ᠮᠠᠨ ᠤ ᠣᠷᠣᠨ ᠪᠦᠭᠦ ᠪᠥᠮᠪᠥᠷᠴᠡᠭ ᠤᠨ 158 ᠤᠯᠤᠰ ᠲᠠᠢ ᠠᠷᠠᠯᠵᠢᠶᠠᠨ ᠤ ᠶᠠᠪᠤᠯᠴᠠᠭ᠎ᠠ ᠥᠷᠨᠢᠭᠦᠯᠵᠦ ᠪᠤᠢ
ᠨᠡᠶᠢᠲᠡᠯᠡᠭᠰᠡᠨ ᠴᠠᠭ᠄
2025/3/10
     ᠣᠷᠴᠢᠮᠬᠠᠨ ᠬᠤᠷᠠᠯᠳᠤᠭᠰᠠᠨ 2024 ᠣᠨ ᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 2024 ᠣᠨ ᠳᠤ ᠮᠠᠨ ᠤ ᠣᠷᠣᠨ ᠤ ᠭᠠᠳᠠᠭᠠᠳᠤ ᠠᠷᠠᠯᠵᠢᠶ᠎ᠠ ᠶᠡᠷᠦᠩᠬᠡᠢ ᠳᠡᠭᠡᠨ ᠲᠣᠭᠲᠠᠭᠤᠨ ᠤ ᠳᠤᠮᠳᠠ ᠰᠠᠶᠢᠵᠢᠷᠠᠵᠤ᠂ ᠶᠡᠷᠦᠩᠬᠡᠢ ᠬᠡᠮᠵᠢᠶ᠎ᠡ᠂ ᠨᠡᠮᠡᠭᠳᠡᠯ ᠤᠨ ᠬᠡᠮᠵᠢᠶ᠎ᠡ᠂ ᠶᠠᠰᠤ ᠴᠢᠨᠠᠷ ᠭᠤᠷᠪᠠᠨ ᠲᠠᠯ᠎ᠠ  ᠪᠠᠷ ᠪᠦᠷ ᠳᠡᠭᠡᠭᠰᠢᠯᠡᠪᠡ᠃ ᠠᠷᠠᠯᠵᠢᠶᠠᠨ ᠤ ︽ᠨᠠᠶᠢᠵᠠ ᠶᠢᠨ ᠲᠣᠭᠤᠷᠢᠭ︾ ᠤᠯᠠᠮ ᠠᠴᠠ ᠤᠯᠠᠮ ᠥᠷᠭᠡᠵᠢᠵᠦ᠂ 2024 ᠣᠨ ᠤ ᠡᠴᠦᠰ ᠪᠤᠯᠲᠠᠯ᠎ᠠ ᠮᠠᠨ ᠤ ᠣᠷᠣᠨ ᠪᠦᠭᠦ ᠪᠥᠮᠪᠥᠷᠴᠡᠭ ᠤᠨ 158 ᠤᠯᠤᠰ ᠲᠠᠢ ᠠᠷᠠᠯᠵᠢᠶᠠᠨ ᠤ ᠶᠠᠪᠤᠯᠴᠠᠭ᠎ᠠ ᠥᠷᠨᠢᠭᠦᠯᠵᠦ᠂ ᠡᠭᠦᠨ ᠳᠤ 120 ᠠᠷᠠᠯᠵᠢᠶᠠᠨ ᠤ ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠨᠡᠮᠡᠭᠳᠡᠯ ᠢ ᠪᠡᠶᠡᠯᠡᠭᠦᠯᠪᠡ᠃      2024 ᠣᠨ ᠳᠤ᠂ ᠮᠠᠨ ᠤ ᠣᠷᠣᠨ ᠤ ᠭᠠᠳᠠᠭᠠᠳᠤ ᠠᠷᠠᠯᠵᠢᠶᠠᠨ ᠤ ᠪᠦᠲᠦᠴᠡ᠂ ᠦᠢᠯᠡᠳᠬᠦᠨ ᠤ ᠪᠦᠲᠦᠴᠡ ᠲᠠᠰᠤᠷᠠᠯᠲᠠ ᠦᠭᠡᠢ ᠰᠢᠯᠢᠳᠡᠭᠵᠢᠵᠦ᠂ ᠳᠡᠭᠡᠳᠦ ᠮᠡᠷᠭᠡᠵᠢᠯ ᠤᠨ ᠦᠢᠯᠡᠳᠬᠦᠨ ᠤ ᠭᠠᠳᠠᠭᠠᠳᠤ ᠭᠠᠷᠭᠠᠯᠲᠠ ᠲᠦᠷᠭᠡᠨ ᠨᠡᠮᠡᠭᠳᠡᠵᠦ᠂ ︽ᠰᠢᠨ᠎ᠡ ᠭᠤᠷᠪᠠᠨ ᠵᠦᠢᠯ︾ ᠤᠨ ᠦᠢᠯᠡᠳᠬᠦᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠦᠢᠯᠡᠳᠬᠦᠨ᠂ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠥᠷᠨᠢᠨ ᠬᠥᠭᠵᠢᠪᠡ᠃ ᠡᠭᠦᠨ ᠤ ᠬᠠᠮᠲᠤ ᠲᠥᠷᠥ ᠶᠢᠨ ᠪᠣᠳᠣᠯᠭ᠎ᠠ ᠳᠤ ᠬᠦᠴᠦᠲᠡᠢ ᠲᠦᠯᠬᠢᠴᠡ ᠬᠦᠴᠦᠨ ᠬᠠᠩᠭᠠᠵᠤ᠂ ᠭᠠᠳᠠᠭᠠᠳᠤ ᠠᠷᠠᠯᠵᠢᠶᠠᠨ ᠤ ᠲᠣᠭᠲᠠᠭᠤᠨ ᠨᠡᠮᠡᠭᠳᠡᠯ ᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠵᠡᠷᠭᠡ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠭᠰᠡᠨ ᠠᠴᠠ ᠦᠷ᠎ᠡ ᠨᠥᠯᠥᠭᠡ ᠢᠯᠡᠳᠲᠡ ᠪᠣᠯᠵᠤ᠂ ᠮᠠᠨ ᠤ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠲᠤᠭ᠎ᠠ ᠬᠡᠮᠵᠢᠶ᠎ᠡ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ 3500 ᠭᠠᠷᠤᠢ ᠠᠵᠤ ᠠᠬᠤᠶᠢᠯᠠᠯ ᠳᠤ ᠭᠦᠷᠪᠡ᠃      ︽2025 ᠣᠨ ᠳᠤ᠂ ᠮᠠᠨ ᠤ ᠣᠷᠣᠨ ᠤ ᠭᠠᠳᠠᠭᠠᠳᠤ ᠠᠷᠠᠯᠵᠢᠶᠠᠨ ᠤ ᠬᠥᠭᠵᠢᠯᠲᠡ ᠳᠤ ᠲᠤᠯᠭᠠᠷᠠᠬᠤ ᠭᠠᠳᠠᠭᠠᠳᠤ ᠣᠷᠴᠢᠨ ᠨᠠᠩ ᠪᠤᠳᠤᠯᠢᠶᠠᠨᠲᠠᠢ᠂ ᠲᠣᠭᠲᠠᠪᠤᠷᠢ ᠦᠭᠡᠢ᠂ ᠲᠣᠭᠲᠠᠭᠤᠨ ᠪᠤᠰᠤ ᠬᠦᠴᠦᠨ ᠵᠦᠢᠯ ᠨᠡᠮᠡᠭᠳᠡᠵᠦ ᠪᠤᠢ᠂ ᠭᠡᠪᠡᠴᠦ ᠮᠠᠨ ᠤ ᠣᠷᠣᠨ ᠤ ᠠᠵᠤ ᠠᠬᠤᠢ ᠶᠢᠨ ᠰᠠᠭᠤᠷᠢ ᠲᠣᠭᠲᠠᠭᠤᠨ᠂ ᠤᠶᠠᠨ ᠬᠠᠲᠠᠨ ᠴᠢᠨᠠᠷ ᠴᠢᠩᠭ᠎ᠠ᠂ ᠳᠠᠯᠳᠠ ᠬᠦᠴᠦᠨ ᠶᠡᠭᠡ ᠪᠠᠶᠢᠬᠤ ᠦᠨᠳᠦᠰᠦᠨ ᠪᠠᠶᠢᠳᠠᠯ ᠬᠤᠪᠢᠷᠠᠭᠰᠠᠨ ᠦᠭᠡᠢ᠂ ᠭᠠᠳᠠᠭᠠᠳᠤ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠯᠭᠠᠭᠤᠷᠢᠯᠠᠬᠤ ᠬᠦᠴᠦᠨ ᠵᠦᠢᠯ ᠮᠥᠨ ᠬᠦ ᠪᠠᠲᠤ ᠪᠠᠬᠢ ᠪᠠᠶᠢᠭᠰᠠᠭᠠᠷ︾ ᠭᠡᠵᠦ ᠭᠦᠭᠡᠬᠤᠲᠠ ᠪᠣᠭᠤᠮᠲᠠ ᠶᠢᠨ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠭᠠᠵᠠᠷ ᠤᠨ ᠳᠡᠳ᠋ ᠳᠠᠷᠤᠭ᠎ᠠ ᠵᠧᠦ ᠰᠢᠶᠣᠣ ᠵᠢᠶᠠᠨ ᠶᠠᠷᠢᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号