥᠭᠡᠷᠡᠴᠢᠯᠡᠬᠦ ᠶᠢ ᠳᠡᠮᠵᠢᠨ᠎ᠡ᠃ ᠲᠣᠰᠣ ᠨᠡᠮᠡᠬᠦ ᠥᠷᠲᠡᠭᠡ ᠶᠢᠨ ᠦᠨ᠎ᠡ ᠬᠠᠩᠰᠢ ᠶᠢᠨ ᠶᠣᠰᠣᠭᠠᠷ ᠲᠥᠭᠦᠮ ᠦᠵᠡᠭᠦᠯᠭᠦ ᠳᠡᠯᠭᠡᠭᠦᠷ ᠪᠠᠶᠢᠭᠤᠯᠬᠤ ᠶᠢ ᠳᠡᠮᠵᠢᠵᠦ᠂ ᠠᠷᠠᠳ ᠲᠤ ᠲᠥᠭᠦᠮ ᠦᠵᠡᠭᠦᠯᠭᠦ ᠲᠡᠷᠭᠡ ᠤᠬᠢᠶᠠᠬᠤ᠂ ᠮᠠᠰᠢᠨ ᠲᠡᠷᠭᠡᠨ ᠤ ᠰᠡᠯᠪᠢᠭ ᠲᠣᠨᠤᠭ ᠰᠡᠯᠪᠢᠨ ᠵᠠᠰᠠᠬᠤ ᠵᠢᠴᠢ ᠠᠷᠠᠴᠢᠯᠠᠨ ᠬᠠᠮᠠᠭᠠᠯᠠᠬᠤ ᠵᠡᠷᠭᠡ ᠦᠢᠯᠡᠴᠢᠯᠡᠭᠡ ᠬᠠᠩᠭᠠᠵᠤ᠂ ᠲᠣᠣᠷ ᠴᠡᠭ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠪᠣᠯᠪᠠᠰᠤᠷᠠᠭᠤᠯᠤᠭᠰᠠᠨ ᠴᠢᠯᠠᠭᠤᠨ ᠲᠣᠰᠣ ᠶᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠬᠡᠯᠬᠢᠶ᠎ᠡ ᠡᠵᠡᠩᠨᠡᠯᠲᠡ ᠶᠢ ᠠᠬᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠭᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠢ ᠲᠦᠷᠭᠡᠳᠬᠡᠨ᠎ᠡ᠃ ᠲᠠᠪᠤ ᠳᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠡᠯ᠎ᠡ ᠭᠠᠵᠠᠷ ᠣᠷᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠶ ᠪᠤᠯᠭᠠᠵᠤ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡᠨ ᠤ ᠵᠢᠷᠤᠮᠵᠢᠭᠤᠨ ᠪᠥᠭᠡᠳ ᠡᠮᠬᠢ ᠵᠢᠷᠤᠮ ᠲᠠᠢ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号