ᠥᠪᠥᠷ ᠮᠣᠩᠭᠤᠯ 2025 ᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠠᠷᠯᠢᠭ ᠨᠡᠶᠢᠲᠡᠯᠡᠪᠡ
ᠨᠡᠶᠢᠲᠡᠯᠡᠭᠰᠡᠨ ᠴᠠᠭ᠄
2025/3/14
     ᠤᠢ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ ᠢ ᠪᠦᠲᠦᠮᠵᠢᠲᠡᠢ ᠰᠡᠷᠭᠡᠶᠢᠯᠡᠨ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠠᠮᠢ ᠠᠬᠤᠢ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠬᠠᠪᠤᠷ ᠤᠨ ᠤᠯᠠᠷᠢᠯ ᠤᠨ ᠲᠦᠢᠮᠡᠷ ᠢ ᠰᠡᠷᠭᠡᠶᠢᠯᠡᠬᠦ ᠬᠤᠭᠤᠴᠠᠭ᠎ᠠ ᠬᠦᠷᠴᠦ ᠢᠷᠡᠬᠦ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ 2025 ᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠠᠷᠯᠢᠭ ᠨᠡᠶᠢᠲᠡᠯᠡᠪᠡ᠃      ᠵᠠᠷᠯᠢᠭ ᠲᠤ ᠲᠦᠢᠮᠡᠷ ᠢ ᠰᠡᠷᠭᠡᠶᠢᠯᠡᠬᠦ ᠬᠤᠭᠤᠴᠠᠭ᠎ᠠ ᠪᠠ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠬᠤᠭᠤᠴᠠᠭ᠎ᠠ ᠶᠢ ᠲᠣᠳᠣᠷᠬᠠᠶᠢᠯᠠᠵᠤ᠂ ᠰᠢᠯᠢ ᠶᠢᠨ ᠭᠤᠣᠯ ᠠᠶᠢᠮᠠᠭ ᠵᠢᠴᠢ ᠲᠡᠭᠦᠨ ᠠᠴᠠ ᠵᠡᠭᠦᠨᠰᠢᠬᠢ ᠭᠠᠵᠠᠷ ᠣᠷᠣᠨ ᠤ ᠲᠦᠢᠮᠡᠷ ᠢ ᠰᠡᠷᠭᠡᠶᠢᠯᠡᠬᠦ ᠬᠤᠭᠤᠴᠠᠭ᠎ᠠ ᠨᠢ ᠬᠠᠪᠤᠷ ᠤᠨ ᠤᠯᠠᠷᠢᠯ ᠤᠨ 3 ᠰᠠᠷ᠎ᠠ ᠶᠢᠨ 15 ᠠᠴᠠ 6 ᠰᠠᠷ᠎ᠠ ᠶᠢᠨ 15 ᠪᠤᠯᠲᠠᠯ᠎ᠠ᠂ ᠨᠠᠮᠤᠷ ᠤᠨ ᠤᠯᠠᠷᠢᠯ ᠤᠨ 9 ᠰᠠᠷ᠎ᠠ ᠶᠢᠨ 15 ᠠᠴᠠ 11 ᠰᠠᠷ᠎ᠠ ᠶᠢᠨ 15 ᠪᠤᠯᠲᠠᠯ᠎ᠠ᠂ ᠤᠯᠠᠭᠠᠨᠴᠠᠪ ᠬᠤᠲᠠ ᠵᠢᠴᠢ ᠲᠡᠭᠦᠨ ᠠᠴᠠ ᠪᠠᠷᠠᠭᠤᠨᠰᠢᠬᠢ ᠭᠠᠵᠠᠷ ᠣᠷᠣᠨ ᠤ ᠲᠦᠢᠮᠡᠷ ᠢ ᠰᠡᠷᠭᠡᠶᠢᠯᠡᠬᠦ ᠬᠤᠭᠤᠴᠠᠭ᠎ᠠ ᠨᠢ ᠲᠣᠰ ᠵᠢᠯ ᠤᠨ 9 ᠰᠠᠷ᠎ᠠ ᠶᠢᠨ 15 ᠠᠴᠠ ᠳᠠᠷᠠᠭ᠎ᠠ ᠵᠢᠯ ᠤᠨ ᠬᠢᠨᠢ 6 ᠰᠠᠷ᠎ᠠ ᠶᠢᠨ 15 ᠪᠤᠯᠲᠠᠯ᠎ᠠ᠂ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠤ ᠲᠦᠢᠮᠡᠷ ᠢ ᠰᠡᠷᠭᠡᠶᠢᠯᠡᠬᠦ ᠬᠤᠭᠤᠴᠠᠭ᠎ᠠ ᠨᠢ 3 ᠰᠠᠷ᠎ᠠ ᠶᠢᠨ 15 ᠠᠴᠠ 11 ᠰᠠᠷ᠎ᠠ ᠶᠢᠨ 15 ᠪᠤᠯᠲᠠᠯ᠎ᠠ ᠭᠡᠵᠦ ᠲᠣᠭᠲᠠᠭᠠᠪᠠ᠃ ᠪᠦᠭᠦ ᠣᠷᠣᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠴᠢᠩᠭ᠎ᠠ ᠵᠠᠬᠢᠷᠤᠨ ᠬᠠᠮᠢᠶᠠᠷᠬᠤ ᠬᠤᠭᠤᠴᠠᠭ᠎ᠠ ᠨᠢ ᠬᠠᠪᠤᠷ ᠤᠨ ᠤᠯᠠᠷᠢᠯ ᠤᠨ 4 ᠰᠠᠷ᠎ᠠ ᠶᠢᠨ 1 ᠠᠴᠠ 5 ᠰᠠᠷ᠎ᠠ ᠶᠢᠨ 31᠂ ᠨᠠᠮᠤᠷ ᠤᠨ ᠤᠯᠠᠷᠢᠯ ᠤᠨ 10 ᠰᠠᠷ᠎ᠠ ᠶᠢᠨ 1 ᠠᠴᠠ 10 ᠰᠠᠷ᠎ᠠ ᠶᠢᠨ 31 ᠪᠤᠯᠳᠠᠯᠠᠭᠢ ᠬᠤᠭᠤᠴᠠᠭ᠎ᠠ ᠪᠣᠯᠣᠨ᠎ᠠ᠃      ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠬᠤᠭᠤᠴᠠᠭᠠᠨ ᠳᠤ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠣᠷᠣᠨ ᠪᠦᠰᠡ ᠳᠤ ᠬᠡᠭᠡᠷ᠎ᠡ ᠭᠠᠳᠠᠨ᠎ᠠ ᠲᠠᠮᠠᠬᠢ ᠲᠠᠲᠠᠬᠤ᠂ ᠬᠡᠭᠡᠷ᠎ᠡ ᠬᠤᠭᠤᠯᠠᠯᠠᠬᠤ᠂ ᠫᠤᠤᠵᠢᠩ ᠲᠠᠯᠪᠢᠬᠤ᠂ ᠬᠤᠭ ᠨᠣᠪᠰᠢ ᠰᠢᠲᠠᠭᠠᠬᠤ ᠵᠡᠷᠭᠡ ᠦᠢᠯᠡᠳᠪᠦᠷᠢᠯᠡᠯ ᠤᠨ ᠪᠤᠰᠤ ᠭᠠᠯ ᠬᠡᠷᠡᠭᠯᠡᠬᠦ ᠪᠠ ᠠᠲᠠᠷ  ᠬᠡᠭᠡᠷ᠎ᠡ ᠶᠢᠨ ᠡᠪᠡᠰᠦ  ᠥᠯᠥᠩ ᠢ ᠰᠢᠲᠠᠭᠠᠬᠤ᠂ ᠡᠰᠢ ᠰᠦᠷᠡᠯ ᠰᠢᠲᠠᠭᠠᠬᠤ ᠵᠡᠷᠭᠡ ᠲᠠᠷᠢᠶᠠᠯᠠᠩ ᠤᠨ ᠠᠵᠢᠯ ᠤᠨ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠬᠡᠭᠡᠷ᠎ᠡ ᠭᠠᠳᠠᠨ᠎ᠠ ᠦᠢᠯᠡᠳᠪᠦᠷᠢᠯᠡᠯ ᠤᠨ ᠭᠠᠯ ᠬᠡᠷᠡᠭᠯᠡᠬᠦ ᠳᠤ ᠡᠷᠬᠡᠪᠰᠢ ᠲᠤᠬᠠᠢ ᠶᠢᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠢ᠃ ᠵᠠᠬᠢᠷᠤᠨ ᠬᠠᠮᠢᠶᠠᠷᠬᠤ ᠣᠷᠣᠨ ᠳᠤ ᠣᠷᠣᠬᠤ ᠬᠥᠮᠥᠰ ᠮᠠᠰᠢᠨ ᠲᠡᠷᠭᠡᠨ ᠳᠤ ᠭᠠᠯ ᠤᠨ ᠰᠤᠷᠪᠤᠯᠵᠢ ᠪᠤᠶᠤ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠠᠪᠴᠤ ᠶᠠᠪᠤᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠡᠯ᠎ᠡ ᠪᠠᠶᠢᠴᠠᠭᠠᠬᠤ ᠥᠷᠲᠡᠭᠡ᠂ ᠪᠠᠷᠠᠯᠠᠬᠤ ᠲᠠᠪᠴᠠᠩ᠂ ᠴᠠᠭᠳᠠᠨ ᠲᠣᠭᠤᠷᠢᠬᠤ ᠴᠠᠭᠳᠠᠨ ᠬᠠᠮᠠᠭᠠᠯᠠᠬᠤ ᠠᠵᠢᠯ ᠤᠨ ᠪᠠᠶᠢᠷᠢ ᠵᠡᠷᠭᠡ ᠪᠦᠬᠦᠯᠢ ᠡᠳᠦᠷ ᠢᠶᠠᠷ ᠵᠢᠵᠢᠭᠦᠷᠯᠡᠨ ᠰᠠᠬᠢᠵᠤ᠂ ᠰᠢᠭᠤᠶᠢᠲᠤ ᠣᠷᠣᠨ᠂ ᠨᠤᠲᠤᠭ ᠪᠡᠯᠴᠢᠭᠡᠷ ᠲᠤ ᠣᠷᠣᠬᠤ ᠬᠥᠮᠥᠰ ᠪᠠ ᠲᠡᠷᠭᠡ ᠬᠥᠰᠬᠡ ᠶᠢ ᠴᠢᠩᠭ᠎ᠠ ᠬᠠᠮᠢᠶᠠᠷᠤᠨ᠎ᠠ᠃      ᠲᠦᠢᠮᠡᠷ ᠢ ᠰᠡᠷᠭᠡᠶᠢᠯᠡᠬᠦ ᠬᠤᠭᠤᠴᠠᠭᠠᠨ ᠳᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠪᠠᠶᠢᠭᠤᠯᠤᠮᠵᠢ ᠨᠤᠭᠤᠳ 24 ᠴᠠᠭ ᠢᠶᠠᠷ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠣᠢ ᠰᠢᠭᠤᠢ ᠪᠠ ᠨᠤᠲᠤᠭ ᠪᠡᠯᠴᠢᠭᠡᠷ ᠤᠨ ᠭᠠᠯ ᠲᠦᠢᠮᠡᠷ ᠤᠨ ᠭᠠᠮᠰᠢᠭ ᠢ ᠳᠡᠰ ᠬᠤᠪᠢᠶᠠᠨ ᠠᠷᠭᠠᠴᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠲᠥᠷᠥᠯ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠡᠩᠨᠡᠭᠡ ᠨᠢ ᠳᠠᠶᠢᠨ ᠳᠤ ᠣᠷᠣᠯᠴᠠᠨ ᠵᠠᠷᠯᠢᠭ ᠬᠦᠯᠢᠶᠡᠬᠦ ᠪᠠᠶᠢᠳᠠᠯ ᠢ ᠪᠠᠲᠤᠯᠠᠨ᠂ ︽ᠤᠷᠢᠳᠴᠢᠯᠠᠨ ᠰᠡᠷᠭᠡᠶᠢᠯᠡᠬᠦ᠂ ᠡᠷᠲᠡ ᠢᠯᠡᠷᠡᠭᠦᠯᠬᠦ᠂ ᠪᠠᠭ᠎ᠠ ᠳᠤᠨᠢ ᠰᠢᠢᠳᠪᠦᠷᠢᠯᠡᠬᠦ︾ ᠶᠢ ᠦᠨᠡᠨ ᠬᠦ ᠪᠠᠲᠤᠯᠠᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号