ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠦᠴᠦᠸᠠᠨ ᠰᠢᠶᠠᠨ ᠢ ᠲᠣᠭᠤᠷᠢᠨ ᠪᠠᠶᠢᠴᠠᠭᠠᠵᠤ ᠣᠷᠣᠵᠤ ᠰᠠᠭᠤᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/14
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠢ ᠲᠣᠬᠢᠷᠠᠭᠤᠯᠤᠯᠲᠠ ᠶᠢ ᠦᠨᠳᠦᠰᠦᠯᠡᠨ᠂ 3 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠦᠴᠦᠸᠠᠨ ᠰᠢᠶᠠᠨ ᠢ ᠲᠣᠭᠤᠷᠢᠨ ᠪᠠᠶᠢᠴᠠᠭᠠᠵᠤ ᠣᠷᠣᠵᠤ ᠰᠠᠭᠤᠬᠤ ᠳᠠᠶᠢᠴᠢᠯᠠᠯᠲᠠ ᠶᠢᠨ ᠬᠤᠷᠠᠯ ᠢ ᠬᠤᠷᠠᠯᠳᠤᠭᠤᠯᠪᠠ᠃ ᠳᠠᠶᠢᠴᠢᠯᠠᠯᠲᠠ ᠶᠢᠨ ᠬᠤᠷᠠᠯ ᠳᠡᠭᠡᠷ᠎ᠡ᠂ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠬᠤᠤ ᠴᠤᠤ ᠲᠦᠨ ᠤᠳᠠᠯ ᠦᠭᠡᠢ ᠥᠷᠨᠢᠭᠦᠯᠬᠦ ᠭᠡᠵᠦ ᠪᠠᠶᠢᠭ᠎ᠠ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠶᠠᠷᠢᠶ᠎ᠠ ᠲᠠᠯᠪᠢᠵᠤ᠂ ᠬᠥᠬᠡᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠦᠴᠦᠸᠠᠨ ᠰᠢᠶᠠᠨ ᠤ ᠨᠠᠮ ᠤᠨ ᠬᠤᠷᠢᠶᠠᠨ ᠤ ᠱᠦᠵᠢ ᠬᠠᠳᠠ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃      ᠬᠤᠤ ᠴᠤᠤ ᠲᠦᠨ ᠴᠢᠬᠤᠯᠠᠴᠢᠯᠠᠭᠰᠠᠨ ᠨᠢ᠂ ᠲᠣᠭᠤᠷᠢᠨ ᠪᠠᠶᠢᠴᠠᠭᠠᠬᠤ ᠪᠣᠯ ᠨᠠᠮ ᠤᠨ ᠳᠦᠷᠢᠮ ᠠᠴᠠ ᠣᠯᠭᠤᠭᠰᠠᠨ ᠴᠢᠬᠤᠯᠠ ᠡᠭᠦᠷᠭᠡ ᠬᠠᠷᠢᠭᠤᠴᠠᠯᠭ᠎ᠠ ᠮᠥᠨ᠃ ᠦᠴᠦᠸᠠᠨ ᠰᠢᠶᠠᠨ ᠳᠤ ᠲᠣᠭᠤᠷᠢᠨ ᠪᠠᠶᠢᠴᠠᠭᠠᠯᠲᠠ ᠬᠢᠬᠦ ᠪᠣᠯ ᠲᠤᠰ ᠭᠠᠵᠠᠷ ᠣᠷᠣᠨ ᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠢ ᠨᠡᠭᠡᠭᠡᠵᠦ ᠳᠤᠮᠳᠠ ᠤᠷᠤᠰᠬᠠᠯ ᠳᠤ ᠣᠷᠣᠬᠤ ᠴᠢᠬᠤᠯᠠ ᠠᠷᠭ᠎ᠠ ᠬᠡᠮᠵᠢᠶ᠎ᠡ ᠮᠥᠨ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠦᠴᠦᠸᠠᠨ ᠰᠢᠶᠠᠨ ᠲᠣᠭᠤᠷᠢᠨ ᠪᠠᠶᠢᠴᠠᠭᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠢᠨᠠᠯᠲᠠ ᠶᠢ ᠬᠦᠯᠢᠶᠡᠬᠦ ᠤᠬᠠᠮᠰᠠᠷᠲᠤ ᠴᠢᠨᠠᠷ ᠪᠣᠯᠣᠨ ᠰᠠᠨᠠᠭᠠᠴᠢᠯᠠᠭᠠᠲᠤ ᠴᠢᠨᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃      ᠬᠤᠤ ᠴᠤᠤ ᠲᠦᠨ ᠢᠯᠡᠷᠬᠡᠶᠢᠯᠡᠬᠦ ᠳᠡᠭᠡᠨ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠵᠢᠴᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠭᠦᠢᠴᠡᠳᠬᠡᠬᠦ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠤᠭᠰᠠᠨ ᠪᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ᠂ ᠦᠴᠦᠸᠠᠨ ᠰᠢᠶᠠᠨ ᠤ ᠡᠯ᠎ᠡ ᠵᠦᠢᠯ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠵᠥᠷᠢᠶ᠎ᠡ ᠪᠣᠯᠣᠨ ᠬᠦᠷᠦᠯᠴᠡᠬᠦ ᠦᠭᠡᠢ ᠲᠠᠯ᠎ᠠ ᠶᠢ ᠬᠦᠴᠦᠯᠡᠨ ᠡᠷᠢᠬᠦ ᠪᠠᠷ ᠴᠢᠷᠮᠠᠶᠢᠨ᠎ᠠ ᠭᠡᠵᠡᠢ᠃ ᠦᠴᠦᠸᠠᠨ ᠰᠢᠶᠠᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢ ᠳᠡᠮᠵᠢᠨ ᠬᠠᠮᠵᠢᠯᠴᠠᠵᠤ᠂ ᠠᠳᠠᠯᠢ ᠰᠡᠳᠦᠪ ᠢᠶᠠᠷ ᠲᠣᠰ ᠡᠭᠡᠯᠵᠢ ᠶᠢᠨ ᠲᠣᠭᠤᠷᠢᠨ ᠪᠠᠶᠢᠴᠠᠭᠠᠬᠤ ᠡᠭᠦᠷᠭᠡ ᠶᠢ ᠬᠠᠮᠲᠤ ᠪᠠᠷ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠡᠢ᠃      ᠰᠦᠨ ᠬᠤᠤ ᠶᠠᠷᠢᠶᠠᠨ ᠳᠠᠭᠠᠨ ᠢᠯᠡᠷᠬᠡᠶᠢᠯᠡᠬᠦ ᠳᠡᠭᠡᠨ᠂ ᠤᠯᠤᠰ ᠲᠦᠷᠦ ᠶᠢ ᠡᠷᠬᠢᠮᠯᠡᠬᠦ ᠥᠨᠳᠥᠷᠴᠡ ᠠᠴᠠ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠲᠣᠭᠤᠷᠢᠨ ᠪᠠᠶᠢᠴᠠᠭᠠᠬᠤ ᠠᠵᠢᠯ ᠢ ᠳᠡᠮᠵᠢᠨ ᠬᠠᠮᠵᠢᠯᠴᠠᠬᠤ ᠶᠢ ᠣᠳᠣᠬᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠴᠢᠩᠭ᠎ᠠ ᠠᠳᠬᠤᠨ ᠪᠣᠳᠠᠲᠠᠢ ᠠᠳᠬᠤᠵᠤ᠂ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠣᠳᠠᠲᠠᠢ ᠦᠷ᠎ᠡ ᠪᠦᠲᠦᠮᠵᠢ ᠪᠠᠷ ᠡᠯ᠎ᠡ ᠵᠦᠢᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠡᠢ᠃      ᠬᠠᠳᠠ ᠢᠯᠡᠷᠬᠡᠶᠢᠯᠡᠬᠦ ᠳᠡᠭᠡᠨ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠲᠠᠢ ᠨᠢᠭᠡᠳᠬᠡᠵᠦ᠂ ᠲᠣᠭᠤᠷᠢᠨ ᠪᠠᠶᠢᠴᠠᠭᠠᠬᠤ ᠠᠵᠢᠯ ᠢ ᠳᠡᠮᠵᠢᠨ ᠬᠠᠮᠵᠢᠯᠴᠠᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠠᠳᠠᠯᠢ ᠰᠡᠳᠦᠪ ᠲᠠᠢ ᠬᠠᠮᠲᠤ ᠪᠠᠷ ᠬᠠᠷᠢᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠲᠣᠭᠤᠷᠢᠨ ᠪᠠᠶᠢᠴᠠᠭᠠᠬᠤ ᠪᠠᠷ ᠠᠵᠠ ᠲᠣᠬᠢᠶᠠᠯ ᠪᠣᠯᠭᠠᠵᠤ᠂ ᠨᠢᠭᠡᠳᠦᠯᠲᠡᠢ ᠲᠥᠯᠥᠪᠵᠢᠭᠦᠯᠦᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠ ᠬᠥᠭᠵᠢᠯᠲᠡ ᠶᠢ ᠠᠬᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠦᠨᠡᠨᠬᠦ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃      ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠲᠤᠰᠬᠠᠢ ᠵᠢᠵᠢᠭᠦᠷᠯᠡᠬᠦ ᠤᠲᠠᠰᠤ ᠲᠣᠬᠢᠷᠠᠭᠤᠯᠪᠠ᠄ 0471 - 8817966᠂ ᠡᠳᠦᠷ ᠪᠦᠷᠢ ᠶᠢᠨ ᠤᠲᠠᠰᠤ ᠭᠥᠯᠢᠶᠡᠨ ᠠᠪᠬᠤ ᠴᠠᠭ ᠨᠢ 8᠄ 00 ᠠᠴᠠ 18᠄ 00︔ ᠰᠢᠤᠳᠠᠨ ᠤ ᠵᠠᠬᠢᠳᠠᠯ ᠤᠨ ᠬᠠᠶᠢᠷᠴᠠᠭ᠄ ᠥᠪᠥᠷ ᠮᠣᠩᠭᠤᠯ ᠤᠨ ᠬᠥᠬᠡᠬᠤᠲᠠ ᠶᠢᠨ A978 ᠳ᠋ᠤᠭᠠᠷ ᠰᠢᠤᠳᠠᠨ ᠤ ᠵᠠᠬᠢᠳᠠᠯ ᠤᠨ ᠬᠠᠶᠢᠷᠴᠠᠭ︔ ᠡᠯᠧᠺᠲᠷᠣᠨ ᠵᠠᠬᠢᠳᠠᠯ ᠤᠨ ᠬᠠᠶᠢᠷᠴᠠᠭ᠄ xswcx1z@163.com᠃ ᠡᠭᠦᠨ ᠤ ᠬᠠᠮᠲᠤ᠂ ᠦᠴᠦᠸᠠᠨ ᠰᠢᠶᠠᠨ ᠤ ᠨᠠᠮ ᠤᠨ ᠬᠤᠷᠢᠶᠠᠨ ᠤ ᠠᠯᠪᠠᠨ ᠠᠰᠠᠷ ᠤᠨ ᠵᠡᠭᠦᠨ ᠲᠠᠯ᠎ᠠ ᠳᠤ᠂ ᠰᠢᠶᠠᠨ ᠤ ᠵᠠᠰᠠᠭ ᠤᠨ ᠣᠷᠳᠣᠨ ᠤ ᠲᠡᠷᠭᠡᠨ ᠠᠩᠭᠢ ᠶᠢᠨ ᠶᠡᠭᠡ ᠡᠭᠦᠳᠡ ᠶᠢᠨ ᠬᠤᠶᠢᠲᠤ ᠲᠠᠯ᠎ᠠ ᠳᠤ᠂ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠣᠮᠣ ᠠᠰᠠᠷ ᠤᠨ ᠵᠡᠭᠦᠨ ᠡᠮᠦᠨᠡᠲᠦ ᠶᠢᠨ ᠢᠯᠴᠢ ᠶᠢᠨ ᠬᠦᠴᠦᠨ ᠤ ᠢᠯᠴᠢ ᠰᠣᠯᠢᠬᠤ ᠥᠷᠲᠡᠭᠡ ᠶᠢᠨ ᠪᠠᠷᠠᠭᠤᠨ ᠬᠡᠷᠡᠮ ︵ᠰᠢᠶᠠᠨ ᠤ ᠵᠠᠬᠢᠳᠠᠯ ᠰᠣᠷᠪᠤᠯᠵᠢᠯᠠᠭ᠎ᠠ ᠶᠢᠨ ᠲᠥᠪ︶᠂ ᠮᠢᠩ ᠵᠦ ᠴᠠᠬᠢᠯᠭᠠᠨ ᠬᠦᠴᠦᠨ ᠤ ᠵᠣᠴᠢᠳ ᠤᠨ ᠪᠠᠭᠤᠳᠠᠯ ᠤᠨ ᠶᠡᠭᠡ ᠡᠭᠦᠳᠡ ᠶᠢᠨ ᠡᠮᠦᠨ᠎ᠡ ᠲᠠᠯ᠎ᠠ᠂ ᠴᠢᠩ ᠱᠠᠨ ᠶᠤᠸᠠᠨ ᠲᠠᠯᠠᠪᠠᠶ ᠶᠢᠨ ᠬᠤᠶᠢᠲᠤ ᠬᠡᠷᠡᠮ ᠳᠤ ᠬᠠᠷᠢᠯᠴᠠᠬᠤ ᠵᠠᠬᠢᠳᠠᠯ ᠤᠨ ᠬᠠᠶᠢᠷᠴᠠᠭ ᠲᠣᠬᠢᠷᠠᠭᠤᠯᠵᠤ᠂ ︽ᠺᠣᠳ᠋ ᠳᠡᠭᠡᠷ᠎ᠡ ᠴᠠᠭᠳᠠᠨ ᠪᠠᠶᠢᠴᠠᠭᠠᠬᠤ︾ ᠬᠠᠭᠤᠳᠠᠰᠤ ᠨᠠᠭᠠᠵᠠᠢ᠃ ᠲᠣᠭᠤᠷᠢᠨ ᠪᠠᠶᠢᠴᠠᠭᠠᠬᠤ ᠳᠤᠭᠤᠶᠢᠯᠠᠩ ᠭᠤᠣᠯᠳᠠᠭᠤ ᠦᠴᠦᠸᠠᠨ ᠰᠢᠶᠠᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠣᠯᠣᠨ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠤᠲᠠᠰᠤ ᠰᠣᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠂ ᠭᠤᠣᠯᠳᠠᠯᠭ᠎ᠠ ᠨᠢ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠣᠯᠣᠨ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠣᠨ᠎ᠠ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠴᠠᠭ ᠨᠢ 2025 ᠣᠨ ᠤ 4 ᠰᠠᠷ᠎ᠠ ᠶᠢᠨ 25 ᠤ ᠡᠳᠦᠷ ᠪᠣᠯᠲᠠᠯ᠎ᠠ ᠦᠷᠭᠦᠯᠵᠢᠯᠡᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号