ᠮᠠᠨ ᠤ ᠣᠷᠣᠨ ᠡᠨᠡ ᠵᠢᠯ ᠴᠢᠬᠤᠯᠠ ᠶᠡᠭᠡ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ 72 ᠲᠥᠷᠥᠯ ᠵᠦᠢᠯ ᠢ ᠬᠡᠷᠡᠭᠵᠢᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2025/3/13
     ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠲᠦᠷᠤᠯ ᠵᠦᠢᠯ ᠢ ᠠᠬᠢᠭᠤᠯᠬᠤ ᠡᠭᠦᠷᠭᠡ ᠶᠢᠨ ᠨᠠᠷᠢᠨ ᠳᠠᠩᠰᠠ ᠲᠣᠭᠲᠠᠭᠠᠬᠤ᠂ ᠪᠦᠲᠦᠭᠡᠨ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ᠂ ᠰᠢᠨ᠎ᠡ ᠪᠠᠷ ᠡᠬᠢᠯᠡᠭᠦᠯᠬᠦ ᠲᠥᠷᠥᠯ ᠵᠦᠢᠯ ᠢ ᠡᠨᠡ ᠵᠢᠯ ᠤᠨ ᠳᠣᠲᠣᠷ᠎ᠠ ᠪᠠᠷᠢᠯᠭ᠎ᠠ ᠡᠬᠢᠯᠡᠭᠦᠯᠬᠦ ᠶᠢ ᠠᠬᠢᠭᠤᠯᠬᠤ᠂ ᠲᠥᠷᠥᠯ ᠵᠦᠢᠯ ᠢ ᠨᠥᠭᠡᠴᠡᠯᠡᠬᠦ ᠪᠠ ᠲᠥᠯᠦᠪᠵᠢᠭᠦᠯᠭᠡ ᠶᠢ ᠵᠣᠯᠭᠠᠭᠤᠯᠬᠤ ᠠᠵᠢᠯ ᠢ ᠰᠠᠶᠢᠲᠤᠷ ᠬᠢᠬᠦ᠂ ᠡᠯ᠎ᠡ ᠲᠥᠷᠥᠯ ᠤᠨ ᠪᠡᠯᠡ ᠮᠥᠩᠭᠦ ᠶᠢ ᠢᠳᠡᠪᠬᠢᠲᠡᠢ ᠨᠠᠶᠢᠳᠠᠪᠤᠷᠢᠵᠢᠭᠤᠯᠬᠤ ᠵᠡᠷᠭᠡ 5 ᠲᠠᠯ᠎ᠠ ᠶᠢᠨ ᠠᠷᠭ᠎ᠠ ᠬᠡᠮᠵᠢᠶ᠎ᠡ ᠠᠪᠴᠤ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠴᠢᠬᠤᠯᠠ ᠶᠡᠭᠡ ᠲᠥᠷᠥᠯ ᠵᠦᠢᠯ ᠢ ᠪᠦᠭᠦ ᠬᠦᠴᠦᠨ ᠢᠶᠠᠷ ᠢᠶᠠᠨ ᠠᠬᠢᠭᠤᠯᠵᠤ ᠪᠠᠶᠢᠨ᠎ᠠ᠃      ᠣᠶᠢᠯᠠᠭᠠᠭᠰᠠᠨ ᠢᠶᠠᠷ᠂ ᠪᠦᠭᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠬᠢᠨ ᠱᠠᠲᠤ ᠬᠤᠪᠢᠶᠠᠨ ᠬᠥᠳᠡᠯᠦᠯᠴᠡᠵᠦ᠂ 2 ᠰᠠᠷ᠎ᠠ ᠶᠢᠨ ᠳᠤᠮᠳᠠᠴᠢ ᠠᠴᠠ ᠡᠬᠢᠯᠡᠨ ᠪᠠᠷᠢᠯᠭ᠎ᠠ ᠪᠠᠨ ᠰᠡᠷᠭᠦᠭᠡᠬᠦ ᠡᠯ᠎ᠡ ᠲᠦᠷᠦᠯ ᠤᠨ ᠪᠡᠯᠡᠳᠬᠡᠯ ᠠᠵᠢᠯ ᠢ ᠥᠷᠨᠢᠭᠦᠯᠵᠦ᠂  ᠠᠯᠠᠱᠠ ᠵᠡᠭᠦᠨ ᠬᠤᠰᠢᠭᠤᠨ ᠤ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠳᠡᠰ ᠳᠡᠪᠰᠢᠭᠦᠯᠦᠨ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠪᠤᠯᠭᠠᠵᠤ ᠥᠷᠭᠡᠳᠬᠡᠨ ᠪᠠᠶᠢᠭᠤᠯᠬᠤ ᠲᠥᠷᠥᠯ ᠵᠦᠢᠯ ᠢ ᠪᠠᠷᠢᠯᠭ᠎ᠠ ᠡᠬᠢᠯᠡᠭᠦᠯᠵᠦ᠂ G5511 ᠪᠠᠶᠠᠨᠲᠠᠯ᠎ᠠ - ᠴᠣᠭᠲᠤ ᠬᠦᠷᠬᠦ ᠲᠥᠷᠥᠯ ᠵᠦᠢᠯ  ᠤᠨ ᠠᠯᠪᠠᠨ ᠭᠡᠷ ᠬᠤᠷᠠᠯ ᠬᠢᠵᠦ ᠪᠠᠷᠢᠯᠭ᠎ᠠ ᠪᠠᠨ ᠰᠡᠷᠭᠦᠭᠡᠬᠦ ᠠᠵᠢᠯ ᠢ ᠪᠦᠭᠦ ᠲᠠᠯ᠎ᠠ ᠪᠠᠷ ᠪᠠᠶᠢᠷᠢᠯᠠᠭᠤᠯᠪᠠ᠃ G4515 ᠲᠦᠷᠭᠡᠨ ᠤ ᠵᠠᠰᠠᠮᠠᠯ ᠵᠠᠮ ᠤᠨ ᠤᠯᠠᠭᠠᠨᠬᠠᠳᠠ - ᠰᠦᠢᠵᠦ᠋ᠩ ᠬᠦᠷᠬᠦ ᠬᠤᠯᠪᠤᠭ᠎ᠠ ᠱᠤᠭᠤᠮ ᠤᠨ ᠤᠯᠠᠭᠠᠨᠬᠠᠳᠠ - ᠯᠢᠩᠶᠤᠸᠠᠨ ᠬᠦᠷᠬᠦ ︵ᠥᠪᠥᠷ ᠮᠣᠩᠭᠤᠯ ᠯᠢᠶᠣᠤᠨᠢᠩ ᠤᠨ ᠵᠠᠭᠠᠭ︶ ᠬᠡᠰᠡᠭ ᠤᠨ ᠲᠦᠷᠭᠡᠨ ᠤ ᠵᠠᠰᠠᠮᠠᠯ ᠵᠠᠮ ᠤᠨ ᠪᠣᠯᠣᠮᠵᠢᠲᠤ ᠰᠤᠳᠤᠯᠭᠠᠨ ᠤ ᠮᠡᠳᠡᠭᠦᠯᠦᠯᠲᠡ ᠶᠢᠨ ᠪᠠᠶᠢᠴᠠᠭᠠᠨ ᠰᠤᠳᠤᠯᠬᠤ ᠬᠤᠷᠠᠯ ᠠᠮᠵᠢᠯᠲᠠ ᠲᠠᠢ ᠶᠠᠪᠤᠭᠳᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠪᠣᠯᠣᠨ ᠪᠠᠷᠢᠯᠭ᠎ᠠ ᠪᠠᠨ ᠡᠬᠢᠯᠡᠭᠦᠯᠬᠦ ᠠᠵᠢᠯ ᠢ ᠪᠦᠳᠦᠮᠵᠢᠳᠠᠢ ᠠᠬᠢᠭᠤᠯᠤᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠵᠠᠰᠠᠮᠠᠯ ᠵᠠᠮ᠂ ᠲᠡᠮᠦᠷ ᠵᠠᠮ ᠪᠣᠯᠣᠨ ᠠᠷᠠᠳ ᠤᠨ ᠠᠭᠠᠷ ᠤᠨ ᠲᠡᠭᠡᠭᠡᠪᠦᠷᠢ ᠶᠢᠨ ᠴᠢᠬᠤᠯᠠ ᠶᠡᠭᠡ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ 72 ᠲᠥᠷᠥᠯ ᠵᠦᠢᠯ ᠢ ᠬᠡᠷᠡᠭᠵᠢᠭᠦᠯᠦᠨ᠂ ᠨᠡᠶᠢᠲᠡ 3353 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠲᠤᠰ ᠵᠢᠯ ᠳᠡᠭᠡᠨ 477 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号