ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2025/3/15
   ᠨᠢᠭᠡ᠂ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ    ᠨᠢᠭᠡᠳᠦᠭᠡᠷ ᠵᠦᠢᠯ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃    ᠬᠤᠶᠠᠳᠤᠭᠠᠷ ᠵᠦᠢᠯ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠤ ᠳᠡᠰ ᠪᠣᠯᠭᠠᠨ᠎ᠠ᠃ ᠤᠴᠤᠸᠠᠨ ᠰᠢᠶᠠᠨ ᠤ ᠮᠡᠳᠡᠯᠭᠡ  ᠶᠢᠨ ᠪᠦᠲᠦᠭᠡᠭᠳᠡᠬᠦᠨ ᠤ ᠥᠮᠴᠢᠯᠡᠬᠦ ᠡᠷᠬᠡ  ᠶᠢᠨ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠪᠡ᠃    ᠭᠤᠷᠪᠠᠳᠤᠭᠠᠷ ᠵᠦᠢᠯ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠵᠢᠴᠢ ᠰᠢᠶᠠᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄    ︵ᠨᠢᠭᠡ︶ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠰᠤ ᠴᠢᠨᠠᠷ ᠢᠶᠠᠷ ᠰᠢᠶᠠᠨ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠪᠠ ᠪᠠᠷᠢᠮᠵᠢᠶᠠᠵᠢᠭᠤᠯᠬᠤ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠵᠤ᠂ ᠦᠨᠡᠨᠴᠢ ᠢᠲᠡᠭᠡᠮᠵᠢᠲᠡᠢ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃    ︵ᠬᠤᠶᠠᠷ︶ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠢᠭᠡᠳᠦᠯᠲᠡᠢ ᠪᠦᠷᠢᠳᠬᠡᠨ ᠳᠠᠩᠰᠠᠯᠠᠬᠤ ᠶᠢ ᠬᠠᠷᠢᠭᠤᠴᠠᠨ᠎ᠠ᠃ ᠡᠯ᠎ᠡ ᠲᠥᠷᠥᠯ ᠤᠨ ᠠᠵᠤ ᠠᠬᠤᠶᠢᠯᠠᠯ᠂ ᠮᠠᠯᠴᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠪᠣᠯᠣᠨ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠨᠢᠭᠡᠴᠢ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠡᠷᠬᠡ ᠣᠯᠭᠤᠭᠰᠠᠨ ᠬᠡᠪᠴᠢᠶᠡᠨ ᠳᠣᠲᠣᠷᠠᠬᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠦᠷᠢᠳᠬᠡᠨ ᠳᠠᠩᠰᠠᠯᠠᠬᠤ ᠠᠵᠢᠯ ᠢ ᠵᠢᠯᠣᠭᠤᠳᠤᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠠᠶᠢᠭᠤᠯᠵᠤ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠨᠡᠶᠢᠲᠡᠯᠡᠬᠦ ᠪᠠ ᠬᠠᠮᠲᠤ ᠳᠤ ᠪᠠᠨ ᠬᠦᠷᠲᠡᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃    ︵ᠭᠤᠷᠪᠠ︶ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠨᠢᠭᠡᠳᠦᠯᠲᠡᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠵᠤ᠂ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃    ︵ᠳᠥᠷᠪᠡ︶ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠵᠤ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠦᠢᠯᠡᠴᠢᠯᠡᠭᠡᠨ ᠤ ᠠᠵᠢᠯᠯᠠᠭ᠎ᠠ ᠶᠢ ᠬᠠᠤᠯᠢ ᠶᠣᠰᠣᠭᠠᠷ ᠬᠢᠨᠠᠨ ᠬᠠᠮᠢᠶᠠᠷᠤᠨ᠎ᠠ᠃ ᠦᠨ᠎ᠡ ᠬᠠᠩᠰᠢ ᠰᠦᠢᠳᠬᠡᠯ ᠬᠤᠷᠢᠶᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ᠂ ᠵᠦᠢ ᠪᠤᠰᠤ ᠥᠷᠢᠰᠦᠯᠳᠦᠭᠡᠨ᠂ ᠬᠠᠤᠯᠢ ᠠᠴᠠ ᠵᠥᠷᠢᠴᠡᠨ ᠰᠢᠭᠤᠳ ᠪᠣᠷᠣᠯᠠᠭᠤᠯᠬᠤ᠂ ᠳᠠᠮᠵᠢᠭᠤᠯᠤᠨ ᠪᠣᠷᠣᠯᠠᠭᠤᠯᠬᠤ᠂ ᠲᠠᠸᠠᠷ ᠤᠨ ᠲᠡᠮᠳᠡᠭ ᠤᠨ ᠲᠤᠰᠬᠠᠢ ᠠᠰᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠠᠭᠤᠷᠮᠠᠭ ᠮᠠᠭᠤ ᠦᠢᠯᠡᠳᠬᠦᠨ ᠦᠢᠯᠡᠳᠴᠦ ᠪᠣᠷᠣᠯᠠᠭᠤᠯᠤᠭᠰᠠᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠵᠠᠷ ᠮᠡᠳᠡᠭᠡ ᠶᠢᠨ ᠦᠢᠯᠡᠰ ᠤᠨ ᠬᠥᠭᠵᠢᠯᠲᠡ ᠶᠢ ᠵᠢᠯᠤᠭᠤᠳᠴᠤ᠂ ᠵᠠᠷ ᠮᠡᠳᠡᠭᠡ ᠶᠢᠨ ᠠᠵᠢᠯᠯᠠᠭ᠎ᠠ ᠶᠢ ᠬᠢᠨᠠᠨ ᠬᠠᠮᠢᠶᠠᠷᠤᠨ᠎ᠠ᠃ ᠦᠨᠡᠮᠯᠡᠯ ᠦᠭᠡᠢ ᠪᠠᠷ ᠦᠢᠯᠡᠳᠪᠦᠷᠢᠯᠡᠵᠦ ᠡᠵᠡᠩᠨᠡᠬᠦ ᠪᠠ ᠦᠨᠡᠮᠯᠡᠯ ᠦᠭᠡᠢ ᠪᠠᠷ ᠦᠢᠯᠡᠳᠪᠦᠷᠢᠯᠡᠵᠦ ᠡᠵᠡᠩᠨᠡᠬᠦ ᠬᠠᠮᠢᠶ᠎ᠠ ᠪᠦᠬᠦᠢ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠢᠯᠣᠭᠤᠳᠤᠨ᠎ᠠ᠃ ᠰᠢᠶᠠᠨ ᠤ ᠬᠡᠷᠡᠭᠯᠡᠭᠴᠢᠳ ᠤᠨ ᠨᠡᠶᠢᠭᠡᠮᠯᠢᠭ ᠤᠨ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃    ︵ᠲᠠᠪᠤ︶ᠦᠢᠯᠡᠳᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠡᠵᠡᠮᠳᠡᠬᠦ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠬᠠᠮᠢᠶᠠᠷᠴᠤ᠂ ᠪᠦᠬᠦ ᠰᠢᠶᠠᠨ ᠤ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠨᠢᠭᠡᠳᠦᠯᠲᠡᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ ᠤᠨ ᠳᠡᠰ ᠬᠤᠪᠢᠶᠠᠬᠤ ᠳᠦᠷᠢᠮ᠂ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠨ ᠤᠬᠤᠴᠢᠯᠠᠬᠤ ᠳᠦᠷᠢᠮ ᠤᠨ ᠶᠣᠰᠣᠭᠠᠷ ᠵᠣᠬᠢᠴᠠᠩᠭᠤᠢ ᠠᠵᠢᠯ ᠥᠷᠨᠢᠭᠦᠯᠦᠨ᠎ᠡ᠃ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠪᠠᠷᠢᠯᠭ᠎ᠠ ᠶᠢᠨ ᠲᠥᠬᠦᠭᠡᠷᠦᠮᠵᠢ ᠶᠢᠨ ᠶᠠᠰᠤ ᠴᠢᠨᠠᠷ ᠤᠨ ᠬᠢᠨᠠᠨ ᠬᠠᠮᠢᠶᠠᠷᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠠᠰᠤ ᠴᠢᠨᠠᠷ ᠤᠨ ᠬᠦᠨᠳᠦ ᠶᠡᠭᠡ ᠠᠳᠡᠯ ᠤᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ᠎ᠠ᠃    ︵ᠵᠢᠷᠭᠤᠭ᠎ᠠ︶ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ᠂ ᠬᠢᠨᠠᠯᠲᠠ ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠨᠧᠷᠭᠢ ᠶᠢᠨ ᠬᠤᠷᠣᠭᠳᠠᠯ ᠶᠡᠬᠡᠲᠡᠢ ᠣᠨᠴᠠ ᠲᠥᠷᠥᠯ ᠤᠨ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠪᠠ ᠵᠤᠤᠬ᠎ᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠨ᠎ᠠ᠃    ︵ᠳᠤᠯᠤᠭ᠎ᠠ︶ᠢᠳᠡᠭᠡᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠦᠴᠦᠸᠠᠨ ᠰᠢᠶᠠᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠢᠳᠡᠭᠡᠨ ᠤ ᠠᠮᠤᠷ ᠲᠦᠪᠰᠢᠨ ᠤ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠢᠳᠡᠭᠡᠨ ᠤ ᠠᠮᠤᠷ ᠲᠦᠪᠰᠢᠨ ᠤ ᠬᠦᠨᠳᠦ ᠶᠡᠭᠡ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃    ︵ᠨᠠᠢᠮᠠ︶ᠢᠳᠡᠭᠡᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠭᠡᠨ ᠤ ᠦᠢᠯᠡᠳᠪᠦᠷᠢᠯᠡᠯ᠂ ᠭᠦᠢᠯᠭᠡᠭᠡᠨ᠂ ᠬᠡᠷᠡᠭᠯᠡᠭᠡᠨ ᠤ ᠪᠦᠬᠦ ᠶᠠᠪᠤᠴᠠ ᠶᠢ ᠬᠠᠮᠤᠷᠤᠭᠰᠠᠨ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠪᠣᠯᠣᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠢᠳᠡᠭᠡᠨ ᠤ ᠠᠮᠤᠷ ᠲᠦᠪᠰᠢᠨ ᠤ ᠣᠷᠣᠨ ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠶᠢ ᠰᠡᠷᠭᠡᠶᠢᠯᠡᠨ᠎ᠡ᠃ ᠢᠳᠡᠭᠡᠨ ᠤ ᠵᠦᠢᠯ ᠤᠨ ᠦᠢᠯᠡᠳᠪᠦᠷᠢᠯᠡᠨ ᠡᠵᠡᠩᠨᠡᠭᠴᠢᠳ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠪᠠᠶᠢᠭᠤᠯᠬᠤ ᠶᠢ ᠠᠬᠢᠭᠤᠯᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠮᠥᠷᠳᠡᠨ ᠤᠬᠤᠴᠢᠯᠠᠬᠤ ᠰᠢᠰᠲ᠋ᠧᠮᠵᠢ ᠶᠢ ᠪᠦᠷᠢᠨᠰᠢᠭᠦᠯᠦᠨ᠎ᠡ᠃ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠬᠢᠨᠠᠨ ᠬᠡᠮᠵᠢᠬᠦ᠂ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠬᠦ ᠪᠠ ᠲᠦᠭᠰᠢᠭᠦᠷᠢ ᠶᠢ ᠰᠡᠷᠡᠮᠵᠢᠯᠡᠭᠦᠯᠬᠦ᠂ ᠲᠦᠭᠰᠢᠭᠦᠷᠢ ᠶᠢ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠢᠳᠡᠰᠢᠨ ᠤ ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠣᠨᠴᠠᠭᠠᠢ ᠢᠳᠡᠭᠡᠨ ᠤ ᠵᠥᠪᠰᠢᠶᠡᠷᠡᠯ᠂ ᠪᠦᠷᠢᠳᠬᠡᠨ ᠳᠠᠩᠰᠠᠯᠠᠬᠤ᠂ ᠬᠢᠨᠠᠨ ᠬᠠᠮᠢᠶᠠᠷᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠶᠢᠰᠦ︶ᠬᠡᠮᠵᠢᠯᠲᠡ ᠶᠢᠨ ᠠᠵᠢᠯ ᠢ ᠨᠢᠭᠡᠳᠦᠯᠲᠡᠢ ᠬᠠᠮᠢᠶᠠᠷᠬᠤ ᠶᠢ ᠬᠠᠷᠢᠭᠤᠴᠠᠨ᠎ᠠ᠃ ᠤᠯᠤᠰ ᠤᠨ ᠬᠡᠮᠵᠢᠯᠲᠡ ᠶᠢᠨ ᠳᠦᠷᠢᠮ ᠢ ᠨᠠᠶᠢᠳᠠᠪᠤᠷᠢᠵᠢᠭᠤᠯᠵᠤ᠂ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠢ ᠶᠢ ᠬᠡᠷᠡᠭᠵᠢᠭᠦᠯᠵᠦ᠂ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠬᠡᠮᠵᠢᠭᠳᠡᠬᠦᠨ ᠢ ᠳᠠᠮᠵᠢᠭᠤᠯᠬᠤ ᠪᠠ ᠬᠠᠷᠢᠴᠠᠭᠤᠯᠬᠤ ᠠᠵᠢᠯ ᠢ ᠬᠠᠮᠢᠶᠠᠷᠤᠨ᠎ᠠ᠃ ᠲᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ ᠬᠢᠨᠠᠯᠲᠠ ᠲᠠᠯᠪᠢᠨ᠎ᠠ᠃    ︵ᠠᠷᠪᠠ︶ᠪᠦᠬᠦ ᠰᠢᠶᠠᠨ ᠤ ᠪᠠᠷᠢᠮᠵᠢᠶᠠᠵᠢᠭᠤᠯᠬᠤ ᠠᠵᠢᠯ ᠢ ᠨᠢᠭᠡᠳᠦᠯᠲᠡᠢ ᠬᠠᠮᠢᠶᠠᠷᠬᠤ ᠪᠠ ᠵᠢᠯᠤᠭᠤᠳᠬᠤ ᠶᠢ ᠬᠠᠷᠢᠭᠤᠴᠠᠨ᠎ᠠ᠃ ᠪᠠᠷᠢᠮᠵᠢᠶ᠎ᠠ ᠶᠢ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠪᠠᠶᠢᠴᠠᠭᠠᠵᠤ᠂ ᠤᠯᠠᠨ ᠤᠯᠤᠰ ᠤᠨ ᠪᠠᠷᠢᠮᠵᠢᠶ᠎ᠠ ᠪᠣᠯᠣᠨ ᠭᠠᠳᠠᠭᠠᠳᠤ ᠶᠢᠨ ᠲᠡᠷᠢᠭᠦᠨ ᠤ ᠪᠠᠷᠢᠮᠵᠢᠶ᠎ᠠ ᠶᠢ ᠬᠡᠷᠡᠭᠯᠡᠬᠦ ᠶᠢ ᠬᠡᠷᠡᠭᠵᠢᠭᠦᠯᠵᠦ᠂ ᠬᠠᠷᠢᠶ᠎ᠠ ᠣᠷᠣᠨ ᠤ ᠲᠠᠸᠠᠷ ᠢ ᠨᠣᠮᠧᠷᠯᠠᠬᠤ ᠠᠵᠢᠯ ᠢ ᠬᠠᠮᠢᠶᠠᠷᠴᠤ᠂ ᠪᠦᠯᠬᠦᠮ ᠤᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠬᠤ ᠠᠵᠢᠯ ᠢ ᠬᠠᠤᠯᠢ ᠶᠣᠰᠣᠭᠠᠷ ᠵᠣᠬᠢᠴᠠᠭᠤᠯᠤᠨ ᠵᠢᠯᠤᠭᠤᠳᠬᠤ ᠪᠠ ᠬᠢᠨᠠᠯᠲᠠ ᠲᠠᠯᠪᠢᠨ᠎ᠠ᠃    ︵ᠠᠷᠪᠠᠨ ᠨᠢᠭᠡ︶ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠠᠵᠢᠯ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠵᠠᠬ᠎ᠠ ᠳᠡᠯᠭᠡᠭᠦᠷ ᠢ ᠵᠢᠷᠤᠮᠵᠢᠭᠤᠯᠵᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠦᠨ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠠᠵᠢᠯ ᠲᠥᠷᠥᠯ ᠤᠨ ᠬᠥᠭᠵᠢᠯᠲᠡ ᠶᠢ ᠵᠢᠯᠣᠭᠤᠳᠤᠨ ᠵᠣᠬᠢᠴᠠᠭᠤᠯᠤᠨ᠎ᠠ᠃ ᠪᠥᠬᠦ ᠰᠢᠶᠠᠨ ᠤ ᠭᠡᠷᠡᠴᠢᠯᠡᠨ ᠮᠡᠳᠡᠷᠡᠬᠦ ᠠᠵᠢᠯ ᠢ ᠬᠢᠨᠠᠨ ᠬᠠᠮᠢᠶᠠᠷᠴᠤ ᠵᠣᠬᠢᠴᠠᠭᠤᠯᠬᠤ ᠶᠢ ᠬᠠᠷᠢᠭᠤᠴᠠᠵᠤ᠂ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠬᠠᠮᠢᠶ᠎ᠠ ᠪᠦᠬᠦᠢ ᠭᠡᠷᠡᠴᠢᠯᠡᠨ ᠵᠥᠪᠰᠢᠶᠡᠷᠡᠬᠦ ᠪᠠ ᠬᠢᠷᠢ ᠲᠡᠩᠴᠡᠭᠰᠡᠨ ᠢ ᠦᠨᠡᠯᠡᠨ ᠲᠣᠭᠲᠠᠭᠠᠵᠤ ᠬᠢᠨᠠᠨ ᠬᠠᠮᠢᠶᠠᠷᠬᠤ ᠵᠡᠷᠭᠡ ᠠᠵᠢᠯ ᠢ ᠡᠭᠦᠷᠭᠡᠯᠡᠨ᠎ᠡ᠃    ︵ᠠᠷᠪᠠᠨ ᠬᠤᠶᠠᠷ︶ᠪᠦᠬᠦ ᠰᠢᠶᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠠᠵᠢᠯ ᠢ ᠬᠠᠷᠢᠭᠤᠴᠠᠨ᠎ᠠ᠃ ᠰᠢᠶᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠲᠤᠭᠤᠷᠪᠢᠨ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠰᠢᠰᠲ᠋ᠧᠮᠵᠢ ᠶᠢ ᠪᠠᠶᠢᠭᠤᠯᠬᠤ ᠲᠥᠰᠥᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠠ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠲᠠᠸᠠᠷ ᠤᠨ ᠲᠡᠮᠳᠡᠭ ᠤᠨ ᠲᠤᠰᠬᠠᠢ ᠠᠰᠢᠭ ᠤᠨ ᠬᠠᠤᠯᠢ ᠬᠡᠷᠡᠭᠵᠢᠭᠦᠯᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠠᠷᠭᠤᠯᠳᠤᠭᠠᠨ ᠢ ᠰᠢᠢᠳᠪᠦᠷᠢᠯᠡᠬᠦ᠂ ᠡᠷᠬᠡ ᠪᠠᠨ ᠬᠠᠮᠠᠭᠠᠯᠠᠬᠤ ᠳᠤ ᠲᠤᠰᠠᠯᠠᠬᠤ ᠪᠠ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠠᠵᠢᠯ ᠢ ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃    ︵ᠠᠷᠪᠠᠨ ᠭᠤᠷᠪᠠ︶ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠢ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠨ᠎ᠡ᠃ ᠡᠯ᠎ᠡ ᠭᠠᠵᠠᠷ ᠤᠨ ᠬᠤᠪᠢ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠯᠬᠦᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃    ︵ᠠᠷᠪᠠᠨ ᠳᠥᠷᠪᠡ︶ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ ᠢ ᠬᠠᠷᠢᠭᠤᠴᠠᠨ᠎ᠠ᠃    ︵ᠠᠷᠪᠠᠨ ᠲᠠᠪᠤ︶ᠤᠯᠤᠰ ᠤᠨ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ᠂ ᠵᠠᠰᠠᠯ ᠴᠢᠮᠡᠭ ᠤᠨ ᠣᠨ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠳᠦᠷᠢᠮ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠬᠢᠨᠠᠯᠲᠠ ᠲᠠᠯᠪᠢᠵᠤ ᠬᠠᠮᠢᠶᠠᠷᠬᠤ ᠲᠥᠷᠥ ᠶᠢᠨ ᠪᠣᠳᠣᠯᠭ᠎ᠠ ᠶᠢᠨ ᠲᠥᠯᠦᠪᠵᠢᠭᠦᠯᠭᠡ ᠶᠢ ᠲᠣᠭᠲᠠᠭᠠᠵᠤ᠂ ᠰᠠᠯᠠᠭ᠎ᠠ ᠮᠥᠴᠢᠷ ᠤᠨ ᠳᠦᠷᠢᠮ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠡᠮ ᠤᠨ ᠵᠦᠢᠯ (ᠮᠣᠩᠭᠤᠯ ᠡᠮ᠂ ᠬᠢᠲᠠᠳ ᠡᠮ ᠵᠡᠷᠭᠡ ᠦᠨᠳᠦᠰᠦᠲᠡᠨ ᠤ ᠡᠮ ᠢ ᠬᠠᠷᠢᠭᠤᠴᠠᠵᠤ᠂ ᠳᠣᠷᠣᠭᠰᠢ ᠠᠳᠠᠯᠢ︶ ᠡᠮᠴᠢᠯᠡᠭᠡᠨ ᠤ ᠮᠠᠰᠢᠨ ᠪᠣᠯᠣᠨ ᠵᠠᠰᠠᠯ ᠴᠢᠮᠡᠭ ᠤᠨ ᠪᠦᠲᠦᠭᠡᠭᠳᠡᠬᠦᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠭᠤᠴᠠᠨ᠎ᠠ᠃ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠦᠢᠯᠡᠳᠪᠦᠷᠢᠯᠡᠬᠦ᠂ ᠡᠵᠡᠩᠨᠡᠬᠦ ᠪᠠ ᠬᠡᠷᠡᠭᠯᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠵᠢᠴᠢ ᠵᠠᠰᠠᠯ ᠴᠢᠮᠡᠭ ᠤᠨ ᠣᠨ ᠤᠨ ᠦᠢᠯᠡᠳᠪᠦᠷᠢᠯᠡᠯ ᠡᠵᠡᠩᠨᠡᠯᠲᠡ᠂ ᠬᠡᠷᠡᠭᠯᠡᠯᠲᠡ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ ᠲᠣᠭᠲᠠᠭᠠᠯ ᠢ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠵᠢᠴᠢ ᠵᠠᠰᠠᠯ ᠴᠢᠮᠡᠭ ᠤᠨ ᠣᠨ ᠤᠨ ᠬᠢᠨᠠᠯᠲᠠ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠤᠯᠤᠰ ᠤᠨ ᠦᠨᠳᠦᠰᠦᠨ ᠡᠮ ᠤᠨ ᠳᠦᠷᠢᠮ ᠢ ᠬᠡᠷᠡᠭᠵᠢᠭᠦᠯᠦᠨ᠎ᠡ᠃ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠪᠣᠯᠣᠨ ᠵᠠᠰᠠᠯ ᠴᠢᠮᠡᠭ ᠤᠨ ᠣᠨ ᠤᠨ ᠵᠠᠬ᠎ᠠ ᠳᠡᠯᠭᠡᠭᠦᠷ ᠲᠤ ᠭᠠᠷᠤᠭᠰᠠᠨ ᠤ ᠳᠠᠷᠠᠭᠠᠬᠢ ᠲᠦᠭᠰᠢᠭᠦᠷᠢ ᠶᠢᠨ ᠬᠠᠮᠢᠶᠠᠷᠤᠯᠲᠠ ᠶᠢ ᠬᠠᠷᠢᠭᠤᠴᠠᠵᠤ᠂ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠪᠣᠯᠣᠨ ᠵᠠᠰᠠᠯ ᠴᠢᠮᠡᠭ ᠤᠨ ᠣᠨ ᠤᠨ ᠮᠠᠭᠤ ᠲᠤᠰᠬᠠᠯ᠂ ᠬᠡᠷᠡᠭ ᠢ ᠬᠢᠨᠠᠨ ᠬᠡᠮᠵᠢᠬᠦ᠂ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠪᠣᠯᠣᠨ ᠵᠠᠰᠠᠯ ᠴᠢᠮᠡᠭ ᠤᠨ ᠣᠨ ᠤᠨ ᠠᠶᠤᠯ ᠦᠭᠡᠢ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃    ︵ᠠᠷᠪᠠᠨ ᠵᠢᠷᠭᠤᠭ᠎ᠠ︶ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢ ᠬᠠᠮᠢᠶᠠᠷᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶ᠎ᠠ ᠪᠦᠬᠦᠢ ᠡᠯ᠎ᠡ ᠵᠦᠢᠯ ᠤᠨ ᠠᠵᠢᠯ ᠢ ᠡᠭᠦᠷᠭᠡᠯᠡᠨ᠎ᠡ᠃    ︵ᠠᠷᠪᠠᠨ ᠳᠣᠯᠤᠭ᠎ᠠ︶ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃    ︵ᠠᠷᠪᠠᠨ ᠨᠠᠶᠢᠮᠠ︶ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ᠳᠥᠷᠪᠡᠳᠦᠭᠡᠷ ᠵᠦᠢᠯ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ    ︵ᠨᠢᠭᠡ︶ᠶᠠᠰᠤ ᠴᠢᠨᠠᠷ ᠤᠨ ᠳᠡᠰ ᠳᠡᠪᠰᠢᠬᠦ ᠶᠢ ᠶᠡᠭᠡ ᠪᠠᠷ ᠠᠬᠢᠭᠤᠯᠤᠨ᠎ᠠ᠃ ᠶᠠᠰᠤ ᠴᠢᠨᠠᠷ ᠤᠨ ᠪᠦᠬᠦ ᠲᠠᠯ᠎ᠠ ᠶᠢᠨ ᠬᠠᠮᠢᠶᠠᠷᠤᠯᠲᠠ ᠪᠠ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠶᠠᠰᠤ ᠴᠢᠨᠠᠷ ᠤᠨ ᠤᠷᠮᠠᠰᠢᠭᠤᠯᠬᠤ ᠳᠦᠷᠢᠮ  ᠢ ᠲᠡᠭᠦᠯᠳᠡᠷᠵᠢᠭᠦᠯᠦᠨ᠂ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠠᠵᠤ ᠠᠬᠤᠶᠢᠯᠠᠯ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠳᠡᠯ ᠤᠨ ᠠᠯᠪᠠᠳᠡᠨ ᠮᠡᠳᠡᠭᠦᠯᠬᠦ ᠳᠦᠷᠢᠮ ᠵᠢᠴᠢ ᠡᠵᠡᠩᠨᠡᠭᠴᠢ ᠠᠴᠠ ᠤᠷᠢᠳᠠᠪᠠᠷ ᠠᠰᠠᠭᠤᠬᠤ ᠪᠠ ᠲᠥᠯᠥᠵᠦ ᠥᠭᠬᠦ ᠶᠢ ᠤᠷᠢᠳᠠᠪᠠᠷ ᠥᠭᠬᠦ ᠳᠦᠷᠢᠮ ᠢ ᠨᠠᠶᠢᠳᠠᠪᠤᠷᠢᠵᠢᠭᠤᠯᠵᠤ᠂ ᠭᠤᠷᠪᠠᠳᠠᠭᠢ ᠡᠲᠡᠭᠡᠳ ᠤᠨ ᠶᠠᠰᠤ ᠴᠢᠨᠠᠷ ᠤᠨ ᠦᠨᠡᠯᠡᠯᠲᠡ ᠶᠢᠨ ᠰᠢᠨ᠎ᠡ ᠶᠢ ᠡᠭᠦᠳᠴᠦ᠂ ᠦᠢᠯᠡᠳᠪᠦᠷᠢᠯᠡᠵᠦ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠳᠡᠯᠭᠡᠷᠡᠭᠦᠯᠦᠨ᠎ᠡ᠃ ᠠᠵᠤ ᠠᠬᠤᠶᠢᠯᠠᠯ ᠤᠨ ᠦᠢᠯᠡᠳᠬᠦᠨ ᠬᠢᠭᠡᠳ ᠦᠢᠯᠡᠴᠢᠯᠡᠭᠡᠨ ᠤ ᠪᠠᠷᠢᠮᠵᠢᠶ᠎ᠠ ᠶᠢᠨ ᠥᠪᠡᠷ ᠢᠶᠠᠨ ᠢᠯᠡᠷᠬᠡᠶᠢᠯᠡᠨ ᠢᠯᠡ ᠪᠣᠯᠭᠠᠬᠤ ᠪᠠ ᠬᠢᠨᠠᠯᠲᠠ ᠲᠠᠯᠪᠢᠬᠤ ᠳᠦᠷᠢᠮ  ᠢ ᠪᠦᠬᠦ ᠲᠠᠯ᠎ᠠ ᠪᠠᠷ ᠬᠡᠷᠡᠭᠵᠢᠭᠦᠯᠵᠦ᠂ ᠮᠡᠷᠭᠡᠵᠢᠯ  ᠨᠢ ᠲᠡᠷᠢᠭᠦᠨ ᠤ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠪᠣᠶᠢᠵᠢᠭᠤᠯᠤᠨ ᠬᠥᠭᠵᠢᠭᠦᠯᠵᠦ᠂ ᠪᠠᠷᠢᠮᠵᠢᠶᠠᠵᠢᠭᠤᠯᠤᠯᠲᠠ ᠪᠠᠷ ᠶᠠᠰᠤ ᠴᠢᠨᠠᠷ ᠢᠶᠠᠷ ᠰᠢᠶᠠᠨ  ᠢ ᠬᠦᠴᠦᠷᠬᠡᠭᠵᠢᠭᠦᠯᠬᠦ ᠶᠢ ᠠᠬᠢᠭᠤᠯᠤᠨ᠎ᠠ᠃ ᠰᠢᠶᠠᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠪᠣᠳᠠᠲᠠᠢ ᠠᠵᠢᠯ ᠢ ᠡᠭᠦᠷᠭᠡᠯᠡᠨ᠎ᠡ᠃    ︵ᠬᠤᠶᠠᠷ︶ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠢ ᠠᠬᠢᠭᠤᠯᠤᠨ᠎ᠠ᠃ ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠨᠡᠷᠡᠶᠢᠳᠦᠯ ᠢ ᠬᠢᠨᠠᠨ ᠵᠥᠪᠰᠢᠶᠡᠷᠡᠬᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠴᠠᠭᠠᠨ ᠭᠠᠷᠭᠠᠬᠤ ᠵᠡᠷᠭᠡ ᠳᠦᠷᠢᠮ ᠳᠤ ᠥᠭᠡᠷᠡᠴᠢᠯᠡᠯᠲᠡ ᠬᠢᠵᠦ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠦᠨᠡᠮᠯᠡᠯ ᠠᠪᠤᠭᠰᠠᠨ ᠤ ᠳᠠᠷᠠᠭ᠎ᠠ ᠦᠨᠡᠮᠯᠡᠯ ᠢ ᠬᠠᠰᠤᠬᠤ︾ ᠶᠢ ᠠᠬᠢᠭᠤᠯᠵᠤ᠂ ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ ᠢ ᠪᠠᠭᠠᠰᠬᠠᠨ᠎ᠠ᠃ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠵᠠᠬ᠎ᠠ ᠳᠡᠯᠭᠡᠭᠦᠷᠴᠢᠯᠡᠬᠦ ᠨᠡᠶᠢᠭᠡᠮᠴᠢᠯᠡᠬᠦ ᠥᠭᠡᠷᠡᠴᠢᠯᠡᠯᠲᠡ ᠶᠢ ᠲᠦᠷᠭᠡᠳᠬᠡᠨ᠂ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠦᠭᠦᠯᠬᠦ᠂ ᠮᠠᠭᠠᠳᠯᠠᠨ ᠲᠣᠭᠲᠠᠭᠠᠵᠤ ᠱᠠᠩᠨᠠᠬᠤ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠵᠡᠷᠭᠡ ᠠᠵᠢᠯᠯᠠᠭ᠎ᠠ ᠶᠢ ᠪᠠᠭᠠᠰᠬᠠᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠪᠠᠭᠠᠰᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠤᠨ᠎ᠠ᠃    ︵ᠭᠤᠷᠪᠠ︶ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ︽ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠢᠳᠬᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠢ ᠵᠢᠷᠤᠮᠯᠠᠨ᠂ ᠢᠳᠡᠭᠡᠨ ᠤ ᠠᠮᠤᠷ ᠲᠦᠪᠰᠢᠨ᠂ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢ ᠴᠢᠩᠭᠠᠷᠠᠭᠤᠯᠤᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠰᠢᠳᠭᠡᠵᠦ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠂ ᠠᠷᠠᠳ ᠣᠯᠠᠨ ᠢ ᠰᠠᠨᠠᠭ᠎ᠠ ᠠᠮᠤᠷ ᠬᠤᠳᠠᠯᠳᠤᠨ ᠠᠪᠤᠭᠤᠯᠵᠤ᠂ ᠰᠠᠨᠠᠭ᠎ᠠ ᠠᠮᠤᠷ ᠬᠡᠷᠡᠭᠯᠡᠭᠦᠯᠵᠦ᠂ ᠰᠠᠨᠠᠭ᠎ᠠ ᠠᠮᠤᠷ ᠢᠳᠡᠭᠦᠯᠦᠨ᠎ᠡ᠃    ︵ᠳᠥᠷᠪᠡ︶ᠬᠡᠷᠡᠭ ᠤᠨ ᠳᠤᠮᠳᠠ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠢᠭᠡᠳᠦᠯᠲᠡᠢ ᠵᠠᠬ᠎ᠠ ᠳᠡᠯᠭᠡᠭᠦᠷ ᠪᠠ ᠭᠤᠣᠯᠴᠢ ᠪᠠᠷ ᠥᠷᠢᠰᠦᠯᠳᠦᠬᠦ ᠶᠢ ᠬᠠᠷᠰᠢᠯᠠᠬᠤ ᠡᠯ᠎ᠡ ᠵᠦᠢᠯ ᠤᠨ ᠲᠣᠭᠲᠠᠭᠠᠯ ᠪᠠ ᠠᠷᠭ᠎ᠠ ᠬᠢᠳᠡᠯ ᠢ ᠲᠦᠷᠭᠡᠪᠴᠢᠯᠡᠨ ᠢᠯᠭᠠᠷᠠᠭᠤᠯᠤᠨ ᠬᠦᠴᠦᠨ ᠦᠭᠡᠢ ᠪᠣᠯᠭᠠᠵᠤ᠂ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠨᠢᠭᠡᠳᠦᠯᠲᠡᠢ ᠬᠠᠤᠯᠢ ᠶᠢ ᠨᠢᠭᠡᠳᠦᠯᠲᠡᠢ ᠬᠡᠷᠡᠭᠵᠢᠭᠦᠯᠦᠨ᠎ᠡ᠃ ᠪᠠᠷᠢᠮᠵᠢᠶ᠎ᠠ ᠪᠠᠷ ᠬᠢᠨᠠᠨ ᠬᠠᠮᠢᠶᠠᠷᠬᠤ ᠶᠢ ᠴᠢᠩᠭᠠᠷᠠᠭᠤᠯᠵᠤ᠂ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠪᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠲᠦᠷᠭᠡᠳᠬᠡᠨ ᠠᠬᠢᠭᠤᠯᠵᠤ᠂ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠᠷ ᠠᠷᠭ᠎ᠠ ᠪᠠᠷᠢᠯ ᠪᠣᠯᠭᠠᠭᠰᠠᠨ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃    ︵ᠲᠠᠪᠤ︶ᠦᠶ᠋ᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠡᠷᠡᠭᠯᠡᠭᠴᠢᠳ ᠤᠨ ᠵᠠᠭᠠᠯᠳᠤᠯᠭ᠎ᠠ᠂ ᠶᠠᠰᠤ ᠴᠢᠨᠠᠷ ᠲᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ᠂ ᠢᠳᠡᠭᠡᠨ ᠪᠠ ᠡᠮ ᠤᠨ ᠵᠦᠢᠯ ᠤᠨ ᠵᠠᠭᠠᠯᠳᠤᠯᠭ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠭᠠᠯᠳᠤᠯᠭ᠎ᠠ᠂ ᠦᠨ᠎ᠡ ᠬᠠᠩᠰᠢ ᠶᠢᠨ ᠢᠯᠡᠴᠢᠯᠡᠨ ᠮᠡᠳᠡᠭᠦᠯᠬᠦ ᠲᠤᠰᠬᠠᠢ ᠱᠤᠭᠤᠮ ᠢ ᠡᠮᠬᠢᠯᠡᠨ ᠨᠡᠶᠢᠯᠡᠭᠦᠯᠬᠦ ᠶᠢ ᠲᠦᠷᠭᠡᠳᠬᠡᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠥᠪᠰᠢᠶᠡᠷᠡᠨ ᠣᠷᠣᠭᠤᠯᠬᠤ ᠠᠴᠠ ᠤᠬᠤᠷᠢᠨ ᠭᠠᠷᠬᠤ ᠬᠦᠷᠲᠡᠯᠡᠬᠢ ᠪᠥᠬᠦ ᠶᠠᠪᠤᠴᠠ ᠶᠢ ᠳᠥᠭᠦᠮᠴᠢᠯᠡᠬᠦ ᠶᠢ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠰᠢᠨ᠎ᠡ ᠮᠡᠷᠭᠡᠵᠢᠯ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠤᠨ ᠬᠥᠭᠵᠢᠯᠲᠡ ᠳᠤ ᠦᠢᠯᠡᠴᠢᠯᠡᠵᠦ᠂ ᠲᠣᠮᠣ ᠳ᠋ᠠᠶᠢᠲ᠋ᠠ ᠶᠢ ᠠᠰᠢᠭᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠳᠠᠬᠢ ᠦᠢᠯᠡᠴᠢᠯᠡᠭᠡ ᠶᠢ ᠴᠢᠩᠭᠠᠳᠬᠠᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠪᠠ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠢᠳᠡᠪᠬᠢᠲᠡᠢ ᠦᠢᠯᠡᠴᠢᠯᠡᠵᠦ᠂ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠰᠢᠨ᠎ᠡ ᠶᠢ ᠡᠭᠦᠳᠬᠦ ᠶᠢ ᠠᠬᠢᠭᠤᠯᠤᠨ᠎ᠠ᠃    ︵ᠵᠢᠷᠭᠤᠭ᠎ᠠ︶ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠴᠤᠪᠤᠷᠠᠯ ᠢ ᠨᠢ ᠰᠢᠯᠢᠳᠡᠭᠵᠢᠭᠦᠯᠦᠨ᠂ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢ ᠪᠦᠲᠦᠮᠵᠢᠲᠡᠶ ᠪᠠᠷ ᠠᠰᠢᠭᠯᠠᠬᠤ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠲᠦᠷᠭᠡᠳᠬᠡᠨ ᠪᠠᠶᠢᠭᠤᠯᠵᠤ᠂ ᠪᠦᠬᠦ ᠪᠥᠮᠪᠥᠷᠴᠡᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢ ᠬᠤᠷᠠᠮᠳᠤᠭᠤᠯᠤᠨ᠂ ᠠᠵᠤ ᠦᠢᠯᠡᠰ ᠤᠨ ᠬᠦᠷᠢᠶ᠎ᠡ ᠴᠠᠷᠠᠭ᠎ᠠ ᠪᠠᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠮᠴᠢᠯᠠᠬᠤ ᠶᠢ ᠴᠢᠩᠭᠠᠳᠬᠠᠵᠤ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠳᠤ ᠳᠥᠭᠦᠮ ᠳᠥᠲᠡ ᠪᠠᠶᠢᠴᠠᠭᠠᠨ ᠯᠠᠪᠯᠠᠬᠤ ᠪᠠ ᠠᠰᠠᠭᠤᠨ ᠯᠠᠪᠯᠠᠬᠤ ᠵᠡᠷᠭᠡ ᠦᠢᠯᠡᠴᠢᠯᠡᠭᠡ ᠬᠠᠩᠭᠠᠵᠤ᠂ ᠮᠡᠳᠡᠭᠡ ᠵᠠᠩᠭᠢ ᠶᠢ ᠦᠨ᠎ᠡ ᠲᠥᠯᠥᠪᠦᠷᠢ ᠦᠭᠡᠢ ᠪᠤᠶᠤ ᠳᠣᠣᠷ᠎ᠠ ᠥᠪᠡᠷ ᠤᠨ ᠥᠷᠲᠡᠭ ᠢᠶᠠᠷ ᠨᠡᠭᠡᠭᠡᠬᠦ ᠶᠢ ᠪᠡᠶᠡᠯᠡᠭᠦᠯᠦᠨ᠂ ᠪᠦᠬᠦ ᠨᠡᠶᠢᠭᠡᠮ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠲᠠᠸᠠᠷ ᠤᠨ ᠲᠡᠮᠳᠡᠭ ᠢ ᠵᠠᠪᠳᠤᠨ ᠳᠠᠩᠰᠠᠯᠠᠬᠤ᠂ ᠬᠡᠪ ᠤᠨ ᠪᠤᠰᠤ ᠲᠤᠰᠬᠠᠢ ᠠᠰᠢᠭ ᠭᠤᠶᠤᠴᠢᠯᠠᠬᠤ ᠵᠡᠷᠭᠡ ᠦᠢᠯᠡ ᠠᠵᠢᠯᠯᠠᠭ᠎ᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠸᠠᠷ ᠤᠨ ᠲᠡᠮᠳᠡᠭ ᠳᠠᠩᠰᠠᠯᠠᠭᠤᠯᠬᠤ ᠪᠠ ᠲᠤᠰᠬᠠᠢ ᠠᠰᠢᠭ ᠭᠤᠶᠤᠴᠢᠯᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠡᠷᠬᠡᠲᠦ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃    ᠲᠠᠪᠤᠳᠤᠭᠠᠷ ᠵᠦᠢᠯ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ    ︵ᠨᠢᠭᠡ︶ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠠᠵᠢᠯ ᠢ ᠵᠣᠯᠭᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠪᠠᠶᠢᠬᠤ ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠴᠠᠭ ᠲᠤᠬᠠᠢ ᠳᠤᠨᠢ ᠰᠢᠯᠵᠢᠭᠦᠯᠦᠨ ᠬᠦᠷᠭᠡᠬᠦ ᠬᠡᠷᠡᠭᠲᠡᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠦᠳᠲᠡᠷ ᠲᠦᠷᠭᠡᠨ ᠬᠢᠨᠠᠨ ᠪᠠᠶᠢᠴᠠᠭᠠᠬᠤ ᠶᠢᠨ ᠬᠠᠮᠲᠤ ᠬᠡᠷᠡᠭ ᠪᠣᠯᠭᠠᠨ ᠳᠠᠩᠰᠠᠯᠠᠬᠤ ᠪᠤᠶᠤ ᠬᠡᠷᠡᠭ ᠪᠣᠯᠭᠠᠨ ᠳᠠᠩᠰᠠᠯᠠᠬᠤ ᠦᠭᠡᠢ ᠲᠣᠭᠲᠠᠭᠠᠯ ᠢ ᠬᠠᠤᠯᠢ ᠶᠣᠰᠣᠭᠠᠷ ᠭᠠᠷᠭᠠᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠰᠢᠯᠭᠠᠨ ᠪᠠᠶᠢᠴᠠᠭᠠᠯᠭᠠᠬᠤ᠂ ᠰᠢᠯᠭᠠᠨ ᠲᠣᠭᠲᠠᠭᠠᠯᠭᠠᠬᠤ᠂ ᠦᠨᠡᠮᠰᠢᠭᠦᠯᠬᠦ ᠵᠡᠷᠭᠡ ᠲᠠᠯ᠎ᠠ ᠪᠠᠷ ᠬᠠᠮᠵᠢᠭᠤᠯᠬᠤ ᠪᠠᠷ ᠬᠠᠤᠯᠢ ᠶᠣᠰᠣᠭᠠᠷ ᠳᠡᠪᠰᠢᠭᠦᠯᠦᠭᠰᠡᠨ ᠪᠠᠶᠢᠪᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠠᠮᠵᠢᠯᠴᠠᠨ᠎ᠠ᠃    ︵ᠬᠤᠶᠠᠷ︶ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ  ᠯᠤᠭ᠎ᠠ ᠬᠤᠯᠪᠣᠭᠳᠠᠬᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠰᠢᠶᠠᠨ ᠤ ᠲᠠᠷᠢᠶᠠᠯᠠᠩ ᠮᠠᠯ ᠠᠵᠤ ᠠᠬᠤᠢ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠠᠷᠢᠵᠤ ᠲᠡᠵᠢᠭᠡᠨ ᠦᠷᠡᠵᠢᠭᠦᠯᠬᠦ ᠭᠤᠭᠴᠤᠭ᠎ᠠ ᠠᠴᠠ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠪᠤᠶᠤ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠳᠤ ᠣᠷᠣᠬᠤ ᠠᠴᠠ ᠡᠮᠦᠨᠡᠬᠢ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠪᠤᠶᠤ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠳᠤ ᠣᠷᠣᠭᠤᠯᠤᠭᠰᠠᠨ ᠤ ᠳᠠᠷᠠᠭ᠎ᠠ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠢᠨᠠᠯᠲᠠ ᠲᠠᠯᠪᠢᠵᠤ ᠬᠠᠮᠢᠶᠠᠷᠤᠨ᠎ᠠ᠃    ᠰᠢᠶᠠᠨ ᠤ ᠲᠠᠷᠢᠶᠠᠯᠠᠩ ᠮᠠᠯ ᠠᠵᠤ ᠠᠬᠤᠢ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠮᠢᠲᠠᠨ ᠤᠷᠭᠤᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠮᠠᠯ ᠵᠢᠭᠦᠷᠲᠡᠨ ᠨᠢᠲᠤᠯᠬᠤ ᠭᠤᠭᠴᠤᠭ᠎ᠠ᠂ ᠲᠦᠭᠦᠬᠡᠢ ᠰᠦ ᠬᠤᠳᠠᠯᠳᠤᠨ ᠠᠪᠬᠤ ᠵᠠᠩᠭᠢᠯᠠᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    ᠬᠤᠶᠠᠷ ᠰᠠᠯᠠᠭ᠎ᠠ ᠮᠥᠴᠢᠷ ᠤᠳ ᠢᠳᠡᠭᠡᠨ ᠤ ᠠᠶᠤᠯ ᠦᠭᠡᠢ ᠶᠢᠨ ᠭᠠᠷᠤᠯᠲᠠ ᠶᠢᠨ ᠣᠷᠣᠨ ᠠᠴᠠ ᠭᠠᠷᠭᠠᠬᠤ ᠶᠢ ᠵᠥᠪᠰᠢᠶᠡᠷᠡᠬᠦ᠂ ᠵᠠᠬ᠎ᠠ ᠳᠡᠯᠭᠡᠭᠦᠷ ᠲᠤ ᠣᠷᠣᠭᠤᠯᠬᠤ ᠶᠢ ᠵᠥᠪᠰᠢᠶᠡᠷᠡᠬᠦ ᠪᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ᠂ ᠵᠣᠬᠢᠴᠠᠭᠤᠯᠤᠨ ᠬᠠᠮᠵᠢᠯᠴᠠᠬᠤ ᠪᠠ ᠠᠵᠢᠯ ᠤᠨ ᠵᠣᠯᠭᠠᠭᠤᠯᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠨᠡᠶᠢᠯᠡᠯ ᠬᠦᠴᠦᠨ ᠢ ᠪᠣᠶ ᠪᠣᠯᠭᠠᠨ᠎ᠠ᠃    ︵ᠭᠤᠷᠪᠠ︶ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠤᠯᠪᠣᠭᠳᠠᠬᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠬᠠᠷᠢᠭᠤᠴᠠᠵᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠪᠤᠶᠤ ᠢᠯᠡᠴᠢᠯᠡᠨ ᠮᠡᠳᠡᠭᠦᠯᠦᠯᠲᠡ ᠶᠢ ᠣᠯᠵᠤ ᠮᠡᠳᠡᠪᠡᠯ ᠢᠳᠡᠭᠡᠨ ᠳᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠮᠡᠳᠡᠬᠦ ᠶᠢ ᠣᠯᠵᠤ ᠮᠡᠳᠡᠪᠡᠯ᠂ ᠲᠡᠷᠡ ᠳᠠᠷᠤᠢ ᠳᠤᠨᠢ ᠵᠣᠬᠢᠶᠠᠨ ᠪᠠᠶᠢᠭᠤᠯᠤᠨ ᠰᠢᠯᠭᠠᠨ ᠪᠠᠶᠢᠴᠠᠭᠠᠬᠤ ᠪᠠ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠴᠠᠭ ᠲᠤᠬᠠᠢ ᠳᠤᠨᠢ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠢ ᠵᠠᠷᠯᠠᠨ ᠮᠡᠳᠡᠭᠳᠡᠵᠦ᠂ ᠠᠮᠤᠷ ᠲᠦᠪᠰᠢᠨ ᠤ ᠳ᠋ᠦᠩᠨᠡᠯᠲᠡ ᠭᠠᠷᠭᠠᠭᠰᠠᠨ ᠦᠭᠡᠢ ᠢᠳᠡᠭᠡᠨ ᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠡᠷᠡ ᠳᠠᠷᠤᠢ ᠳᠤᠨᠢ ᠠᠷᠭ᠎ᠠ ᠬᠡᠮᠵᠢᠶ᠎ᠡ ᠠᠪᠤᠨ᠎ᠠ᠃ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠ ᠪᠠᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠬᠢᠬᠦ ᠴᠢᠬᠤᠯᠠᠲᠠᠢ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠢ ᠳᠤᠨᠢ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠰᠠᠨᠠᠭᠤᠯᠭ᠎ᠠ ᠳᠤᠷᠠᠳᠤᠨ᠎ᠠ᠃    ︵ᠳᠥᠷᠪᠡ︶ ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︵ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ ᠲᠠᠢ ᠫᠠᠶᠢᠰᠠ ᠡᠯᠭᠦᠪᠡ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠰᠢᠶᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠠᠴᠠ ᠭᠠᠳᠠᠭᠠᠳᠤ ᠲᠠᠢ ᠬᠤᠯᠪᠣᠭᠳᠠᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠠᠪᠤᠳᠠᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠵᠤ ᠠᠬᠤᠢ ᠠᠷᠠᠯᠵᠢᠶ᠎ᠠ ᠯᠤᠭ᠎ᠠ ᠬᠤᠯᠪᠣᠭᠳᠠᠬᠤ ᠣᠯᠠᠨ ᠲᠠᠯᠠᠲᠤ ᠪᠠ ᠬᠤᠶᠠᠷ ᠲᠠᠯᠠᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠭᠠᠳᠠᠭᠠᠳᠤ ᠬᠡᠯᠡᠯᠴᠡᠭᠡ᠂ ᠬᠤᠶᠠᠷ ᠲᠠᠯ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠲᠤᠷᠠᠯᠴᠠᠭᠠᠨ ᠤ ᠵᠥᠪᠳᠡᠯᠴᠡᠬᠦ ᠲᠣᠭᠲᠠᠴᠠ ᠵᠡᠷᠭᠡ ᠠᠵᠢᠯ ᠢ ᠬᠠᠷᠢᠭᠤᠴᠠᠨ᠎ᠠ᠃    ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠤᠨ ᠬᠠᠮᠢᠶ᠎ᠠ ᠪᠦᠬᠦᠢ ᠠᠵᠢᠯ ᠢ ᠲᠦᠷᠦᠭᠦᠯᠡᠨ ᠠᠬᠢᠭᠤᠯᠬᠤ ᠶᠢ ᠬᠠᠷᠢᠭᠤᠴᠠᠨ᠎ᠠ᠃ ᠠᠷᠢᠬᠢᠨ ᠤ ᠵᠦᠢᠯ ᠤᠨ ᠭᠦᠢᠯᠭᠡᠭᠡᠨ ᠤ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠲᠥᠷᠥ ᠶᠢᠨ ᠪᠣᠳᠣᠯᠭ᠎ᠠ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠃    ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠠᠭᠤᠷᠮᠠᠭ ᠮᠠᠭᠤ ᠲᠠᠸᠠᠷ ᠦᠢᠯᠡᠳᠴᠦ ᠪᠣᠷᠣᠯᠠᠭᠤᠯᠤᠭᠰᠠᠨ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠠᠵᠢᠯ ᠢ ᠡᠭᠦᠷᠭᠡᠯᠡᠵᠦ᠂ ᠠᠷᠢᠬᠢᠨ ᠤ ᠵᠦᠢᠯ ᠤᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠠ ᠠᠷᠢᠬᠢᠨ ᠤ ᠵᠦᠢᠯ ᠤᠨ ᠢᠳᠡᠭᠡᠨ ᠤ ᠠᠮᠤᠷ ᠲᠦᠪᠰᠢᠨ ᠢ ᠬᠠᠷᠢᠭᠤᠴᠠᠨ᠎ᠠ᠃    ︵ᠲᠠᠪᠤ︶ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠵᠠᠬ᠎ᠠ ᠳᠡᠯᠭᠡᠭᠦᠷ ᠤᠨ ᠭᠠᠳᠠᠨᠠᠬᠢ ᠨᠡᠭᠦᠳᠡᠯ ᠳᠡᠯᠭᠡᠭᠦᠷᠴᠢᠨ ᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ᠂ ᠵᠥᠪᠰᠢᠶᠡᠷᠡᠭᠦᠯᠦᠭᠡᠳᠦᠢ ᠪᠠᠷ ᠬᠤᠪᠢ ᠪᠠᠷ ᠢᠶᠠᠨ ᠪᠠᠶᠢᠭᠤᠯᠤᠭᠰᠠᠨ ᠨᠡᠭᠦᠳᠡᠯ ᠡᠵᠡᠩᠨᠡᠯᠲᠡ ᠶᠢᠨ ᠳᠡᠯᠭᠡᠭᠦᠷᠴᠢᠨ ᠢ ᠬᠠᠤᠯᠢ ᠶᠣᠰᠣᠭᠠᠷ ᠬᠦᠴᠦᠨ ᠦᠭᠡᠢ ᠪᠣᠯᠭᠠᠨ᠎ᠠ᠃ ᠢᠯᠡ ᠵᠠᠬ᠎ᠠ ᠳᠡᠯᠭᠡᠭᠦᠷ ᠤᠨ ᠳᠡᠯᠭᠡᠭᠦᠷᠴᠢᠨ ᠤ ᠬᠢᠨᠠᠯᠲᠠ ᠬᠠᠮᠢᠶᠠᠷᠤᠯᠲᠠ ᠶᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ᠎ᠠ᠃    ︵ᠵᠢᠷᠭᠤᠭ᠎ᠠ︶ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠲᠠᠮᠠᠬᠠᠢ ᠬᠡᠢ ᠶᠢᠨ ᠲᠦᠩᠰᠡ ᠶᠢ ᠵᠢᠷᠤᠵᠤ ᠲᠥᠯᠥᠪᠯᠡᠬᠦ᠂ ᠦᠢᠯᠡᠳᠬᠦ᠂ ᠰᠠᠪᠠᠯᠠᠬᠤ᠂ ᠬᠡᠷᠡᠭᠯᠡᠬᠦ ᠶᠢ ᠳᠠᠩᠰᠠᠯᠠᠬᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ᠂ ᠬᠡᠷᠡᠭᠯᠡᠭᠡᠨ ᠠᠴᠠ ᠭᠠᠷᠭᠠᠬᠤ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯ ᠮᠠᠨ ᠤ ᠰᠢᠶᠠᠨ ᠤ ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠠᠶᠢᠵᠤ᠂ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ᠵᠢᠷᠭᠤᠳᠤᠭᠠᠷ ᠵᠦᠢᠯ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠪᠠᠶᠢᠭᠤᠯᠤᠨ᠎ᠠ    ︵ᠨᠢᠭᠡ︶ᠶᠡᠷᠦᠩᠬᠡᠶᠢᠯᠡᠭᠰᠡᠨ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠰᠢᠮᠳᠠᠭᠤᠯᠤᠨ ᠪᠠᠶᠢᠴᠠᠭᠠᠬᠤ᠂ ᠳᠠᠩᠰᠠ ᠡᠪᠬᠡᠮᠡᠯ᠂ ᠵᠠᠬᠢᠳᠠᠯ ᠰᠤᠷᠪᠤᠯᠵᠢᠯᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠵᠢᠴᠢ ᠠᠵᠢᠯ ᠦᠢᠯᠡᠰ ᠤᠨ ᠨᠢᠭᠡᠴᠡ ᠶᠢᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠡᠩᠨᠡᠭᠡᠨ ᠤ ᠪᠠᠶᠢᠭᠤᠯᠤᠯᠲᠠ ᠪᠣᠯᠣᠨ ᠭᠠᠳᠠᠭᠠᠳᠤ ᠶᠠᠪᠤᠳᠠᠯ᠂ ᠠᠵᠢᠯᠴᠢᠨ ᠵᠠᠯᠠᠭᠤᠴᠤᠳ ᠡᠮᠡᠭᠲᠡᠶᠢᠴᠦᠳ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠪᠣᠯᠣᠨ ᠬᠠᠷᠢᠶ᠎ᠠ ᠨᠢᠭᠡᠴᠢ ᠶᠢᠨ ᠢᠶᠠᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠬᠠᠮᠢᠶᠠᠷᠤᠯᠲᠠ ᠪᠣᠯᠣᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ︽OA︾ ᠰᠢᠰᠲ᠋ᠧᠮ᠂ ᠬᠡᠰᠡᠭ ᠭᠠᠵᠠᠷ ᠤᠨ ᠰᠦᠯᠵᠢᠶᠡᠨ ᠤ ᠠᠵᠢᠯᠯᠠᠭᠠᠨ ᠵᠡᠷᠭᠡ ᠠᠵᠢᠯ ᠢ ᠡᠭᠦᠷᠭᠡᠯᠡᠨ᠎ᠡ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠠᠯᠪᠠᠨ ᠭᠡᠷ ᠤᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠨ᠎ᠡ᠃    ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠤᠨ ᠪᠣᠳᠠᠲᠠᠢ ᠠᠵᠢᠯ ᠢ ᠡᠭᠦᠷᠭᠡᠯᠡᠨ᠎ᠡ᠃ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠢᠬᠤᠯᠠ ᠶᠡᠭᠡ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠠᠮᠤᠷ ᠲᠦᠪᠰᠢᠨ ᠤ ᠲᠥᠷᠥ ᠶᠢᠨ ᠪᠣᠳᠣᠯᠭ᠎ᠠ ᠴᠢᠭᠯᠡᠯᠲᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠣᠯᠠᠨ ᠰᠠᠯᠠᠭ᠎ᠠ ᠮᠥᠴᠢᠷ ᠤᠨ ᠬᠤᠭᠤᠷᠣᠨᠳᠣᠬᠢ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠶᠠᠪᠤᠴᠠ ᠶᠢᠨ ᠬᠢᠨᠠᠯᠲᠠ ᠬᠠᠮᠢᠶᠠᠷᠤᠯᠲᠠ ᠳᠤᠮᠳᠠᠬᠢ ᠴᠢᠬᠤᠯᠠ ᠶᠡᠭᠡ ᠠᠰᠠᠭᠤᠳᠠᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠢᠳᠡᠭᠡᠨ ᠤ ᠠᠮᠤᠷ ᠲᠦᠪᠰᠢᠨ ᠤ ᠭᠠᠵᠠᠷ ᠣᠷᠣᠨ ᠠᠯᠤᠰᠯᠠᠨ ᠰᠠᠯᠠᠭ᠎ᠠ ᠮᠥᠴᠢᠷ ᠠᠯᠤᠰᠯᠠᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠬᠦ ᠠᠵᠢᠯ ᠢ ᠠᠬᠢᠭᠤᠯᠤᠨ᠎ᠠ᠃ ᠰᠢᠶᠠᠨ ᠰᠢᠶᠠᠩ ᠤᠨ ᠬᠤᠶᠠᠷ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠢᠳᠡᠭᠡᠨ ᠪᠠ ᠡᠮ ᠤᠨ ᠵᠦᠢᠯ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠯᠭᠡᠬᠦ ᠶᠢᠨ ᠬᠠᠮᠲᠤ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠢᠳᠡᠭᠡᠨ ᠪᠠ ᠡᠮ ᠤᠨ ᠵᠦᠢᠯ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠵᠥᠪᠯᠡᠨ ᠲᠣᠭᠲᠠᠭᠠᠬᠤ᠂ ᠰᠢᠯᠭᠠᠨ ᠬᠢᠨᠠᠬᠤ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃    ᠪᠠᠶᠢᠭᠤᠯᠭ᠎ᠠ ᠪᠣᠯᠣᠨ ᠬᠠᠷᠢᠶ᠎ᠠ ᠨᠢᠭᠡᠴᠢ ᠶᠢᠨ ᠡᠳ᠋ ᠤᠨ ᠶᠠᠪᠤᠳᠠᠯ ᠤᠨ ᠠᠵᠢᠯ ᠢ ᠡᠭᠦᠷᠭᠡᠯᠡᠨ᠎ᠡ᠃ ᠡᠭᠦᠨ ᠳᠤ ᠲᠥᠰᠥᠪ ᠪᠠ ᠲᠥᠰᠥᠪ ᠤᠨ ᠭᠦᠢᠴᠡᠳᠬᠡᠯ᠂ ᠭᠠᠶᠢᠯᠢ ᠶᠢᠨ ᠪᠤᠰᠤ ᠣᠷᠣᠯᠭ᠎ᠠ᠂ ᠡᠳ᠋ ᠤᠨ ᠶᠠᠪᠤᠳᠠᠯ ᠤᠨ ᠬᠢᠨᠠᠨ ᠪᠣᠳᠣᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠦᠨᠳᠦᠰᠦᠨ ᠪᠦᠲᠦᠭᠡᠨ ᠪᠠᠶᠢᠭᠤᠯᠤᠯᠲᠠ ᠪᠠ ᠡᠯ᠎ᠡ ᠲᠥᠷᠥᠯ ᠤᠨ ᠪᠡᠯᠡ ᠮᠥᠩᠭᠦ᠂ ᠲᠤᠰᠬᠠᠢ ᠬᠡᠷᠡᠭᠯᠡᠬᠦ ᠰᠠᠭᠤᠷᠢ ᠮᠥᠩᠭᠦ ᠵᠢᠴᠢ ᠦᠢᠯᠡᠳᠴᠦ ᠤᠭᠰᠠᠷᠠᠬᠤ ᠬᠠᠮᠢᠶᠠᠷᠤᠯᠲᠠ ᠶᠢᠨ ᠠᠵᠢᠯ ᠪᠠᠭᠲᠠᠨ᠎ᠠ᠃ ᠡᠯ᠎ᠡ ᠲᠥᠷᠥᠯ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠨᠣᠭᠯᠠᠯ ᠵᠡᠷᠭᠡ ᠪᠡᠯᠡᠳᠬᠡᠮᠵᠢ ᠲᠥᠬᠦᠭᠡᠷᠦᠮᠵᠢ ᠶᠢ ᠲᠣᠬᠢᠷᠠᠭᠤᠯᠬᠤ ᠠᠵᠢᠯ ᠢ ᠡᠭᠦᠷᠭᠡᠯᠡᠨ᠎ᠡ᠃ ᠬᠥᠳᠡᠯᠮᠦᠷᠢ ᠴᠠᠯᠢᠩ᠂ ᠡᠯ᠎ᠡ ᠲᠥᠷᠥᠯ ᠤᠨ ᠳᠠᠭᠠᠳᠬᠠᠯ ᠤᠨ ᠬᠠᠮᠢᠶ᠎ᠠ ᠪᠦᠬᠦᠢ ᠠᠵᠢᠯ ᠪᠣᠯᠣᠨ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃    ᠳᠠᠩᠰᠠᠯᠠᠭᠤᠯᠵᠤ ᠬᠢᠨᠠᠨ ᠵᠥᠪᠰᠢᠶᠡᠷᠡᠬᠦ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠡᠭᠦᠷᠭᠡᠯᠡᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠪᠠ ᠡᠵᠡᠩᠨᠡᠯᠲᠡ ᠶᠢᠨ ᠦᠨᠡᠮᠯᠡᠯ ᠢ ᠬᠠᠷᠭᠤᠭᠤᠯᠤᠨ ᠣᠯᠭᠤᠬᠤ ᠳᠦᠷᠢᠮ ᠤᠨ ᠠᠷᠭ᠎ᠠ ᠬᠡᠮᠵᠢᠶ᠎ᠡ ᠶᠢ ᠥᠷᠨᠢᠭᠦᠯᠬᠦ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠦᠷᠢᠳᠬᠡᠨ ᠳᠠᠩᠰᠠᠯᠠᠬᠤ ᠪᠦᠬᠦ ᠶᠠᠪᠤᠴᠠ ᠶᠢ ᠡᠯᠧᠺᠲᠷᠣᠨᠴᠢᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠦᠷᠢᠳᠬᠡᠨ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠵᠠᠳᠠᠯᠤᠨ ᠢᠯᠡ ᠪᠣᠯᠭᠠᠬᠤ ᠠᠵᠢᠯ ᠢ ᠡᠭᠦᠷᠭᠡᠯᠡᠨ᠎ᠡ᠃ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠬᠤᠪᠢᠶᠠᠨ ᠥᠭᠬᠦ ᠵᠢᠴᠢ ᠦᠨᠡᠮᠯᠡᠯ ᠠᠪᠬᠤ ᠠᠵᠢᠯ ᠢ ᠵᠢᠯᠣᠭᠤᠳᠤᠨ᠎ᠠ᠃ ᠬᠤᠪᠢ ᠶᠢᠨ ᠪᠠ ᠬᠤᠪᠢ ᠶᠢᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠲᠡᠳᠬᠦᠵᠦ᠂ ᠵᠢᠵᠢᠭ ᠪᠢᠴᠢᠯ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠶᠢ ᠪᠠᠶᠢᠭᠤᠯᠤᠨ ᠲᠡᠭᠦᠯᠳᠡᠷᠵᠢᠭᠦᠯᠬᠦ ᠠᠵᠢᠯ ᠢ ᠡᠭᠦᠷᠭᠡᠯᠡᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠤ ᠠᠬᠤᠶᠢᠯᠠᠯ ᠤᠨ ᠪᠦᠷᠢᠳᠬᠡᠨ ᠳᠠᠩᠰᠠᠯᠠᠬᠤ ᠠᠵᠢᠯ ᠥᠷᠨᠢᠭᠦᠯᠬᠦ ᠶᠢ ᠬᠠᠷᠢᠭᠤᠴᠠᠨ ᠵᠢᠯᠣᠭᠤᠳᠤᠨ᠎ᠠ᠃    ᠤᠯᠤᠰ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠷᠥ ᠶᠢᠨ ᠪᠣᠳᠣᠯᠭ᠎ᠠ ᠶᠢ ᠬᠢᠨᠠᠮᠠᠭᠠᠢ ᠬᠡᠷᠡᠭᠵᠢᠭᠦᠯᠵᠦ᠂ ︽ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠵᠡᠷᠭᠡ ᠵᠠᠰᠠᠭ ᠵᠠᠬᠢᠷᠭᠠᠨ ᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ᠂ ᠵᠠᠰᠠᠭ ᠵᠠᠬᠢᠷᠭᠠᠨ ᠤ ᠪᠤᠰᠤ ᠵᠥᠪᠰᠢᠶᠡᠷᠡᠯ ᠤᠨ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠳᠡᠭᠡᠳᠦ ᠱᠠᠲᠤᠨ ᠤ ᠪᠠᠶᠢᠭᠤᠯᠭ᠎ᠠ ᠶᠢᠨ ᠬᠢᠨᠠᠨ ᠵᠥᠪᠰᠢᠶᠡᠷᠡᠬᠦ ᠴᠢᠬᠤᠯᠠᠲᠠᠢ ᠵᠦᠢᠯᠡᠰ ᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ᠃ ︽ᠳᠥᠷᠪᠡ ᠶᠢ ᠰᠠᠯᠭᠠᠬᠤ︾ ᠱᠠᠭᠠᠷᠳᠠᠯᠭ᠎ᠠ ᠶᠣᠰᠣᠭᠠᠷ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ᠂ ᠵᠠᠰᠠᠭ ᠵᠠᠬᠢᠷᠭᠠᠨ ᠤ ᠪᠤᠰᠤ ᠵᠥᠪᠰᠢᠶᠡᠷᠡᠯ ᠤᠨ ᠦᠢᠯᠡᠴᠢᠯᠡᠭᠡᠨ ᠤ ᠵᠦᠢᠯᠡᠰ ︵ᠡᠯ᠎ᠡ ᠲᠥᠷᠥᠯ ᠤᠨ ᠪᠦᠷᠢᠳᠬᠡᠨ ᠳᠠᠩᠰᠠᠯᠠᠬᠤ ᠵᠦᠢᠯᠡᠰ︶ ᠢ ᠭᠦᠢᠴᠡᠳᠬᠡᠬᠦ ᠴᠤᠪᠤᠷᠠᠯ ᠳᠤ ᠲᠣᠬᠢᠷᠠᠭᠤᠯᠤᠯᠲᠠ ᠬᠢᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠠᠯᠠᠭ᠎ᠠ ᠮᠥᠴᠢᠷ ᠤᠨ ᠤᠳᠤᠷᠢᠳᠤᠯᠭ᠎ᠠ ᠶᠢᠨ ᠲᠤᠰᠢᠶᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠯᠦᠭᠡ ᠬᠤᠯᠪᠣᠭᠳᠠᠬᠤ ᠪᠤᠰᠤᠳ ᠵᠦᠢᠯᠡᠰ ᠢ ᠭᠦᠢᠴᠡᠳᠬᠡᠨ᠎ᠡ    ︵ᠬᠤᠶᠠᠷ︶ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠰᠣᠨᠢᠨ ᠮᠡᠳᠡᠭᠡ ᠤᠬᠠᠭᠤᠯᠭ᠎ᠠ ᠶᠢᠨ ᠲᠠᠰᠤᠭ᠃ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠥᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ᠃ ᠬᠠᠤᠯᠢ ᠲᠣᠭᠲᠠᠭᠠᠯ ᠶᠣᠰᠣᠭᠠᠷ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ ᠵᠢᠷᠤᠭᠯᠠᠨ ᠲᠥᠯᠥᠪᠯᠡᠬᠦ᠂ ᠴᠢᠯᠦᠭᠡᠲᠦ ᠲᠠᠰᠤᠯᠤᠯᠲᠠ ᠶᠢᠨ ᠡᠷᠬᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠬᠠᠮᠢᠶ᠎ᠠ ᠪᠦᠬᠦᠢ ᠭᠡᠷᠡᠴᠢᠯᠡᠭᠡ ᠰᠣᠨᠣᠰᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠵᠠᠰᠠᠭ ᠵᠠᠬᠢᠷᠭᠠᠨ ᠤ ᠲᠥᠯᠥᠪᠦᠷᠢ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃    ᠶᠡᠷᠦᠩᠬᠡᠢ ᠲᠥᠯᠥᠪᠯᠡᠭᠡ ᠬᠢᠭᠡᠳ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠢ ᠥᠷᠨᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠵᠣᠬᠢᠴᠠᠭᠤᠯᠤᠨ ᠠᠬᠢᠭᠤᠯᠤᠨ᠎ᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠤᠳᠤᠯᠤᠯ ᠪᠠ ᠶᠡᠷᠦᠩᠬᠡᠶᠢᠯᠡᠭᠰᠡᠨ ᠵᠠᠳᠠᠯᠤᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠤᠮᠳᠠ ᠪᠠ ᠤᠷᠲᠤ ᠬᠤᠭᠤᠴᠠᠭᠠᠨ ᠤ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠬᠦ ᠶᠢᠨ ᠬᠠᠮᠲᠤ ᠵᠢᠯᠣᠭᠤᠳᠤᠨ᠎ᠠ᠃ ᠶᠠᠰᠤ ᠴᠢᠨᠠᠷ ᠤᠨ ᠠᠮᠤᠷ ᠲᠦᠪᠰᠢᠨ᠂ ᠵᠠᠬ᠎ᠠ ᠳᠡᠯᠭᠡᠭᠦᠷ ᠤᠨ ᠡᠮᠬᠢ ᠳᠢᠭᠯᠢᠮ᠂ ᠦᠢᠯᠡᠴᠢᠯᠡᠭᠡᠨ ᠤ ᠬᠥᠭᠵᠢᠯᠲᠡ ᠵᠡᠷᠭᠡ ᠭᠤᠣᠯᠳᠠᠯᠭ᠎ᠠ ᠲᠠᠢ ᠡᠭᠦᠷᠭᠡ ᠶᠢ ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ᠂ ᠵᠢᠴᠢ ᠡᠷᠡᠭᠦᠯ ᠪᠤᠰᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠠᠵᠢᠯ ᠢ ᠥᠷᠨᠢᠭᠦᠯᠦᠨ᠎ᠡ᠃ ᠬᠠᠤᠯᠢ ᠴᠠᠭᠠᠵᠠ ᠬᠠᠤᠯᠢ ᠲᠣᠭᠲᠠᠭᠠᠯ᠂ ᠠᠮᠤᠷ ᠲᠦᠪᠰᠢᠨ ᠤ ᠮᠡᠳᠡᠯᠭᠡ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠬᠠᠤᠯᠢ ᠳᠦᠷᠢᠮ ᠤᠨ ᠪᠠᠶᠢᠭᠤᠯᠤᠯᠲᠠ᠂ ᠬᠠᠤᠯᠢ ᠬᠡᠷᠡᠭᠵᠢᠭᠦᠯᠬᠦ ᠦᠨᠡᠮᠯᠡᠯ ᠢ ᠭᠦᠢᠴᠡᠳᠬᠡᠬᠦ ᠵᠡᠷᠭᠡ ᠠᠵᠢᠯ ᠢ ᠡᠭᠦᠷᠭᠡᠯᠡᠵᠦ᠂ ᠰᠣᠨᠢᠨ ᠮᠡᠳᠡᠭᠡᠨ ᠤ ᠤᠬᠠᠭᠤᠯᠭ᠎ᠠ᠂ ᠰᠣᠨᠢᠨ ᠮᠡᠳᠡᠭᠡ ᠨᠡᠶᠢᠲᠡᠯᠡᠬᠦ ᠵᠢᠴᠢ ︽3.15 ᠳᠡᠯᠡᠬᠡᠢ ᠶᠢᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ︾᠂ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠵᠡᠷᠭᠡ ᠴᠢᠬᠤᠯᠠ ᠶᠡᠭᠡ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃    ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢ ᠠᠬᠢᠭᠤᠯᠤᠨ᠎ᠠ᠃ ᠬᠠᠮᠢᠶ᠎ᠠ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠬᠡᠷᠡᠭᠵᠢᠭᠦᠯᠵᠦ᠂ ᠰᠢᠶᠠᠨ ᠤ ᠶᠠᠰᠤ ᠴᠢᠨᠠᠷ ᠤᠨ ᠰᠠᠭᠤᠷᠢ ᠪᠡᠯᠡᠳᠬᠡᠮᠵᠢ ᠵᠡᠷᠭᠡ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠳᠤᠷᠠᠳᠴᠤ᠂ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠲᠠᠯ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ᠂ ᠦᠷ᠎ᠡ ᠪᠦᠲᠦᠭᠡᠯ ᠤᠨ ᠬᠡᠷᠡᠭᠯᠡᠯᠲᠡ ᠵᠡᠷᠭᠡ ᠠᠵᠢᠯ ᠢ ᠡᠭᠦᠷᠭᠡᠯᠡᠨ᠎ᠡ᠃ ᠪᠦᠬᠦ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃    ᠰᠢᠶᠠᠨ ᠤ ᠵᠠᠰᠠᠭ ᠤᠨ ᠣᠷᠳᠣᠨ ᠤ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠬᠦᠷᠢᠶ᠎ᠡ ᠴᠠᠷᠠᠭ᠎ᠠ ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ︽ᠬᠤᠶᠠᠷ ᠢ ᠰᠤᠭᠤᠴᠢᠬᠤ︾ ᠬᠤᠯᠪᠤᠭᠠᠯᠠᠨ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠠᠬᠢᠭᠤᠯᠬᠤ ᠪᠥᠬᠦ ᠰᠢᠶᠠᠨ ᠤ ᠴᠢᠨᠠᠷᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠠᠷᠢᠭᠤᠴᠠᠨ ᠲᠤᠭᠤᠷᠪᠢᠨ ᠲᠣᠭᠲᠠᠭᠠᠨ᠎ᠠ᠃ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠤᠭᠤᠷᠣᠨᠳᠣᠬᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠠᠬᠢᠭᠤᠯᠬᠤ ᠶᠠᠪᠤᠴᠠ ᠳᠠᠬᠢ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠰᠠᠭᠤᠳᠠᠯ ᠢ ᠨᠢᠭᠡᠳᠦᠯᠲᠡᠢ ᠲᠥᠯᠥᠪᠯᠡᠨ ᠰᠢᠢᠳᠪᠦᠷᠢᠯᠡᠨ᠎ᠡ᠃ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠵᠢᠯᠤᠭᠤᠳᠬᠤ᠂ ᠰᠢᠮᠳᠠᠭᠤᠯᠬᠤ᠂ ᠦᠨᠡᠯᠡᠬᠦ᠂ ᠰᠢᠯᠭᠠᠨ ᠬᠢᠨᠠᠬᠤ ᠶᠢ ᠬᠠᠷᠢᠭᠤᠴᠠᠨ᠎ᠠ᠃    ︽ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠳᠦᠷᠢᠮ ᠤᠨ ᠥᠭᠡᠷᠡᠴᠢᠯᠡᠯᠲᠡ︾ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ ᠳᠡᠭᠡᠳᠦ ᠱᠠᠲᠤᠨ ᠤ ᠰᠠᠯᠠᠭ᠎ᠠ ᠮᠥᠴᠢᠷ ᠤᠨ ︽ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ︾ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ︽ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ︾ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠠᠬᠢᠭᠤᠯᠤᠨ᠎ᠠ᠃    ︵ᠭᠤᠷᠪᠠ︶ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠵᠦ ᠬᠢᠨ᠋ᠠᠨ ᠪᠠᠶᠢᠴᠠᠬᠠᠬᠤ ᠲᠠᠰᠤᠭ᠃ ᠵᠠᠰᠠᠭ ᠵᠠᠬᠢᠷᠭᠠᠨ ᠤ ᠰᠢᠳᠭᠡᠵᠦ ᠲᠣᠷᠭᠠᠬᠤ ᠡᠷᠬᠡ ᠵᠢᠴᠢ ᠲᠡᠭᠦᠨ ᠯᠦᠭᠡ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠡᠷᠬᠡ ᠶᠢ ᠬᠠᠷᠢᠭᠤᠴᠠᠨ ᠬᠡᠷᠡᠭᠵᠢᠭᠦᠯᠦᠨ᠎ᠡ᠂ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠴᠤ ᠰᠢᠢᠳᠪᠦᠷᠢᠯᠡᠬᠦ ᠪᠠ ᠵᠠᠰᠠᠭ ᠵᠠᠬᠢᠷᠭᠠᠨ ᠢᠶᠠᠷ ᠰᠢᠳᠬᠡᠨ ᠲᠣᠷᠭᠠᠬᠤ ᠬᠡᠷᠡᠭ ᠢ ᠬᠡᠷᠡᠭ ᠪᠣᠯᠭᠠᠨ ᠳᠠᠩᠰᠠᠯᠠᠬᠤ᠂ ᠪᠠᠶᠢᠴᠠᠭᠠᠬᠤ᠂ ᠰᠢᠳᠬᠡᠨ ᠲᠣᠷᠭᠠᠬᠤ ᠪᠠᠭᠲᠠᠨ᠎ᠠ᠃ ᠣᠷᠣᠨ ᠪᠦᠰᠡ ᠠᠯᠤᠰᠯᠠᠭᠰᠠᠨ ᠬᠡᠷᠡᠭ ᠢ ᠰᠢᠢᠳᠪᠦᠷᠢᠯᠡᠬᠦ ᠶᠢ ᠬᠠᠪᠰᠤᠷᠤᠨ ᠪᠡᠶᠡᠯᠡᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃    ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠥᠷᠨᠢᠭᠦᠯᠦᠨ᠎ᠡ᠃ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ︵ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠠᠯ᠎ᠠ ᠪᠠᠷ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠪᠠᠭᠲᠠᠨ᠎ᠠ︶ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃    ᠡᠯ᠎ᠡ ᠲᠥᠷᠥᠯ ᠤᠨ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ᠂ ᠪᠠᠶᠢᠴᠠᠭᠠᠨ ᠰᠢᠢᠳᠪᠦᠷᠢᠯᠡᠬᠦ᠂ ᠬᠠᠷᠢᠭᠤ ᠥᠭᠬᠦ ᠵᠡᠷᠭᠡ ᠠᠵᠢᠯ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠯᠪᠣᠭᠳᠠᠯ ᠪᠦᠬᠦᠢ ᠦᠢᠯᠡᠴᠢᠯᠡᠭᠡᠨ ᠤ ᠬᠦᠷᠢᠶᠡᠨ ᠤ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠬᠡᠷᠡᠭᠯᠡᠭᠴᠢᠳ ᠤᠨ ᠠᠰᠠᠭᠤᠨ ᠯᠠᠪᠯᠠᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠪᠠ ᠰᠦᠯᠵᠢᠶᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠬᠡᠷᠡᠭᠯᠡᠭᠡᠨ ᠤ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠪᠠ ᠬᠡᠷᠡᠭᠯᠡᠭᠡᠨ ᠤ ᠣᠷᠴᠢᠨ ᠲᠣᠭᠤᠷᠢᠨ ᠤ ᠦᠨᠡᠯᠡᠯᠲᠡ ᠶᠢᠨ ᠠᠵᠢᠯ ᠢ ᠵᠢᠯᠣᠭᠤᠳᠤᠨ᠎ᠠ᠃ ᠬᠡᠷᠡᠭᠯᠡᠭᠴᠢᠳ ᠤᠨ ᠡᠷᠬᠡ ᠠᠰᠢᠭ ᠤᠨ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃ ᠰᠢᠶᠠᠨ ᠤ ᠬᠡᠷᠡᠭᠯᠡᠭᠴᠢᠳ ᠤᠨ ᠨᠡᠶᠢᠭᠡᠮᠯᠢᠭ ᠤᠨ ᠠᠵᠢᠯ ᠢ ᠡᠭᠦᠷᠭᠡᠯᠡᠨ᠎ᠡ᠃    ︵ᠳᠥᠷᠪᠡ︶ᠵᠠᠬ᠎ᠠ ᠳᠡᠯᠭᠡᠭᠦᠷ ᠤᠨ ᠬᠢᠨ᠋ᠠᠨ ᠬᠠᠮᠢᠶᠠᠷᠬᠤ ᠲᠠᠰᠤᠭ᠃ ᠠᠵᠤ ᠠᠬᠤᠶᠢᠯᠠᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠨ᠎ᠡ᠃ ᠠᠵᠤ ᠠᠬᠤᠶᠢᠯᠠᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠳᠦᠷᠢᠮ ᠵᠢᠴᠢ ᠬᠠᠮᠢᠶ᠎ᠠ ᠪᠦᠬᠦᠢ ᠢᠵᠢ ᠪᠦᠷᠢᠳᠦᠭᠦᠯᠬᠦ ᠳᠦᠷᠢᠮ ᠲᠣᠭᠲᠠᠭᠠᠯ ᠢ ᠨᠠᠶᠢᠳᠠᠪᠤᠷᠢᠵᠢᠭᠤᠯᠵᠤ᠂ ᠪᠣᠳᠠᠲᠠᠢ ᠠᠷᠭ᠎ᠠ ᠬᠡᠮᠵᠢᠶ᠎ᠡ᠂ ᠳᠦᠷᠢᠮ ᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠦᠷᠢᠳᠬᠡᠨ ᠳᠠᠩᠰᠠᠯᠠᠬᠤ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠢᠲᠡᠭᠡᠮᠵᠢ ᠶᠢ ᠲᠥᠷᠥᠯ ᠬᠤᠪᠢᠶᠠᠨ ᠬᠠᠮᠢᠶᠠᠷᠬᠤ ᠪᠠ ᠮᠡᠳᠡᠭᠡ ᠵᠠᠩᠭᠢ ᠶᠢ ᠢᠯᠡ ᠨᠡᠶᠢᠲᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠵᠢᠴᠢ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠤᠨ ᠬᠡᠷᠡᠭᠯᠡᠯᠲᠡ ᠬᠢᠭᠡᠳ ᠬᠠᠮᠠᠭᠠᠯᠠᠯᠲᠠ ᠶᠢᠨ ᠠᠵᠢᠯ ᠢ ᠡᠭᠦᠷᠭᠡᠯᠡᠨ᠎ᠡ᠃ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠪᠠ ︽ᠬᠠᠷ᠎ᠠ ᠲᠠᠩᠰᠠ︾ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠪᠠ ᠢᠯᠡ ᠨᠡᠶᠢᠲᠡᠯᠡᠭᠰᠡᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ ᠡᠳ᠋ᠯᠡᠬᠦ᠂ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢᠨ ᠵᠣᠬᠢᠴᠠᠭᠤᠯᠤᠨ ᠬᠠᠷᠢᠯᠴᠠᠬᠤ ᠵᠡᠷᠭᠡ ᠠᠵᠢᠯ ᠢ ᠡᠭᠦᠷᠭᠡᠯᠡᠨ᠎ᠡ᠃ ᠪᠦᠬᠦ ᠰᠢᠶᠠᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠣᠨ ᠤ ᠮᠡᠳᠡᠭᠦᠯᠦᠯᠲᠡ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠦᠬᠦ ᠰᠢᠶᠠᠨ ᠤ ᠦᠢᠯᠡᠳᠬᠦᠨ ᠤ ᠶᠠᠰᠤ ᠴᠢᠨᠠᠷ ᠤᠨ ᠦᠨᠡᠨᠴᠢ ᠢᠲᠡᠭᠡᠮᠵᠢ ᠶᠢᠨ ᠳᠦᠷᠢᠮ ᠢ ᠨᠠᠶᠢᠳᠠᠪᠤᠷᠢᠵᠢᠭᠤᠯᠬᠤ ᠶᠢ ᠵᠢᠯᠣᠭᠤᠳᠤᠨ᠎ᠠ᠃    ᠦᠨ᠋᠎ᠡ ᠬᠠᠩᠰᠢ ᠶᠢᠨ ᠬᠢᠨ᠋ᠠᠯᠲᠠ ᠪᠠᠶᠢᠴᠠᠬᠠᠯᠲᠠ ᠪᠠ ᠵᠦ᠋ᠶ ᠪᠤᠰᠤ ᠥᠷᠢᠰᠦᠯᠳᠦᠭᠡᠨ ᠢ ᠡᠰᠡᠷᠭᠦᠴᠡᠨ᠎ᠡ᠃ ᠦᠨ᠎ᠡ ᠬᠠᠩᠰᠢ ᠰᠦᠢᠳᠬᠡᠯ ᠬᠤᠷᠢᠶᠠᠯᠲᠠ ᠶᠢᠨ ᠲᠤᠬᠠᠢ ᠬᠢᠨᠠᠯᠲᠠ ᠪᠠᠶᠢᠴᠠᠭᠠᠯᠲᠠ᠂ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠪᠠ ᠭᠠᠭᠴᠠᠭᠠᠷ ᠡᠵᠡᠮᠰᠢᠯ ᠢ ᠡᠰᠡᠷᠭᠦᠴᠡᠬᠦ ᠲᠤᠬᠠᠢ ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠳᠠᠬᠢ ᠪᠠᠶᠢᠴᠠᠭᠠᠯᠲᠠ ᠶᠢᠨ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠡᠵᠡᠩᠨᠡᠭᠴᠢ ᠳᠤ ᠲᠥᠪᠯᠡᠷᠡᠨ ᠭᠠᠭᠴᠠᠭᠠᠷ ᠡᠵᠡᠮᠰᠢᠯ ᠢ ᠡᠰᠡᠷᠭᠦᠴᠡᠬᠦ ᠪᠠᠶᠢᠴᠠᠭᠠᠯᠲᠠ ᠵᠢᠴᠢ ᠪᠤᠰᠤᠳ ᠬᠠᠮᠢᠶ᠎ᠠ ᠪᠦᠬᠦᠢ ᠠᠵᠢᠯ ᠢ ᠬᠢᠬᠦ ᠬᠡᠷᠡᠭᠲᠡᠢ᠃ ᠲᠠᠸᠠᠷ ᠤᠨ ᠦᠨ᠎ᠡ ᠬᠠᠩᠰᠢ᠂ ᠦᠢᠯᠡᠴᠢᠯᠡᠭᠡᠨ ᠤ ᠦᠨ᠎ᠡ ᠬᠠᠩᠰᠢ ᠵᠢᠴᠢ ᠲᠥᠷᠥ ᠶᠢᠨ ᠪᠠᠶᠢᠭᠤᠯᠭ᠎ᠠ᠂ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠨ᠎ᠡ ᠬᠠᠩᠰᠢ ᠰᠦᠢᠳᠬᠡᠯ ᠬᠤᠷᠢᠶᠠᠬᠤ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠪᠣᠯᠣᠨ ᠵᠦᠢ ᠪᠤᠰᠤ ᠥᠷᠢᠰᠦᠯᠳᠦᠭᠡᠨ ᠤ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠰᠢᠭᠤᠳ ᠪᠣᠷᠣᠯᠠᠭᠤᠯᠬᠤ ᠠᠵᠤ ᠠᠬᠤᠶᠢᠯᠠᠯ᠂ ᠰᠢᠭᠤᠳ ᠪᠣᠷᠣᠯᠠᠭᠤᠯᠤᠭᠴᠢ ᠵᠢᠴᠢ ᠰᠢᠭᠤᠳ ᠪᠣᠷᠣᠯᠠᠭᠤᠯᠬᠤ ᠠᠵᠢᠯᠯᠠᠭ᠎ᠠ ᠶᠢ ᠬᠢᠨᠠᠨ ᠬᠠᠮᠢᠶᠠᠷᠬᠤ ᠪᠠ ᠳᠠᠮᠵᠢᠭᠤᠯᠤᠨ ᠪᠣᠷᠣᠯᠠᠭᠤᠯᠬᠤ ᠳᠤ ᠴᠣᠬᠢᠯᠲᠠ ᠥᠭᠬᠦ ᠠᠵᠢᠯ ᠢ ᠡᠭᠦᠷᠭᠡᠯᠡᠨ᠎ᠡ᠃ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃    ᠰᠦᠯᠵᠢᠶᠡᠨ ᠤ ᠠᠷᠠᠯᠵᠢᠶᠠᠨ ᠤ ᠬᠢᠨᠠᠯᠲᠠ ᠬᠠᠮᠢᠶᠠᠷᠤᠯᠲᠠ᠃ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠰᠦᠯᠵᠢᠶᠡᠨ ᠤ ᠠᠷᠠᠯᠵᠢᠶᠠᠨ ᠤ ᠲᠠᠪᠴᠠᠩ ᠪᠠ ᠰᠦᠯᠵᠢᠶᠡᠨ ᠤ ᠡᠵᠡᠩᠨᠡᠯᠲᠡ ᠶᠢᠨ ᠭᠤᠣᠯ ᠴᠣᠭᠴᠠ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠰᠦᠯᠵᠢᠶᠡᠨ ᠤ ᠵᠠᠬ᠎ᠠ ᠳᠡᠯᠭᠡᠭᠦᠷ ᠤᠨ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ᠂ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠬᠤ ᠪᠠ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠭᠡᠷ᠎ᠡ᠂ ᠦᠨ᠎ᠡ ᠬᠠᠶᠠᠨ ᠬᠤᠳᠠᠯᠳᠤᠬᠤ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠬᠦ ᠬᠥᠷᠥᠩᠭᠡ ᠶᠢᠨ ᠪᠡᠷᠢᠴᠠᠭᠠᠨ ᠤ ᠡᠳ᠋ ᠢ ᠳᠠᠩᠰᠠᠯᠠᠬᠤ ᠶᠢ ᠬᠠᠮᠢᠶᠠᠷᠤᠨ᠎ᠠ᠃ ᠰᠦᠯᠵᠢᠶ᠎ᠡ ᠪᠠᠷ ᠬᠤᠭᠤᠯᠠ ᠬᠠᠩᠭᠠᠵᠤ ᠪᠠᠶᠢᠭ᠎ᠠ ᠠᠵᠤ ᠠᠬᠤᠶᠢᠯᠠᠯ ᠢ ᠬᠢᠨᠠᠨ ᠬᠠᠷᠭᠤᠭᠤᠯᠬᠤ᠂ ᠪᠦᠷᠢᠳᠬᠡᠨ ᠳᠠᠩᠰᠠᠯᠠᠬᠤ᠂ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃    ᠵᠠᠷ ᠮᠡᠳᠡᠭᠡᠨ ᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠵᠠᠷ ᠮᠡᠳᠡᠭᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠲᠥᠷᠥᠯ ᠤᠨ ᠵᠠᠷ ᠮᠡᠳᠡᠭᠡ ᠶᠢᠨ ᠠᠵᠢᠯᠯᠠᠭ᠎ᠠ ᠶᠢ ᠬᠢᠨᠠᠨ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠮ ᠤᠨ ᠵᠦᠢᠯ᠂ ᠡᠷᠡᠭᠦᠯᠵᠢᠯ ᠤᠨ ᠢᠳᠡᠭᠡᠨ᠂ ᠡᠮᠴᠢᠯᠡᠭᠡᠨ ᠤ ᠪᠠᠭᠠᠵᠢ ᠬᠡᠷᠡᠭᠰᠡᠯ᠂ ᠠᠨᠠᠭᠠᠬᠤ ᠤᠬᠠᠭᠠᠨ ᠤ ᠣᠨᠴᠠ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ᠂ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠵᠡᠷᠭᠡ ᠵᠠᠷ ᠮᠡᠳᠡᠭᠡ ᠶᠢ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠡᠯ᠎ᠡ ᠲᠥᠷᠥᠯ ᠤᠨ ᠵᠠᠭᠤᠴᠢᠯᠠᠭᠤᠷ ᠤᠨ ᠵᠠᠷ ᠮᠡᠳᠡᠭᠡ ᠨᠡᠶᠢᠲᠡᠯᠡᠭᠰᠡᠨ ᠪᠠᠶᠢᠳᠠᠯ ᠢ ᠬᠢᠨᠠᠨ ᠬᠡᠮᠵᠢᠬᠦ ᠶᠢ ᠵᠣᠬᠢᠶᠠᠨ ᠪᠠᠶᠢᠭᠤᠯᠤᠨ᠎ᠠ᠃ ᠵᠠᠷ ᠮᠡᠳᠡᠭᠡ ᠡᠵᠡᠩᠨᠡᠬᠦ ᠬᠢᠷᠢ ᠭᠡᠮ ᠢ ᠬᠠᠤᠯᠢ ᠶᠣᠰᠣᠭᠠᠷ ᠬᠢᠨᠠᠨ ᠵᠥᠪᠰᠢᠶᠡᠷᠡᠵᠦ᠂ᠬᠤᠯᠪᠣᠭᠳᠠᠯ ᠪᠦᠬᠦᠢ ᠵᠠᠷ ᠮᠡᠳᠡᠭᠡ ᠡᠵᠡᠩᠨᠡᠬᠦ ᠵᠦᠢᠯ ᠢ ᠬᠢᠨᠠᠨ ᠵᠥᠪᠰᠢᠶᠡᠷᠡᠬᠦ ᠬᠡᠷᠡᠭᠲᠡᠢ᠃ ᠵᠠᠷ ᠮᠡᠳᠡᠭᠡ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠪᠠ ᠵᠠᠷ ᠮᠡᠳᠡᠭᠡ ᠶᠢᠨ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠬᠠᠤᠯᠢ ᠠᠴᠠ ᠵᠥᠷᠢᠴᠡᠭᠰᠡᠨ ᠵᠠᠷ ᠮᠡᠳᠡᠭᠡ ᠶᠢᠨ ᠵᠠᠭᠠᠯᠳᠤᠯᠭ᠎ᠠ ᠶᠢ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠢ ᠬᠠᠷᠭᠤᠴᠠᠨ᠎ᠠ᠃    ︵ᠲᠠᠪᠤ︶ᠶᠠᠰᠤ ᠴᠢᠨ᠋ᠠᠷ ᠤᠨ ᠠᠮᠤᠷ ᠲᠣᠪᠰᠢᠨ ᠵᠢᠴᠢ ᠬᠡᠮᠵᠢᠯᠲᠡ ᠶᠢᠨ ᠪᠠᠷᠢᠮᠵᠢᠶ᠎ᠠ ᠬᠢᠨ᠋ᠠᠨ ᠬᠠᠮᠢᠶᠠᠷᠬᠤ ᠲᠠᠰᠤᠭ᠃ ᠶᠠᠰᠤ ᠴᠢᠨᠠᠷ ᠢᠶᠠᠷ ᠰᠢᠶᠠᠨᠢ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠪᠣᠯᠣᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠬᠠᠮᠵᠢᠯᠴᠠᠬᠤ ᠦᠢᠯᠡᠴᠢᠯᠡᠭᠡ ᠵᠢᠴᠢ ᠬᠡᠷᠡᠭᠯᠡᠭᠡᠨ ᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠶᠠᠰᠤ ᠴᠢᠨᠠᠷ ᠤᠨ ᠤᠷᠮᠠᠰᠢᠭᠤᠯᠬᠤ ᠳᠦᠷᠢᠮ ᠤᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠳᠡᠯ ᠢ ᠠᠯᠪᠠᠳᠠᠨ ᠮᠡᠳᠡᠭᠦᠯᠬᠦ ᠳᠦᠷᠢᠮ᠂ ᠵᠡᠷᠡᠮᠳᠡᠭ ᠦᠢᠯᠡᠳᠬᠦᠨ ᠢ ᠡᠭᠡᠭᠦᠯᠦᠨ ᠪᠤᠴᠠᠭᠠᠬᠤ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠪᠠᠷᠢᠯᠭ᠎ᠠ ᠶᠢᠨ ᠲᠥᠬᠦᠭᠡᠷᠦᠮᠵᠢ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠪᠠ ᠦᠢᠯᠡᠳᠬᠦᠨ ᠤ ᠬᠠᠭᠤᠷᠮᠠᠭ ᠢ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠬᠢᠨᠠᠨ ᠰᠢᠨᠵᠢᠬᠦ ᠪᠠ ᠶᠠᠰᠤ ᠴᠢᠨᠠᠷ ᠤᠨ ᠪᠠᠶᠢᠳᠠᠯ ᠳᠤ ᠵᠠᠳᠠᠯᠤᠯᠲᠠ ᠬᠢᠬᠦ ᠶᠢ ᠥᠷᠨᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠶᠠᠰᠤ ᠴᠢᠨᠠᠷ ᠤᠨ ᠠᠮᠤᠷ ᠲᠦᠪᠰᠢᠨ ᠤ ᠠᠳᠡᠯ ᠤᠨ ᠲᠠᠯ᠎ᠠ ᠪᠠᠷ ᠬᠢ ᠪᠠᠶᠢᠴᠠᠭᠠᠨ ᠰᠢᠢᠳᠪᠦᠷᠢᠯᠡᠬᠦ ᠠᠵᠢᠯ ᠢ ᠥᠷᠨᠢᠭᠦᠯᠦᠨ᠎ᠡ᠃    ᠭᠤᠣᠯᠳᠠᠯᠭ᠎ᠠ ᠲᠠᠢ ᠬᠢᠨᠠᠯᠲᠠ ᠲᠠᠯᠪᠢᠬᠤ ᠦᠢᠯᠡᠳᠬᠦᠨ ᠤ ᠭᠠᠷᠴᠠᠭ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢ ᠲᠣᠭᠲᠠᠭᠠᠨ᠎ᠠ᠃ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠬᠢᠨᠠᠨ ᠡᠵᠡᠮᠳᠡᠬᠦ ᠪᠠ ᠲᠥᠷᠥᠯ ᠬᠤᠪᠢᠶᠠᠨ ᠬᠢᠨᠠᠨ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠦᠢᠯᠡᠳᠬᠦᠨ ᠤ ᠶᠠᠰᠤ ᠴᠢᠨᠠᠷ ᠲᠤ ᠠᠵᠢᠯ ᠲᠥᠷᠥᠯ ᠤᠨ ᠴᠢᠨᠠᠷᠲᠠᠢ᠂ ᠲᠤᠰᠬᠠᠢ ᠮᠡᠷᠭᠡᠵᠢᠯ ᠤᠨ ᠴᠢᠨᠠᠷᠲᠠᠢ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠵᠥᠪᠰᠢᠶᠡᠷᠡᠯ ᠤᠨ ᠬᠠᠮᠢᠶᠠᠷᠤᠯᠲᠠ ᠪᠣᠯᠣᠨ ᠢᠳᠡᠭᠡᠨ ᠤ ᠬᠠᠮᠢᠶ᠎ᠠ ᠪᠦᠬᠦᠢ ᠦᠢᠯᠡᠳᠬᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃    ᠬᠠᠤᠯᠢ ᠪᠠᠷ ᠲᠣᠭᠲᠠᠭᠠᠭᠰᠠᠨ ᠬᠡᠮᠵᠢᠭᠦᠷ ᠤᠨ ᠨᠢᠭᠡᠴᠢ ᠪᠠ ᠤᠯᠤᠰ ᠤᠨ ᠬᠡᠮᠵᠢᠭᠦᠷ ᠤᠨ ᠳᠦᠷᠢᠮ ᠢ ᠬᠡᠷᠡᠭᠵᠢᠭᠦᠯᠵᠦ᠂ ᠬᠡᠮᠵᠢᠭᠦᠷ ᠤᠨ ᠪᠠᠷᠢᠮᠵᠢᠶ᠎ᠠ᠂ ᠬᠡᠮᠵᠢᠭᠦᠷ ᠤᠨ ᠪᠠᠷᠢᠮᠵᠢᠶᠠᠲᠤ ᠪᠣᠳᠠᠰ ᠪᠠ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠬᠡᠮᠵᠢᠭᠳᠡᠬᠦᠨ ᠢ ᠳᠠᠮᠵᠢᠭᠤᠯᠵᠤ ᠡᠬᠢ ᠡᠭᠦᠰᠦᠯ ᠢ ᠨᠢ ᠡᠷᠢᠬᠦ ᠪᠠ ᠬᠡᠮᠵᠢᠬᠦ ᠶᠢ ᠬᠠᠷᠢᠴᠠᠭᠤᠯᠬᠤ ᠠᠵᠢᠯ ᠢ ᠵᠣᠬᠢᠶᠠᠨ ᠪᠠᠶᠢᠭᠤᠯᠤᠨ᠎ᠠ᠃ ᠰᠢᠶᠠᠨ ᠤ ᠬᠡᠮᠵᠢᠯᠲᠡ ᠶᠢᠨ ᠮᠡᠷᠭᠡᠵᠢᠯ ᠤᠨ ᠵᠢᠷᠤᠮᠵᠢᠯ ᠤᠨ ᠰᠢᠰᠲ᠋ᠧᠮ ᠢ ᠪᠠᠶᠢᠭᠤᠯᠬᠤ ᠵᠢᠴᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠡᠭᠦᠷᠭᠡᠯᠡᠨ᠎ᠡ᠃ ᠲᠠᠸᠠᠷ ᠤᠨ ᠶᠠᠰᠤ ᠴᠢᠨᠠᠷ᠂ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ ᠡᠭᠦᠷᠭᠡᠯᠡᠵᠦ᠂ ᠬᠡᠮᠵᠢᠯᠲᠡ ᠶᠢᠨ ᠬᠥᠨᠳᠡᠯᠡᠨ ᠠᠴᠠ ᠲᠠᠰᠤᠯᠬᠤ ᠶᠢᠨ ᠪᠠᠶᠢᠴᠠᠭᠠᠨ ᠲᠣᠭᠲᠠᠭᠠᠬᠤ ᠪᠠ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠵᠢᠴᠢ ᠠᠵᠢᠯᠲᠠᠨ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠡᠭᠦᠷᠭᠡᠯᠡᠨ᠎ᠡ᠃ ᠬᠡᠮᠵᠢᠯᠲᠡ ᠶᠢᠨ ᠳ᠋ᠠᠶᠢᠲ᠋ᠠ ᠶᠢᠨ ᠬᠡᠷᠡᠭᠯᠡᠯᠲᠡ ᠶᠢ ᠵᠢᠷᠤᠮᠵᠢᠭᠤᠯᠤᠨ᠎ᠠ᠃    ᠪᠠᠷᠢᠮᠵᠢᠶᠠᠵᠢᠭᠤᠯᠬᠤ ᠠᠵᠢᠯ ᠤᠨ ᠨᠢᠭᠡᠳᠦᠯᠲᠡᠢ ᠬᠠᠮᠢᠶᠠᠷᠤᠯᠲᠠ ᠶᠢ ᠬᠠᠷᠢᠭᠤᠴᠠᠨ᠎ᠠ᠃ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠣᠰ ᠭᠠᠵᠠᠷ ᠣᠷᠣᠨ ᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ᠂ ᠳ᠋ᠤᠭᠠᠷᠯᠠᠬᠤ᠂ ᠨᠡᠶᠢᠲᠡᠯᠡᠬᠦ᠂ ᠬᠢᠨᠠᠯᠲᠠ ᠲᠠᠯᠪᠢᠬᠤ ᠵᠡᠷᠭᠡ ᠠᠵᠢᠯ ᠢ ᠡᠭᠦᠷᠭᠡᠯᠡᠵᠦ᠂ ᠪᠦᠯᠬᠦᠮ ᠤᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠪᠠᠷᠢᠮᠵᠢᠶᠠᠵᠢᠭᠤᠯᠬᠤ ᠲᠤᠷᠰᠢᠯᠲᠠ ᠶᠢᠨ ᠴᠢᠭ ᠤᠨ ᠵᠢᠱᠢᠶ᠎ᠡ ᠦᠵᠡᠭᠦᠯᠬᠦ ᠠᠵᠢᠯ  ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠨᠢᠭᠡᠳᠦᠯᠲᠡᠢ ᠨᠡᠶᠢᠭᠡᠮ ᠤᠨ ᠢᠲᠡᠭᠡᠮᠵᠢ ᠶᠢᠨ ᠣᠷᠣᠯᠠᠬᠤ ᠲᠡᠮᠳᠡᠭ᠂ ᠲᠠᠸᠠᠷ ᠤᠨ ᠵᠢᠷᠤᠭᠠᠰᠤᠨ ᠲᠡᠮᠳᠡᠭ ᠵᠢᠴᠢ ᠢᠯᠭᠠᠬᠤ ᠲᠡᠮᠳᠡᠭ ᠵᠡᠷᠭᠡ ᠠᠵᠢᠯ ᠢ ᠡᠭᠦᠷᠭᠡᠯᠡᠨ᠎ᠡ᠃ ᠪᠠᠷᠢᠮᠵᠢᠶᠠᠵᠢᠭᠤᠯᠤᠨ ᠵᠣᠬᠢᠴᠠᠭᠤᠯᠬᠤ ᠲᠣᠭᠲᠠᠴᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠦᠢᠯᠡᠳ᠋ᠬᠡᠬᠦᠨ ᠤ ᠪᠠᠷᠢᠮᠵᠢᠶ᠎ᠠ ᠶᠢ ᠬᠠᠮᠢᠶᠠᠷᠬᠤ ᠠᠵᠢᠯ ᠢ ᠬᠠᠷᠭᠤᠴᠠᠨ᠎ᠠ᠃    ︵ᠵᠢᠷᠭᠤᠭ᠎ᠠ︶ᠣᠨᠴᠠ ᠲᠣᠷᠤᠯ ᠤᠨ ᠲᠥ᠋ᠬᠦᠭᠡᠷᠦᠮᠵᠢ ᠶᠢᠨ ᠠᠮᠤᠷ ᠲᠣᠪᠰᠢᠨ ᠢ ᠬᠢᠨ᠋ᠠᠨ ᠪᠠᠶᠢᠴᠠᠬᠠᠬᠤ ᠲᠠᠰᠤᠭ᠃ ᠬᠠᠤᠯᠢ ᠶᠣᠰᠣᠭᠠᠷ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠭᠠᠷᠴᠠᠭ ᠶᠣᠰᠣᠭᠠᠷ ᠪᠥᠬᠦ ᠰᠢᠶᠠᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠳᠤ ᠬᠢᠨᠠᠯᠲᠠ ᠲᠠᠯᠪᠢᠵᠤ ᠬᠠᠮᠢᠶᠠᠷᠴᠤ᠂ ᠡᠨᠧᠷᠭᠢ ᠶᠢᠨ ᠬᠤᠷᠣᠭᠳᠠᠯ ᠶᠡᠬᠡᠲᠡᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ᠂ ᠭᠦᠸᠧᠯᠦ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠪᠠ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯᠲᠠᠨ ᠤ ᠠᠵᠢᠯᠲᠠᠨ ᠢ ᠬᠢᠨᠠᠨ ᠬᠠᠮᠢᠶᠠᠷᠤᠨ᠎ᠠ᠃ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠳᠤ ᠬᠠᠮᠵᠢᠯᠴᠠᠬᠤ ᠶᠢᠨ ᠬᠠᠮᠲᠤ ᠳᠡᠯᠭᠡᠷᠡᠭᠦᠯᠦᠨ ᠬᠡᠷᠡᠭᠯᠡᠨ᠎ᠡ᠃    ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠢᠨᠠᠯᠲᠠ ᠬᠠᠮᠢᠶᠠᠷᠤᠯᠲᠠ ᠶᠢᠨ ᠭᠠᠷᠴᠠᠭ ᠤᠨ ᠬᠡᠪᠴᠢᠶᠡᠨ ᠳᠤ ᠣᠷᠣᠭᠤᠯᠤᠭᠰᠠᠨ ᠭᠦᠸᠧᠯᠦ᠂ ᠳᠠᠷᠤᠯᠲᠠᠲᠤ ᠰᠠᠪᠠ᠂ ᠳᠠᠷᠤᠯᠲᠠᠲᠤ ᠬᠤᠭᠤᠯᠠᠢ᠂ ᠴᠠᠬᠢᠯᠭᠠᠨ ᠱᠠᠲᠤ᠂ ᠬᠦᠨᠳᠦ ᠶᠢ ᠡᠷᠭᠦᠬᠦ ᠮᠠᠰᠢᠨ᠂ ᠠᠶᠠᠨᠴᠢᠳ ᠤᠨ ᠲᠡᠭᠡᠭᠡᠪᠦᠷᠢ ᠶᠢᠨ ᠳᠡᠭᠦᠵᠢᠩ ᠵᠠᠮ᠂ ᠲᠣᠮᠣ ᠬᠡᠯᠪᠡᠷᠢ ᠶᠢᠨ ᠵᠤᠭ᠎ᠠ ᠴᠡᠩᠭᠡᠯ ᠤᠨ ᠪᠡᠯᠡᠳᠬᠡᠮᠵᠢ ᠪᠠ ᠲᠠᠯᠠᠪᠤᠷ ᠲᠠᠬᠢ ᠲᠤᠰᠬᠠᠢ ᠮᠡᠷᠭᠡᠵᠢᠯ ᠤᠨ ᠮᠠᠰᠢᠨ ᠲᠡᠷᠭᠡ ᠵᠡᠷᠭᠡ ᠳᠤ ᠬᠠᠤᠯᠢ ᠶᠣᠰᠣᠭᠠᠷ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠥᠷᠨᠢᠭᠦᠯᠦᠨ᠎ᠡ᠃    ᠰᠢᠲᠠᠮᠠᠬᠠᠢ ᠬᠡᠢ ᠶᠢᠨ ᠲᠦᠩᠰᠡ ᠶᠢ ᠵᠢᠷᠤᠭᠯᠠᠨ ᠲᠥᠯᠥᠪᠯᠡᠬᠦ᠂ ᠦᠢᠯᠡᠳᠬᠦ᠂ ᠰᠠᠪᠠᠯᠠᠬᠤ᠂ ᠬᠡᠷᠡᠭᠯᠡᠬᠦ ᠶᠢ ᠳᠠᠩᠰᠠᠯᠠᠬᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ᠂ ᠬᠡᠷᠡᠭᠯᠡᠭᠡᠨ ᠠᠴᠠ ᠭᠠᠷᠭᠠᠬᠤ ᠵᠡᠷᠭᠡ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠳᠤᠯᠤᠭ᠎ᠠ︶ᠶᠡᠷᠦᠩᠬᠡᠶᠢᠯᠡᠨ ᠰᠤᠭᠤᠴᠢᠨ ᠪᠠᠶᠢᠴᠠᠭᠠᠵᠤ ᠰᠢᠯᠭᠠᠬᠤ ᠲᠠᠰᠤᠭ᠃ ᠬᠠᠮᠢᠶ᠎ᠠ ᠪᠦᠬᠦᠢ ᠠᠵᠤ ᠦᠢᠯᠡᠳᠪᠦᠷᠢ ᠶᠢᠨ ᠦᠢᠯᠡᠳᠬᠦᠨ᠂ ᠢᠳᠡᠭᠡᠨ᠂ ᠡᠮ ᠤᠨ ᠵᠦᠢᠯ᠂ ᠵᠠᠰᠠᠯ ᠴᠢᠮᠡᠭ ᠤᠨ ᠣᠨ᠂ ᠡᠮᠴᠢᠯᠡᠭᠡᠨ ᠤ ᠮᠠᠰᠢᠨ ᠤ ᠠᠶᠤᠯ ᠦᠭᠡᠢ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ ᠬᠢᠷᠢ ᠲᠡᠩᠴᠡᠬᠦ ᠦᠭᠡᠢ ᠦᠢᠯᠡᠳᠬᠦᠨ᠂ ᠢᠳᠡᠭᠡᠨ᠂ ᠡᠮ ᠤᠨ ᠵᠦᠢᠯ᠂ ᠵᠠᠰᠠᠯ ᠴᠢᠮᠡᠭ ᠤᠨ ᠣᠨ᠂ ᠡᠮᠴᠢᠯᠡᠭᠡᠨ ᠤ ᠮᠠᠰᠢᠨ ᠢ ᠬᠢᠨᠠᠨ ᠪᠠᠶᠢᠴᠠᠭᠠᠬᠤ᠂ ᠰᠢᠢᠳᠪᠦᠷᠢᠯᠡᠬᠦ᠂ ᠡᠭᠡᠭᠦᠯᠦᠨ ᠪᠤᠴᠠᠭᠠᠬᠤ ᠠᠵᠢᠯ ᠢ ᠰᠢᠮᠳᠠᠭᠤᠯᠤᠨ ᠵᠢᠯᠣᠭᠤᠳᠤᠨ᠎ᠠ᠃ ᠲᠠᠸᠠᠷ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠦᠨᠡᠯᠡᠯᠲᠡ ᠶᠢᠨ ᠴᠢᠨᠠᠷᠲᠠᠢ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ᠂ ᠲᠦᠭᠰᠢᠭᠦᠷᠢ ᠶᠢ ᠰᠣᠯᠢᠯᠴᠠᠬᠤ ᠪᠠ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠦᠭᠰᠢᠭᠦᠷᠢ ᠶᠢ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ᠃    ᠭᠡᠷᠡᠴᠢᠯᠡᠵᠦ ᠵᠥᠪᠰᠢᠶᠡᠷᠡᠬᠦ ᠪᠠ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠨ᠎ᠡ᠃ ᠰᠠᠶᠢᠨ ᠳᠤᠷ᠎ᠠ ᠶᠢᠨ ᠴᠢᠨᠠᠷᠲᠠᠢ ᠭᠡᠷᠡᠴᠢᠯᠡᠬᠦ ᠪᠠ ᠠᠯᠪᠠᠳᠠᠯᠭ᠎ᠠ ᠶᠢᠨ ᠴᠢᠨᠠᠷᠲᠠᠢ ᠦᠢᠯᠡᠳᠬᠦᠨ ᠤ ᠭᠡᠷᠡᠴᠢᠯᠡᠭᠡ ᠶᠢᠨ ᠠᠵᠢᠯ ᠢ ᠬᠢᠨᠠᠨ ᠬᠠᠮᠢᠶᠠᠷᠴᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠠᠵᠢᠯ ᠲᠥᠷᠥᠯ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠥᠭᠡᠷᠡᠴᠢᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃    ᠡᠯ᠎ᠡ ᠲᠥᠷᠥᠯ ᠤᠨ ᠦᠢᠯᠡᠳᠬᠦᠨ ᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠵᠢᠴᠢ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠦᠢᠯᠡᠳᠬᠦᠨ ᠤ ᠮᠠᠭᠤ ᠤᠷᠪᠠᠯ ᠢ ᠬᠢᠨᠠᠨ ᠬᠡᠮᠵᠢᠬᠦ ᠵᠡᠷᠭᠡ ᠠᠵᠢᠯ ᠢ ᠡᠭᠦᠷᠭᠡᠯᠡᠨ᠎ᠡ᠃    ︵ᠨᠠᠢᠮᠠ︶ᠢᠳᠡᠭᠡᠨ ᠤ ᠠᠮᠤᠷ ᠲᠣᠪᠰᠢᠨ ᠤ ᠬᠢᠨ᠋ᠠᠯᠲᠠ ᠬᠠᠮᠢᠶᠠᠷᠤᠯᠲᠠ ᠶᠢᠨ ᠲᠠᠰᠤᠭ᠃ ᠦᠢᠯᠡᠳᠪᠦᠷᠢᠯᠡᠯ ᠤᠨ ᠬᠦᠷᠢᠶᠡᠨ ᠳᠠᠬᠢ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠵᠠᠳᠠᠯᠤᠨ ᠡᠵᠡᠮᠰᠢᠵᠦ᠂ ᠢᠳᠡᠭᠡᠨ ᠤ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠪᠠ ᠢᠳᠡᠭᠡᠨ ᠦᠢᠯᠡᠳᠪᠦᠷᠢᠯᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠦᠷᠢᠮ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠵᠢᠴᠢ ᠵᠢᠵᠢᠭ ᠦᠢᠯᠡᠳᠬᠡᠯ ᠤᠨ ᠭᠠᠵᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠢ ᠵᠢᠯᠣᠭᠤᠳᠤᠨ ᠢᠳᠡᠭᠡᠨ ᠤ ᠠᠮᠤᠷ ᠲᠦᠪᠰᠢᠨ ᠤ ᠮᠥᠷᠳᠡᠨ ᠨᠡᠬᠡᠮᠵᠢᠯᠡᠵᠦ ᠪᠣᠯᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠦᠢᠯᠡᠳᠪᠦᠷᠢᠯᠡᠵᠦ ᠪᠣᠯᠪᠠᠰᠤᠷᠠᠭᠤᠯᠬᠤ ᠵᠠᠩᠭᠢᠯᠠᠭ᠎ᠠ ᠶᠢᠨ ᠢᠳᠡᠭᠡᠨ ᠤ ᠠᠶᠤᠯ ᠦᠭᠡᠢ ᠶᠢᠨ ᠬᠠᠮᠢᠶᠠᠷᠤᠯᠲᠠ ᠶᠢᠨ ᠵᠢᠷᠤᠮᠵᠢᠯ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃    ᠭᠦᠢᠯᠭᠡᠭᠡᠨ ᠤ ᠬᠦᠷᠢᠶᠡᠨ ᠳᠠᠬᠢ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠵᠠᠳᠠᠯᠤᠨ ᠡᠵᠡᠮᠰᠢᠵᠦ᠂ ᠢᠳᠡᠭᠡᠨ ᠤ ᠭᠦᠢᠯᠭᠡᠭᠡᠨ᠂ ᠵᠠᠬ᠎ᠠ ᠳᠡᠯᠭᠡᠭᠦᠷ ᠤᠨ ᠪᠣᠷᠣᠯᠠᠭᠤᠯᠤᠨ ᠬᠤᠳᠠᠯᠳᠤᠬᠤ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠢᠨᠠᠯᠲᠠ ᠬᠠᠮᠢᠶᠠᠷᠤᠯᠲᠠ ᠪᠣᠯᠣᠨ ᠢᠳᠡᠭᠡᠨ ᠤ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠦᠷᠢᠮ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠵᠢᠯᠣᠭᠤᠳᠤᠨ᠎ᠠ᠃    ᠢᠳᠡᠭᠡᠨ ᠤᠮᠳᠠᠭᠠᠨ ᠤ ᠦᠢᠯᠡᠴᠢᠯᠡᠭᠡᠨ ᠤ ᠭᠤᠭᠴᠤᠭ᠎ᠠ ᠶᠢᠨ ᠢᠳᠡᠭᠡᠨ ᠤ ᠠᠮᠤᠷ ᠲᠦᠪᠰᠢᠨ ᠤ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠡᠵᠡᠮᠰᠢᠬᠦ ᠶᠢᠨ ᠬᠠᠮᠲᠤ ᠰᠠᠨᠠᠭᠤᠯᠭ᠎ᠠ ᠳᠤᠷᠠᠳᠤᠨ᠎ᠠ᠃ ᠢᠳᠡᠭᠡᠨ ᠤᠮᠳᠠᠭᠠᠨ ᠤ ᠦᠢᠯᠡᠴᠢᠯᠡᠭᠡᠨ ᠤ ᠭᠤᠭᠴᠤᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠪᠠ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠦᠷᠢᠮ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠵᠢᠯᠣᠭᠤᠳᠤᠨ᠎ᠠ᠃ ᠢᠳᠡᠭᠡᠨ ᠤᠮᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠴᠢᠬᠤᠯᠠ ᠶᠡᠭᠡ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃    ᠡᠷᠡᠭᠦᠯᠵᠢᠯ ᠤᠨ ᠢᠳᠡᠭᠡᠨ᠂ ᠠᠨᠠᠭᠠᠬᠤ ᠤᠬᠠᠭᠠᠨ ᠤ ᠣᠨᠴᠠᠭᠠᠢ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ ᠪᠠ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠵᠡᠷᠭᠡ ᠣᠨᠴᠠᠭᠠᠢ ᠢᠳᠡᠭᠡᠨ ᠤ ᠬᠦᠷᠢᠶᠡᠨ ᠳᠠᠬᠢ ᠠᠮᠤᠷ ᠲᠦᠪᠰᠢᠨ ᠤ ᠪᠠᠶᠢᠳᠠᠯ ᠢ ᠵᠠᠳᠠᠯᠤᠨ ᠡᠵᠡᠮᠰᠢᠵᠦ᠂ ᠣᠨᠴᠠᠭᠠᠢ ᠢᠳᠡᠭᠡᠨ ᠢ ᠵᠥᠪᠰᠢᠶᠡᠷᠡᠬᠦ᠂ ᠳᠠᠩᠰᠠᠯᠠᠬᠤ᠂ ᠬᠢᠨᠠᠵᠤ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠰᠢᠨ ᠤ ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ᠢᠳᠡᠭᠡᠨ ᠤ ᠠᠶᠤᠯ ᠦᠭᠡᠢ ᠶᠢᠨ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠮᠵᠢᠯᠴᠠᠨ ᠥᠷᠨᠢᠭᠦᠯᠬᠦ ᠬᠡᠷᠡᠭᠲᠡᠢ᠃    ︵ᠶᠢᠰᠦ︶ ᠡᠮ ᠤᠨ ᠪᠠᠭᠠᠵᠢ ᠬᠡᠷᠡᠭᠰᠡᠯ ᠠᠶᠤᠯᠭᠦᠢ ᠶᠢᠨ ᠬᠢᠨᠠᠨ ᠬᠠᠮᠢᠶᠠᠷᠤᠯᠲᠠ ᠶᠢᠨ ᠲᠠᠰᠤᠭ᠃ ᠡᠮ ᠤᠨ ᠵᠦᠢᠯ ( ᠮᠣᠩᠭᠤᠯ ᠡᠮ᠂ ᠬᠢᠲᠠᠳ ᠡᠮ ᠵᠡᠷᠭᠡ ᠦᠨᠳᠦᠰᠦᠲᠡᠨ ᠤ ᠡᠮ ᠤᠨ ᠨᠠᠶᠢᠷᠠᠯᠭ᠎ᠠ ᠶᠢ ᠬᠡᠷᠡᠭᠵᠢᠭᠦᠯᠵᠦ᠂ ᠳᠣᠷᠣᠭᠰᠢ ᠠᠳᠠᠯᠢ ) ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ  ᠢ ᠬᠢᠨᠠᠯᠲᠠ ᠲᠠᠯᠪᠢᠨ ᠬᠡᠷᠡᠭᠵᠢᠭᠦᠯᠬᠦ ᠶᠢ ᠬᠠᠷᠢᠭᠤᠴᠠᠨ᠎ᠠ᠃ ᠵᠣᠷ ᠤᠨ ᠡᠮ ᠪᠣᠯᠣᠨ ᠵᠣᠷ ᠤᠨ ᠪᠤᠰᠤ ᠡᠮ ᠢ ᠲᠥᠷᠥᠯ ᠬᠤᠪᠢᠶᠠᠨ ᠬᠠᠮᠢᠶᠠᠷᠬᠤ ᠳᠦᠷᠢᠮ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠡᠮᠴᠢᠯᠡᠭᠡᠨ ᠤ ᠬᠡᠷᠡᠭᠰᠡᠯ᠂ ᠮᠢᠨᠴᠦᠭᠦᠷᠡᠭᠦᠯᠬᠦ ᠡᠮ ᠤᠨ ᠵᠦᠢᠯ᠂ ᠮᠡᠳᠡᠷᠡᠯ ᠤᠨ ᠡᠮ ᠤᠨ ᠵᠦᠢᠯ᠂ ᠰᠠᠴᠤᠷᠠᠭ ᠴᠢᠨᠠᠷᠲᠠᠢ ᠡᠮ ᠤᠨ ᠵᠦᠢᠯ᠂ ᠬᠤᠣᠷ ᠲᠠᠶᠢᠯᠬᠤ ᠡᠮ ᠤᠨ ᠵᠦᠢᠯ ᠤᠨ ᠲᠥᠷᠥᠯ  ᠢ ᠬᠢᠯᠪᠠᠷᠬᠠᠨ ᠬᠢᠬᠦ ᠬᠢᠮᠢ ᠶᠢᠨ ᠡᠳ᠋ ᠤᠨ ᠡᠵᠡᠩᠨᠡᠯᠲᠡ ᠶᠢ ᠬᠠᠤᠯᠢ ᠶᠣᠰᠣᠭᠠᠷ ᠬᠢᠨᠠᠨ ᠬᠠᠮᠢᠶᠠᠷᠤᠨ᠎ᠠ᠃ ᠮᠣᠩᠭᠤᠯ ᠬᠢᠲᠠᠳ ᠡᠮ ᠤᠨ ᠮᠠᠲ᠋ᠧᠷᠢᠶᠠᠯ ᠤᠨ ᠲᠤᠰᠬᠠᠢ ᠵᠠᠬ᠎ᠠ ᠳᠡᠯᠭᠡᠭᠦᠷ  ᠢ ᠬᠢᠨᠠᠨ ᠬᠠᠮᠢᠶᠠᠷᠤᠨ᠎ᠠ᠃ ᠬᠢᠨᠠᠯᠲᠠ ᠲᠠᠯᠪᠢᠨ ᠬᠡᠷᠡᠭᠵᠢᠭᠦᠯᠬᠦ ᠮᠣᠩᠭᠤᠯ︵ᠳᠤᠮᠳᠠᠳᠤ︶︶ ᠡᠮ ᠤᠨ ᠬᠠᠮᠠᠬᠠᠯᠠᠯᠲᠠ ᠶᠢᠨ ᠳᠦ᠋ᠷᠢᠮ᠃ ᠡᠮ ᠤᠨ ᠵᠦᠢᠯ ᠢ ᠡᠵᠡᠩᠨᠡᠬᠦ᠂ ᠬᠡᠷᠡᠭᠯᠡᠬᠦ ᠭᠤᠭᠴᠤᠭ᠎ᠠ ᠶᠢᠨ ᠲᠤᠬᠠᠢ ᠶᠢᠨ ᠲᠠᠯᠠᠪᠠᠶ ᠳᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠢ ᠬᠡᠷᠡᠭᠯᠡᠬᠦ ᠶᠠᠰᠤ ᠴᠢᠨᠠᠷ ᠢ ᠬᠢᠨᠠᠨ ᠬᠠᠮᠢᠶᠠᠷᠬᠤ ᠪᠠ ᠡᠮ ᠤᠨ ᠥᠷᠥᠭᠡ ᠶᠢ ᠵᠢᠷᠤᠮᠵᠢᠭᠤᠯᠤᠨ ᠬᠠᠮᠢᠶᠠᠷᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠭᠦᠢᠯᠭᠡᠭᠡᠨ ᠤ ᠵᠠᠩᠭᠢᠯᠠᠭ᠎ᠠ ᠳᠤ ᠤᠯᠤᠰ ᠤᠨ ᠦᠨᠳᠦᠰᠦᠨ ᠡᠮ ᠤᠨ ᠳᠦᠷᠢᠮ ᠢ ᠬᠡᠷᠡᠭᠵᠢᠭᠦᠯᠦᠨ᠎ᠡ᠃    ᠵᠠᠰᠠᠯ ᠴᠢᠮᠡᠭ ᠤᠨ ᠡᠳ᠋ ᠶᠢᠨ ᠦᠢᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ ᠵᠠᠩᠭᠢᠯᠠᠭ᠎ᠠ ᠶᠢᠨ ᠳᠦᠷᠢᠮ ᠲᠣᠭᠲᠠᠭᠠᠯ᠂ ᠪᠠᠷᠢᠮᠵᠢᠶ᠎ᠠ᠂ ᠮᠡᠷᠭᠡᠵᠢᠯ ᠤᠨ ᠵᠢᠷᠤᠮᠵᠢᠯ᠂ ᠲᠥᠷᠥᠯ ᠬᠤᠪᠢᠶᠠᠬᠤ ᠳᠦᠷᠢᠮ ᠪᠣᠯᠣᠨ ᠮᠡᠷᠭᠡᠵᠢᠯ ᠤᠨ ᠵᠢᠯᠤᠭᠤᠳᠬᠤ ᠵᠠᠷᠴᠢᠮ ᠳᠤ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠦᠢᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ ᠲᠠᠯ᠎ᠠ ᠶᠢᠨ ᠲᠤᠬᠠᠢ ᠶᠢᠨ ᠭᠠᠵᠠᠷ ᠲᠤᠨᠢ ᠬᠢᠨᠠᠨ ᠬᠠᠮᠢᠶᠠᠷᠬᠤ ᠶᠢ ᠵᠣᠬᠢᠶᠠᠨ ᠪᠠᠶᠢᠭᠤᠯᠬᠤ᠂ ᠬᠡᠷᠡᠭᠵᠢᠭᠦᠯᠬᠦ ᠪᠠ ᠵᠢᠯᠤᠭᠤᠳᠬᠤ ᠶᠢ ᠬᠠᠷᠢᠭᠤᠴᠠᠨ᠎ᠠ᠃    ᠬᠠᠷᠢᠶᠠᠲᠤ ᠣᠷᠣᠨ ᠤ ᠳᠣᠲᠣᠷᠠᠬᠢ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠠᠷᠢᠶ᠎ᠠ ᠣᠷᠣᠨ ᠤ ᠳᠣᠲᠣᠷᠠᠬᠢ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠬᠠᠮᠢᠶᠠᠷᠬᠤ ᠠᠷᠭ᠎ᠠ ᠬᠡᠮᠵᠢᠶ᠎ᠡ᠂ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠮᠴᠢᠯᠡᠭᠡᠨ ᠤ ᠮᠠᠰᠢᠨ ᠪᠠᠭᠠᠵᠢ ᠡᠵᠡᠩᠨᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠪᠠ ᠬᠡᠷᠡᠭᠯᠡᠬᠦ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠠ ᠵᠢᠯᠣᠭᠤᠳᠤᠨ᠎ᠠ᠃ ᠡᠮᠴᠢᠯᠡᠭᠡᠨ ᠤ ᠮᠠᠰᠢᠨ ᠪᠠᠭᠠᠵᠢ ᠦᠢᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ ᠵᠠᠩᠭᠢᠯᠠᠭ᠎ᠠ ᠶᠢᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠰᠦᠯᠵᠢᠶ᠎ᠡ ᠪᠠᠷ ᠪᠣᠷᠣᠯᠠᠭᠤᠯᠤᠭᠰᠠᠨ ᠡᠮᠴᠢᠯᠡᠭᠡᠨ ᠤ ᠪᠠᠭᠠᠵᠢ ᠬᠡᠷᠡᠭᠰᠡᠯ ᠢ ᠬᠠᠤᠯᠢ ᠶᠣᠰᠣᠭᠠᠷ ᠬᠢᠨᠠᠨ ᠬᠠᠮᠢᠶᠠᠷᠤᠨ᠎ᠠ᠃    ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ᠂ ᠵᠠᠰᠠᠯ ᠴᠢᠮᠡᠭ ᠤᠨ ᠣᠨ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠮᠵᠢᠯᠴᠠᠨ ᠥᠷᠨᠢᠭᠦᠯᠦᠨ᠎ᠡ᠃    ︵ᠠᠷᠪᠠ︶ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢ ᠬᠢᠨᠠᠨ ᠬᠠᠮᠢᠶᠠᠷᠬᠤ ᠲᠠᠰᠤᠭ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠰᠢᠶᠠᠨ ᠢ ᠬᠦᠴᠦᠷᠬᠡᠭᠵᠢᠭᠦᠯᠬᠦ ᠪᠠᠶᠢᠭᠤᠯᠤᠯᠲᠠ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠵᠢᠯᠣᠭᠤᠳᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠤᠷᠮᠠᠰᠢᠭᠤᠯᠤᠨ ᠱᠠᠩᠨᠠᠬᠤ᠂ ᠡᠭᠦᠳᠦᠨ ᠪᠠᠶᠢᠭᠤᠯᠵᠤ ᠬᠡᠷᠡᠭᠯᠡᠬᠦ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠵᠠᠳᠠᠯᠤᠨ ᠦᠨᠡᠯᠡᠬᠦ᠂ ᠬᠡᠷᠡᠭᠯᠡᠬᠦ ᠵᠢᠴᠢ ᠪᠠᠷᠢᠮᠵᠢᠶᠠᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠡᠭᠦᠷᠭᠡᠯᠡᠨ᠎ᠡ᠃ ᠳᠠᠨᠵᠢᠯᠠᠵᠤ ᠪᠡᠯᠡ ᠲᠣᠬᠢᠷᠠᠭᠤᠯᠬᠤ᠂ ᠳᠠᠯᠳᠠ ᠡᠳ᠋ ᠬᠥᠷᠥᠩᠭᠡ ᠶᠢ ᠦᠨᠡᠯᠡᠨ ᠵᠢᠱᠢᠬᠦ ᠵᠢᠴᠢ ᠰᠢᠶᠠᠨ ᠤ ᠳᠣᠲᠣᠷᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠤᠰᠤᠳ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ ᠵᠢᠯᠤᠭᠤᠳᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃    ᠲᠠᠸᠠᠷ ᠤᠨ ᠲᠡᠮᠳᠡᠭ ᠪᠠ ᠲᠤᠰᠬᠠᠢ ᠠᠰᠢᠭ ᠢ ᠬᠠᠮᠠᠭᠠᠯᠠᠬᠤ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠳᠦᠷᠢᠮ᠂ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠭ ᠭᠠᠷᠤᠯᠲᠠ ᠶᠢᠨ ᠣᠷᠣᠨ ᠤ ᠭᠠᠵᠠᠷ ᠵᠦᠢ ᠶᠢᠨ ᠲᠡᠮᠳᠡᠭ ᠢ ᠭᠤᠶᠤᠴᠢᠯᠠᠨ ᠭᠦᠢᠴᠡᠳᠬᠡᠬᠦ᠂ ᠬᠠᠮᠠᠭᠠᠯᠠᠬᠤ ᠵᠡᠷᠭᠡ ᠠᠵᠢᠯ ᠢ ᠡᠭᠦᠷᠭᠡᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠠᠷᠭᠤᠯᠳᠤᠭᠠᠨ᠂ ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ ᠵᠡᠷᠭᠡ ᠠᠵᠢᠯ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠬᠢᠨᠠᠨ ᠬᠠᠮᠢᠶᠠᠷᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠬᠤ ᠰᠢᠰᠲ᠋ᠧᠮᠵᠢ ᠪᠠ ᠬᠠᠤᠯᠢ ᠬᠡᠷᠡᠭᠵᠢᠭᠦᠯᠬᠦ ᠬᠠᠮᠵᠢᠯᠴᠠᠬᠤ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠤᠨ᠎ᠠ᠃    ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠨᠡᠷᠡᠲᠦ ᠲᠠᠸᠠᠷ ᠤᠨ ᠲᠡᠮᠳᠡᠭ  ᠢ ᠵᠣᠬᠢᠶᠠᠨ ᠪᠠᠶᠢᠭᠤᠯᠤᠨ ᠦᠨᠡᠮᠰᠢᠬᠦ᠂ ᠠᠯᠳᠠᠷᠲᠤ ᠲᠠᠸᠠᠷ ᠤᠨ ᠲᠡᠮᠳᠡᠭ ᠢ ᠲᠠᠨᠢᠯᠴᠠᠭᠤᠯᠬᠤ᠂ ᠨᠡᠷᠡᠲᠦ ᠲᠠᠸᠠᠷ ᠤᠨ ᠲᠡᠮᠳᠡᠭ  ᠢ ᠭᠤᠶᠤᠴᠢᠯᠠᠨ ᠮᠡᠳᠡᠭᠦᠯᠬᠦ ᠠᠵᠢᠯ  ᠢ ᠬᠠᠷᠢᠭᠤᠴᠠᠨ᠎ᠠ᠃    ᠳᠣᠯᠣᠳᠤᠭᠠᠷ ᠵᠦᠢᠯ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 24 ︵ᠲᠣᠮᠢᠯᠠᠭᠰᠠᠨ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠣᠷᠣᠨ ᠲᠤᠭ᠎ᠠ ᠶᠢ ᠪᠠᠭᠲᠠᠭᠠᠨ᠎ᠠ︶ ᠲᠣᠪᠴᠢᠶᠠᠨ ᠳᠠᠷᠤᠭ᠎ᠠ 1 ︵ᠰᠢᠶᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠪᠠ︶ ᠲᠣᠬᠢᠷᠠᠭᠤᠯᠵᠤ᠂ ᠳᠡᠳ᠋ ᠲᠣᠪᠴᠢᠶᠠᠨ ᠳᠠᠷᠤᠭ᠎ᠠ 3 ᠬᠥᠮᠥᠨ ᠢ ᠲᠣᠬᠢᠷᠠᠭᠤᠯᠤᠨ᠎ᠠ᠃    ᠨᠠᠢᠮᠠᠳᠤᠭᠠᠷ ᠵᠦᠢᠯ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠣᠮᠢᠯᠠᠭᠰᠠᠨ ᠪᠠᠶᠢᠭᠤᠯᠤᠮᠵᠢ 4 ᠪᠠᠶᠢᠨ᠎ᠠ᠃    ᠤᠴᠤᠸᠠᠨ ᠰᠢᠶᠠᠨ ᠤ ᠵᠠᠬ᠎ᠠ ᠳᠡᠯᠭᠡᠭᠦᠷ ᠦᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠳᠤ ᠵᠠᠬ᠎ᠠ ᠳᠡᠯᠭᠡᠭᠦᠷ ᠦᠨ ᠬᠢᠨᠠᠨ ᠬᠠᠮᠢᠶᠠᠷᠤᠯᠲᠠ ᠶᠢᠨ ᠭᠠᠵᠠᠷ ᠤᠨ ᠵᠠᠰᠠᠭ ᠵᠠᠬᠢᠷᠭᠠᠨ ᠤ ᠣᠷᠣᠨ ᠲᠤᠭ᠎ᠠ 4 ᠪᠠᠶᠢᠨ᠎ᠠ᠃    ᠬᠥᠬᠡ ᠡᠷᠭᠢ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠨᠢᠭᠡ ᠰᠠᠭᠤᠷᠢ ᠪᠠᠶᠢᠵᠤ᠂ ᠬᠥᠬᠡ ᠡᠷᠭᠢ ᠪᠠᠯᠭᠠᠰᠤᠨ ᠤ ᠵᠢᠶᠠᠨ ᠺᠠᠩ ᠵᠡᠭᠡᠯᠢ ᠠᠴᠠ ᠬᠤᠶᠢᠰᠢᠬᠢ ᠬᠡᠪᠴᠢᠶ᠎ᠡ ᠶᠢ ᠬᠠᠷᠢᠭᠤᠴᠠᠵᠤ ᠪᠣᠯᠣᠨ᠎ᠠ᠃ ᠵᠠᠰᠠᠭ ᠵᠠᠬᠢᠷᠭᠠᠨ ᠤ ᠣᠷᠣᠨ ᠲᠤᠭ᠎ᠠ ᠨᠢ 2 ᠨᠡᠷ᠎ᠡ᠂ ᠡᠭᠦᠨ ᠳᠤ ᠭᠠᠵᠠᠷ ᠤᠨ ᠳᠠᠷᠤᠭ᠎ᠠ ᠨᠢ 1᠂ ᠳᠡᠳ᠋ ᠳᠠᠷᠤᠭ᠎ᠠ ᠨᠢ 1 ᠪᠣᠢ᠃    ᠬᠥᠬᠡ ᠡᠷᠭᠢ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠤᠶᠠᠳᠤᠭᠠᠷ ᠰᠠᠯᠪᠤᠷᠢ ᠬᠥᠬᠡ ᠡᠷᠭᠢ ᠪᠠᠯᠭᠠᠰᠤᠨ ᠤ ᠵᠢᠶᠠᠨ ᠺᠠᠩ ᠵᠡᠭᠡᠯᠢ ᠠᠴᠠ ᠡᠮᠦᠨᠡᠰᠢᠬᠢ ᠵᠢᠴᠢ ᠪᠠᠯᠭᠠᠰᠤᠨ ᠤ 10 ᠨᠡᠶᠢᠭᠡᠮ ᠲᠣᠭᠤᠷᠢᠭ ᠠᠴᠠ ᠭᠠᠳᠠᠨᠠᠬᠢ ᠬᠠᠷᠢᠶ᠎ᠠ ᠣᠷᠣᠨ ᠤ ᠬᠡᠪᠴᠢᠶ᠎ᠡ ᠶᠢ ᠬᠠᠷᠢᠭᠤᠴᠠᠵᠤ ᠪᠣᠯᠣᠨ᠎ᠠ᠃ ᠵᠠᠰᠠᠭ ᠵᠠᠬᠢᠷᠭᠠᠨ ᠤ ᠣᠷᠣᠨ ᠲᠤᠭ᠎ᠠ ᠨᠢ 2 ᠨᠡᠷ᠎ᠡ᠂ ᠡᠭᠦᠨ ᠳᠤ ᠭᠠᠵᠠᠷ ᠤᠨ ᠳᠠᠷᠤᠭ᠎ᠠ ᠨᠢ 1᠂ ᠳᠡᠳ᠋ ᠳᠠᠷᠤᠭ᠎ᠠ ᠨᠢ 1 ᠪᠣᠢ᠃    ᠬᠠᠷᠠᠭᠤᠯ ᠪᠠᠯᠭᠠᠰᠤ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠨᠢ ᠬᠠᠷᠠᠭᠤᠯ ᠪᠠᠯᠭᠠᠰᠤ᠂ ᠬᠤᠭᠤᠯᠠᠢ ᠠᠭᠤᠯᠠ ᠰᠢᠶᠠᠩ᠂ ᠳᠠᠯᠠᠨ ᠬᠠᠷ᠎ᠠ ᠠᠭᠤᠯᠠ ᠰᠢᠶᠠᠩ᠂ ᠳᠡᠭᠡᠷ᠎ᠡ ᠲᠣᠬᠤᠢ ᠰᠢᠶᠠᠩ ᠤᠨ ᠬᠠᠷᠢᠶ᠎ᠠ ᠲᠣᠭᠤᠷᠢᠭ ᠤᠨ ᠬᠡᠪᠴᠢᠶ᠎ᠡ ᠶᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠣᠷᠣᠨ ᠲᠤᠭ᠎ᠠ ᠨᠢ 2 ᠨᠡᠷ᠎ᠡ᠂ ᠡᠭᠦᠨ ᠳᠤ ᠭᠠᠵᠠᠷ ᠤᠨ ᠳᠠᠷᠤᠭ᠎ᠠ ᠨᠢ 1᠂ ᠳᠡᠳ᠋ ᠳᠠᠷᠤᠭ᠎ᠠ ᠨᠢ 1 ᠪᠣᠢ᠃    ᠪᠠᠷᠠᠭᠤᠨ ᠤᠯᠠᠭᠠᠨᠪᠤᠯᠠᠭ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠪᠠᠷᠠᠭᠤᠨ ᠤᠯᠠᠭᠠᠨᠪᠤᠯᠠᠭ ᠪᠠᠯᠭᠠᠰᠤ᠂ ᠡᠯ ᠹᠧᠨ ᠽᠢ ᠰᠢᠶᠠᠩ᠂ ᠬᠠᠷ᠎ᠠ ᠬᠤᠰᠢᠭᠤ ᠰᠢᠶᠠᠩ᠂ ᠳ᠋ᠧ ᠱᠧᠩ ᠭᠧᠦ ᠰᠢᠶᠠᠩ ᠤᠨ ᠬᠠᠷᠢᠶ᠎ᠠ ᠣᠷᠣᠨ ᠤ ᠬᠡᠪᠴᠢᠶ᠎ᠡ ᠶᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠣᠷᠣᠨ ᠲᠤᠭ᠎ᠠ ᠨᠢ 2 ᠨᠡᠷ᠎ᠡ᠂ ᠡᠭᠦᠨ ᠳᠤ ᠭᠠᠵᠠᠷ ᠤᠨ ᠳᠠᠷᠤᠭ᠎ᠠ ᠨᠢ 1᠂ ᠳᠡᠳ᠋ ᠳᠠᠷᠤᠭ᠎ᠠ ᠨᠢ 1 ᠪᠣᠢ᠃    ᠶᠢᠰᠦᠳᠦᠭᠡᠷ ᠵᠦᠢᠯ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ᠂ ᠣᠷᠣᠨ ᠲᠤᠭ᠎ᠠ ᠵᠡᠷᠭᠡ ᠵᠦᠢᠯᠡᠰ ᠢ ᠠᠰ ᠲᠤᠨᠢ ᠲᠣᠭᠲᠠᠭᠠᠨ᠎ᠠ᠃    ᠠᠷᠪᠠᠳᠤᠭᠠᠷ ᠵᠦᠢᠯ ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠡᠭᠦᠨ ᠢ ᠰᠢᠶᠠᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠲᠣᠭᠲᠠᠭᠰᠠᠨ ᠵᠢᠷᠤᠮ ᠶᠣᠰᠣᠭᠠᠷ ᠭᠦᠢᠴᠡᠳᠬᠡᠨ᠎ᠡ᠃    ᠠᠷᠪᠠᠨ ᠨᠢᠭᠡᠳᠦᠭᠡᠷ ᠵᠦᠢᠯ ᠲᠤᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 27 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠬᠤᠶᠠᠷ᠂ ᠠᠵᠢᠯᠯᠠᠬᠤ ᠭᠠᠵᠠᠷ᠄ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠵᠢᠶᠠᠨ ᠺᠠᠩ ᠵᠡᠭᠡᠯᠢ ᠶᠢᠨ 12 ᠳ᠋ᠤᠭᠠᠷ ᠲᠣᠭᠠᠲᠤ    ᠭᠤᠷᠪᠠ᠂ ᠠᠯᠪᠠᠯᠠᠬᠤ ᠴᠠᠭ᠄ ᠠᠵᠢᠯᠯᠠᠬᠤ ᠡᠳᠦᠷ ᠤᠨ 8᠄ 30-12᠄ 00 14᠄ 30-17᠄ 30    ᠳᠥᠷᠪᠡ᠂ ᠬᠠᠷᠢᠯᠴᠠᠬᠤ ᠠᠷᠭ᠎ᠠ ᠬᠡᠯᠪᠡᠷᠢ᠄ 0471 - 8812425    ᠲᠠᠪᠤ᠂ ᠬᠠᠷᠢᠭᠤᠴᠠᠯᠭᠠᠲᠠᠨ᠄ ᠰᠦᠩ ᠵᠢᠶᠠᠨ ᠴᠢᠶᠣᠣ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号